10 ᠰᠠᠷ᠎ᠠ ᠶᠢᠨ 31 ᠤ ᠡᠳᠦᠷ᠂ ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠮᠠᠨᠳᠤᠯ ᠪᠣᠭᠤᠮᠲᠠ ᠶᠢᠨ ᠢ ᠲᠦᠩ | ᠪᠣᠭᠤᠮᠲᠠ ᠶᠢᠨ ᠭᠠᠶᠢᠯᠢ ᠪᠠᠲᠤᠯᠠᠬᠤ ᠬᠥᠮᠥᠷᠭᠡ ᠪᠣᠭᠤᠮᠲᠠ ᠶᠢᠨ ᠴᠢᠩᠭ᠎ᠠ ᠬᠢᠨᠠᠨ ᠪᠠᠶᠢᠴᠠᠭᠠᠵᠤ ᠰᠢᠯᠭᠠᠨ ᠠᠪᠬᠤ ᠶᠢ | ᠤᠷᠤᠭᠰᠢᠲᠠᠶ ᠥᠩᠭᠡᠷᠡᠪᠡ᠂ ᠡᠨᠡ ᠨᠢ ᠲᠣᠰ ᠭᠠᠶᠢᠯᠢ ᠪᠠᠲᠤᠯᠠᠬᠤ ᠬᠥᠮᠥᠷᠭᠡ ᠨᠢᠭᠡᠨᠲᠡ ᠡᠵᠡᠩᠨᠡᠯᠲᠡ ᠶᠢᠨ ᠬᠢᠷᠢ ᠬᠡᠮ | ᠪᠠ ᠴᠢᠳᠠᠪᠤᠷᠢ ᠶᠢ ᠵᠢᠩᠬᠢᠨᠢ ᠪᠠᠷ ᠪᠦᠷᠢᠯᠳᠦᠭᠦᠯᠦᠭᠰᠡᠨ ᠢ ᠬᠠᠷᠠᠭᠤᠯᠵᠤ ᠪᠠᠶᠢᠨ᠎ᠠ᠃ ᠮᠠᠨᠳᠤᠯ ᠪᠣᠭᠤᠮᠲᠠ ᠴᠤ | ᠵᠢᠩᠬᠢᠨᠢ ᠪᠠᠷ ᠪᠦᠬᠦ ᠣᠷᠣᠨ ᠤ ᠭᠤᠷᠪᠠᠳᠤᠭᠠᠷ᠂ ᠪᠦᠬᠦ ᠬᠤᠳᠠ ᠶᠢᠨ ᠠᠩᠬᠠᠳᠠᠭᠴᠢ ᠵᠡᠰ ᠤᠨ ᠨᠠᠷᠢᠯᠢᠭ ᠨᠤᠨᠲᠠᠭ ᠢ | ᠭᠠᠳᠠᠭᠠᠳᠤ ᠠᠴᠠ ᠣᠷᠣᠭᠤᠯᠬᠤ ᠬᠢᠷᠢ ᠬᠡᠮ ᠲᠠᠢ ᠭᠠᠶᠢᠯᠢ ᠪᠠᠲᠤᠯᠠᠬᠤ ᠬᠥᠮᠥᠷᠭᠡ ᠶᠢᠨ ᠪᠤᠭᠤᠮᠳᠡ ᠪᠣᠯᠪᠠ᠃ | ᠢ ᠲᠦᠩ ᠪᠣᠭᠤᠮᠲᠠ ᠶᠢᠨ ᠭᠠᠶᠢᠯᠢ ᠪᠠᠲᠤᠯᠠᠬᠤ ᠬᠥᠮᠥᠷᠭᠡ ᠶᠢᠨ ᠶᠡᠷᠦᠩᠬᠡᠶ ᠪᠡᠯᠡ ᠣᠷᠣᠭᠤᠯᠤᠯᠲᠠ ᠶᠢᠨ | ᠬᠡᠮᠵᠢᠶ᠎ᠡ 1.92 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠯᠡᠬᠦ ᠲᠠᠯᠠᠪᠠᠶ ᠶᠢ 24.13 ᠲᠦᠮᠡᠨ ᠲᠡᠭᠰᠢ | ᠳᠥᠷᠪᠡᠯᠵᠢᠨ ᠮᠧᠲᠷ ᠢᠶᠠᠷ ᠳᠥᠯᠥᠪᠯᠡᠵᠥ᠂ ᠭᠤᠣᠯᠳᠠᠭᠤ ᠵᠡᠰ ᠤᠨ ᠠᠭᠤᠷᠬᠠᠶ ᠶᠢᠨ ᠨᠤᠨᠳᠠᠭ ᠢ ᠬᠥᠮᠥᠷᠭᠡᠯᠡᠨ | ᠬᠠᠳᠠᠭᠠᠯᠠᠬᠤ᠂ ᠠᠴᠢᠶᠠᠯᠠᠵᠤ ᠪᠠᠭᠤᠯᠭᠠᠬᠤ᠂ ᠲᠡᠷᠭᠡ ᠵᠣᠭᠰᠣᠭᠠᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠬᠠᠮᠤᠷᠪᠠ᠃ | ᠲᠣᠰ ᠭᠠᠶᠢᠯᠢ ᠪᠠᠲᠤᠯᠠᠬᠤ ᠬᠥᠮᠥᠷᠭᠡ ᠨᠢ ᠪᠣᠭᠤᠮᠲᠠ ᠶᠢᠨ ᠵᠡᠰ ᠤᠨ ᠠᠭᠤᠷᠬᠠᠶ ᠶᠢᠨ ᠨᠤᠨᠳᠠᠭ ᠢ ᠭᠠᠳᠠᠭᠠᠳᠤ ᠠᠴᠠ | ᠣᠷᠣᠭᠤᠯᠬᠤ᠂ ᠬᠥᠮᠥᠷᠭᠡᠯᠡᠨ ᠬᠠᠳᠠᠭᠠᠯᠠᠬᠤ᠂ ᠵᠥᠭᠡᠭᠡᠪᠦᠷᠢᠯᠡᠬᠦ ᠵᠢᠴᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠵᠡᠷᠭᠡ | ᠭᠤᠭᠴᠤᠭ᠎ᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠡᠭᠦᠨ ᠤ ᠤᠯᠠᠮ ᠢᠶᠠᠷ ᠭᠠᠵᠠᠷ ᠣᠷᠣᠨ ᠤ | ᠬᠤᠳᠠᠯᠳᠤᠭᠠᠴᠢᠨ ᠢ ᠤᠷᠢᠵᠤ ᠪᠠᠯᠠ ᠣᠷᠣᠭᠤᠯᠬᠤ ᠵᠢᠴᠢ ᠵᠡᠰ ᠤᠨ ᠠᠵᠤ ᠦᠢᠯᠡᠰ ᠤᠨ ᠬᠥᠭᠵᠢᠯᠲᠡ ᠳᠤ ᠡᠬᠢ | ᠪᠠᠶᠠᠯᠢᠭ ᠤᠨ ᠬᠦᠴᠦᠲᠡᠶ ᠪᠠᠲᠤᠯᠠᠭ᠎ᠠ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠲᠠᠪᠴᠠᠩ ᠬᠠᠩᠭᠠᠬᠤ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠮᠠᠨᠳᠤᠯ ᠪᠣᠭᠤᠮᠲᠠ ᠭᠠᠶᠢᠯᠢ ᠪᠠᠲᠤᠯᠠᠬᠤ ᠬᠥᠮᠥᠷᠭᠡ ᠶᠢᠨ ᠵᠠᠩᠭᠢᠯᠠᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠴᠢᠨᠠᠷ | ᠰᠠᠶᠢᠲᠠᠢ ᠭᠠᠶᠢᠯᠢ ᠪᠠᠳᠣᠯᠠᠨ ᠬᠥᠮᠥᠷᠭᠡᠯᠡᠨ ᠬᠠᠳᠠᠭᠠᠯᠠᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠭᠠᠳᠠᠭᠠᠳᠤ | ᠠᠷᠠᠯᠵᠢᠶᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ︽ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ︾ ᠵᠡᠷᠭᠡ ᠤᠳᠤ ᠦᠶ᠎ᠡ ᠶᠢᠨ | ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠵᠤ᠂ | ᠪᠣᠭᠤᠮᠲᠠ ᠶᠢᠨ ᠭᠠᠳᠠᠭᠠᠳᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠨ᠎ᠡ᠃ | |