ᠰᠢᠷᠠᠮᠦ᠋ᠷᠡᠨ ᠪᠠᠯᠭᠠᠰᠤ᠄ ᠬᠤᠳᠠᠯᠳᠤᠭᠠᠴᠢᠨ ᠤᠷᠢᠨ ᠪᠡᠯᠡ ᠣᠷᠣᠭᠤᠯᠵᠤ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/11/2
      10 ᠰᠠᠷ᠎ᠠ ᠶᠢᠨ 31 ᠤ ᠡᠳᠦᠷ᠂ ᠰᠢᠷᠠᠮᠦ᠋ᠷᠡᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠮᠧᠩ ᠼᠤᠤ ᠠᠮᠢ ᠠᠬᠤᠶ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠡᠵᠢᠭᠡᠯ ᠡᠪᠡᠰᠦ ᠳᠠᠷᠢᠬᠤ ᠲᠥᠷᠥᠯ ᠵᠦᠢᠯ ᠤᠨ ᠲᠤᠬᠠᠶ ᠵᠣᠯᠭᠠᠭᠤᠯᠬᠤ ᠶᠠᠷᠢᠯᠴᠠᠬᠤ ᠬᠤᠷᠠᠯ ᠬᠢᠪᠠ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠬᠠᠩᠭᠠᠶ ᠬᠤᠷᠠᠯ ᠢ ᠡᠷᠭᠢᠯᠡᠵᠦ᠂ ᠪᠠᠯᠭᠠᠰᠤᠨ ᠳᠡᠳ᠋ ᠳᠠᠷᠤᠭ᠎ᠠ ᠬᠠᠢ ᠶᠠᠩ᠂ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠬᠠᠨ ᠷᠦᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠪᠤᠶᠠᠨᠲᠤ ᠵᠢᠴᠢ ᠪᠠᠶᠠᠨᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠯᠢ ᠯᠢ ᠮᠢᠩ᠂ ᠮᠧᠩ ᠼᠤᠤ ᠺᠣᠮᠫᠠᠨᠢ ᠶᠢᠨ ᠬᠠᠷᠢᠭᠤᠴᠠᠯᠭᠠᠲᠠᠨ᠂ ᠬᠠᠷᠢᠶᠠᠲᠤ ᠣᠷᠣᠨ ᠤ ᠮᠠᠯᠴᠢᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠣᠷᠴᠢᠨ ᠲᠣᠭᠤᠷᠢᠨ ᠤ ᠳᠠᠪᠠᠭᠤᠯᠢᠭ ᠪᠣᠯᠤᠨ ᠪᠡᠯᠡ ᠣᠷᠣᠭᠤᠯᠤᠯᠲᠠ ᠶᠢᠨ ᠰᠠᠨᠠᠮᠵᠢ ᠶᠢᠨ ᠲᠤᠬᠠᠢ ᠲᠤᠰ ᠲᠤᠰ ᠲᠠᠨᠢᠯᠴᠠᠭᠤᠯᠵᠤ᠂ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠭᠤᠯᠭ᠎ᠠ᠂ ᠠᠬᠢᠭᠤᠯᠬᠤ ᠲᠥᠯᠥᠪᠯᠡᠭᠡ ᠵᠡᠷᠭᠡ ᠶᠢᠨ ᠲᠣᠭᠤᠷᠢᠨ ᠳᠤ ᠭᠦᠨᠵᠡᠭᠡᠢ ᠰᠣᠯᠢᠯᠴᠠᠨ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠬᠠᠮᠲᠤᠷᠠᠯᠴᠠᠭᠠᠨ ᠤ ᠲᠤᠬᠠᠢ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠪᠠ᠃      ᠬᠤᠷᠠᠯ ᠠᠴᠠ᠂ ᠰᠢᠷᠠᠮᠥ᠋ᠷᠡᠨ ᠪᠠᠯᠭᠠᠰᠤ ᠶᠢᠨ ᠬᠢᠨ ᠠᠵᠤ ᠠᠬᠤᠶᠢᠯᠠᠯ ᠳᠤ ᠪᠦᠬᠦ ᠲᠠᠯ᠎ᠠ ᠪᠠᠷ ᠬᠠᠮᠤᠭ ᠤᠨ ᠶᠡᠭᠡ ᠳᠡᠮᠵᠢᠯᠭᠡ ᠦᠵᠡᠭᠦᠯᠵᠦ᠂ ᠲᠦᠷᠦ ᠶᠢᠨ ᠪᠤᠳᠤᠯᠭ᠎ᠠ᠂ ᠭᠠᠵᠠᠷ ᠬᠡᠷᠡᠭᠯᠡᠬᠦ᠂ ᠲᠠᠷᠢᠶᠠᠯᠠᠩ ᠤᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠠᠵᠤ ᠠᠬᠤᠶᠢᠯᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠰᠢᠷᠠᠮᠥ᠋ᠷᠡᠨ ᠪᠠᠯᠭᠠᠰᠤ ᠳᠠᠬᠢ ᠬᠥᠭᠵᠢᠯᠲᠡ ᠳᠤ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠭᠦᠳᠴᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠴᠢᠬᠤᠯᠠᠴᠢᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号