ᠬᠤᠸᠠᠩ ᠯᠦᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/11/2
      10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠰᠢᠪᠠᠷᠭᠥ᠋ᠷᠢᠶ᠎ᠠ ᠪᠠᠯᠭᠠᠰᠤᠨ ᠤ  ᠰᠠᠶᠢᠬᠤᠰᠠᠤ ᠲᠣᠰᠬᠤᠨ ᠳᠤ ᠭᠦᠨᠵᠡᠭᠡᠶᠢᠷᠡᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃     ᠬᠤᠸᠠᠩ ᠯᠦᠩ ᠦ᠋ ᠴᠢᠤᠸᠠᠨ ᠸᠠᠩ ᠤᠨ ᠭᠡᠷ ᠲᠤ ᠢᠷᠡᠵᠦ᠂ ᠲᠡᠳᠡᠨ ᠲᠠᠢ ᠭᠦᠨᠵᠡᠭᠡᠢ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠣᠷᠣᠯᠭ᠎ᠠ ᠶᠢᠨ ᠢᠷᠡᠯᠳᠡ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ ᠠᠵᠢᠯ ᠤᠯᠬᠤ᠂ ᠡᠮ ᠡᠮᠨᠡᠯᠭᠡ ᠶᠢᠨ ᠪᠠᠲᠤᠯᠠᠭ᠎ᠠ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠪᠣᠳᠠᠲᠠᠢ ᠬᠥᠴᠡᠷᠳᠡᠯ ᠢ ᠯᠠᠪᠯᠠᠨ ᠠᠰᠠᠭᠤᠵᠤ᠂ ᠳᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠪᠡᠶ᠎ᠡ ᠪᠠᠨ ᠭᠠᠮᠨᠠᠵᠤ᠂ ᠬᠠᠮᠲᠤ ᠪᠠᠷ ᠠᠷᠭ᠎ᠠ ᠪᠤᠳᠣᠨ᠂ ᠭᠠᠷᠬᠤ ᠵᠠᠮ ᠡᠷᠢᠵᠦ᠂ ᠬᠦᠴᠢᠷ ᠠᠰᠠᠭᠤᠳᠠᠯ ᠢ ᠰᠢᠢᠳᠪᠥᠷᠢᠯᠡᠵᠥ᠂ ᠠᠮᠢᠳᠤᠷᠠᠯ ᠢᠶᠠᠨ ᠤᠯᠠᠮ ᠠᠴᠠ ᠤᠯᠠᠮ ᠥᠭᠡᠳᠡ ᠡᠰᠡᠷᠡᠭ ᠪᠣᠯᠭᠠᠬᠤ ᠶᠢ ᠵᠣᠷᠢᠭᠵᠢᠭᠤᠯᠪᠠ᠃      ᠬᠤᠸᠠᠩ ᠯᠦᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠣᠯ ᠮᠠᠯᠵᠢᠬᠤ ᠲᠠᠷᠢᠶᠠᠯᠠᠬᠤ ᠣᠷᠣᠨ᠂ ᠮᠠᠯ ᠠᠵᠤ ᠠᠬᠤᠢ ᠲᠠᠷᠢᠶᠠᠯᠠᠩ ᠂ ᠮᠠᠯᠴᠢᠨ ᠲᠠᠷᠢᠶᠠᠴᠢᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠦᠭᠦᠳ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠭᠤᠷᠪᠠᠨ ᠪᠠᠲᠤᠯᠠᠭ᠎ᠠ︾ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号