ᠪᠠᠶᠠᠨᠬᠤᠸᠠ ᠪᠠᠯᠭᠠᠰᠤ ︽ᠭᠤᠷᠪᠠᠨ ᠠᠯᠬᠤᠮ ᠢᠶᠠᠷ︾ ︽12345︾ ᠬᠠᠯᠠᠮᠰᠢᠯ ᠤᠲᠠᠰᠤᠨ ᠤ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/11/22
      ᠪᠠᠶᠠᠨᠬᠤᠸᠠ ᠪᠠᠯᠭᠠᠰᠤ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠦᠴᠢᠷᠳᠡᠯ ᠪᠣᠯᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠭᠤᠷᠪᠠᠨ ᠠᠯᠬᠤᠮ ᠢᠶᠠᠷ ᠶᠠᠪᠤᠬᠤ︾ ᠠᠵᠢᠯ ᠤᠨ ᠲᠣᠭᠲᠠᠴᠠ ᠶᠢ ᠬᠡᠷᠡᠭᠯᠡᠨ ︽12345︾ ᠬᠠᠯᠠᠮᠰᠢᠯ ᠤᠲᠠᠰᠤᠨ ᠤ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠵᠦ᠂ ᠪᠦᠲᠦᠮᠵᠢᠲᠡᠢ ᠬᠠᠷᠢᠭᠤᠯᠲᠠ ᠥᠭᠬᠦ ᠪᠠᠷ ᠴᠢᠷᠮᠠᠶᠢᠪᠠ᠃      ᠭᠦᠢᠴᠡᠳᠬᠡᠵᠦ ᠳᠠᠭᠤᠰᠬᠠᠬᠤ ᠶᠣᠰᠣᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2024 ᠣᠨ ᠳᠤ᠂ ᠪᠠᠶᠠᠨᠬᠤᠸᠠ ᠪᠠᠯᠭᠠᠰᠤ ᠨᠡᠶᠢᠲᠡ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ 36 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠴᠥᠮ ᠰᠢᠢᠳᠪᠦᠷᠢᠯᠡᠵᠦ ᠳᠠᠭᠤᠰᠬᠠᠪᠠ᠃ ᠠᠵᠢᠯ ᠤᠨ ᠬᠠᠭᠤᠳᠠᠰᠤ ᠶᠢ ᠬᠤᠷᠢᠶᠠᠨ ᠠᠪᠤᠭᠰᠠᠨ ᠤ ᠳᠠᠷᠠᠭ᠎ᠠ᠂ ᠠᠵᠢᠯᠲᠠᠳ ᠲᠡᠷᠡ ᠳᠠᠷᠤᠶ ᠳᠤᠨᠢ ᠤᠲᠠᠰᠤ ᠪᠠᠷ ᠣᠳᠠᠰᠣ ᠢᠷᠡᠭᠦᠯᠦᠭᠰᠡᠨ ᠳᠤᠬᠠᠢ ᠶᠢᠨ ᠬᠥᠮᠥᠨ ᠠᠴᠠ ᠪᠠᠶᠢᠳᠠᠯ ᠢ ᠣᠶᠢᠯᠠᠭᠠᠵᠤ᠂ ᠬᠢᠨᠠᠨ ᠬᠠᠷᠭᠤᠭᠤᠯᠤᠭᠰᠠᠨ ᠤ ᠳᠠᠷᠠᠭᠠᠬᠢ ᠬᠠᠤᠯᠢ ᠶᠣᠰᠣᠨ ᠤ᠂ ᠵᠦᠶ ᠵᠣᠬᠢᠰᠲᠠᠶ ᠬᠥᠰᠡᠯ ᠱᠠᠭᠠᠷᠳᠠᠯᠭ᠎ᠠ ᠶᠢ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠵᠤ᠂ ᠬᠢᠨᠠᠮᠠᠭᠠᠶ ᠰᠤᠳᠤᠯᠤᠨ ᠰᠢᠢᠳᠪᠦᠷᠢᠯᠡᠬᠦ ᠪᠣᠯᠤᠨ᠎ᠠ᠃ ᠵᠦᠶ ᠵᠤᠬᠢᠰ ᠦᠭᠡᠢ ᠬᠥᠰᠡᠯ ᠱᠠᠭᠠᠷᠳᠠᠯᠭ᠎ᠠ ᠳᠤ ᠪᠠᠶᠢᠴᠠᠭᠠᠯᠲᠠ ᠬᠢᠵᠦ ᠭᠡᠷᠡᠴᠢ ᠠᠪᠬᠤ ᠶᠢᠨ ᠬᠠᠮᠲᠤ ᠤᠳᠠᠰᠤ ᠢᠷᠡᠭᠦᠯᠦᠭᠰᠡᠨ ᠬᠥᠮᠦᠰ ᠲᠠᠢ ᠬᠠᠷᠢᠯᠴᠠᠨ ᠣᠶᠢᠯᠠᠭᠠᠯᠴᠠᠨ ᠳᠠᠶᠢᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢ ᠳᠡᠭᠡᠭᠰᠢ ᠳᠡᠪᠰᠢᠯᠡᠭᠦᠯᠬᠦ ᠪᠠ ᠡᠷᠬᠢᠵᠥ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ︽12345︾ ᠬᠠᠯᠠᠮᠰᠢᠯ ᠤᠲᠠᠰᠤ ᠶᠢ ᠰᠢᠢᠳᠪᠦᠷᠢᠯᠡᠬᠦ ᠴᠠᠭ ᠲᠤᠬᠠᠢᠢᠴᠢ ᠴᠢᠨᠠᠷ ᠢ ᠪᠠᠳᠣᠯᠠᠪᠠ᠃      ᠤᠯᠠᠨ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠨᠠᠮᠳᠠᠭᠤᠯᠵᠤ ᠲᠤᠬᠢᠷᠠᠭᠤᠯᠬᠤ ᠶᠢ ᠴᠢᠩᠭᠠᠳᠬᠠᠪᠠ᠃ ᠪᠠᠶᠠᠨᠬᠤᠸᠠ ᠪᠠᠯᠭᠠᠰᠤ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠠᠷᠭ᠎ᠠ ᠶᠢ ᠠᠪᠴᠤ᠂ ᠲᠤᠬᠠᠶᠢᠯᠠᠪᠠᠯ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠲᠦᠷᠦᠭᠦᠯᠡᠨ᠂ ᠬᠢᠯᠢ ᠶᠢᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ᠂ ᠰᠢᠭᠦᠭᠴᠢ ᠶᠢᠨ ᠠᠵᠢᠯ ᠤᠨ ᠥᠷᠲᠡᠭᠡ ᠶᠢᠨ ︽ᠳᠥᠷᠪᠡ ᠶᠢ ᠨᠢᠭᠡ ᠴᠤᠭᠴᠠᠵᠢᠭᠤᠯᠬᠤ︾ ᠵᠥᠷᠢᠴᠡᠯ ᠵᠢᠭᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠵᠥᠪᠳᠡᠯᠴᠡᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠡᠭᠦᠨ ᠤ ᠬᠠᠮᠲᠤ ᠬᠡᠰᠡᠭ ᠳᠠᠭᠠᠭᠠᠴᠢᠯᠠᠭᠰᠠᠨ ᠺᠠᠳ᠋ᠷ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠬᠡᠰᠢᠭᠦᠳ᠂ ᠠᠷᠠᠳ ᠤᠨ ᠡᠶᠡᠳᠡᠭᠦᠯᠦᠭᠴᠢ᠂ ᠬᠢᠯᠢ ᠶᠢᠨ ᠬᠠᠮᠠᠭᠠᠯᠠᠭᠴᠢ᠂ ᠰᠦᠯᠵᠢᠶᠡᠨ ᠤ ᠠᠵᠢᠯᠲᠠᠨ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠨᠢᠭᠡᠳᠦᠭᠡᠷ ᠱᠦᠵᠢ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠬᠠᠤᠯᠢ ᠴᠠᠭᠠᠵᠠ ᠶᠢᠨ ᠭᠠᠵᠠᠷ ᠤᠨ ᠺᠠᠳ᠋ᠷ ᠵᠡᠷᠭᠡ ᠬᠠᠮᠲᠤ ᠪᠠᠷ ᠣᠷᠣᠯᠴᠠᠭᠰᠠᠨ ᠡᠶᠡᠳᠡᠭᠦᠯᠬᠦ ᠡᠩᠨᠡᠭᠡ ᠶᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠠᠰᠠᠭᠤᠳᠠᠯ ᠢ ᠳᠠᠷᠡ ᠳᠠᠷᠤᠢ ᠳᠤᠨᠢ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃      ᠡᠷᠬᠢᠵᠥ ᠰᠤᠷᠪᠤᠯᠵᠢᠯᠠᠬᠤ ᠠᠵᠢᠯ ᠶᠢ ᠦᠷᠭᠦᠯᠵᠢᠯᠡᠨ ᠮᠥᠷᠳᠡᠨ ᠬᠢᠵᠥ᠂ ᠠᠰᠠᠭᠤᠳᠠᠯ ᠢ ᠰᠢᠢᠳᠪᠥᠷᠢᠯᠡᠭᠦ ᠪᠥᠬᠦ ᠶᠠᠪᠤᠴᠠ ᠶᠢ ᠪᠡᠶᠡᠯᠡᠭᠦᠯᠦᠨ᠎ᠡ᠃ ᠡᠷᠬᠢᠵᠥ ᠰᠤᠷᠪᠤᠯᠵᠢᠯᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠠᠵᠢᠯᠲᠠᠳ ᠴᠠᠭ ᠲᠤᠬᠠᠢ ᠳᠤᠨᠢ ᠨᠠᠷᠢᠨ ᠨᠢᠮᠪᠡᠢ ᠲᠦᠷᠦ ᠶᠢᠨ ᠪᠤᠳᠤᠯᠭ᠎ᠠ ᠶᠢᠨ ᠦᠨᠳᠦᠰᠦ ᠪᠠᠷᠢᠮᠲᠠ᠂ ᠰᠢᠢᠳᠪᠦᠷᠢᠯᠡᠭᠰᠡᠨ ᠦᠷ᠎ᠡ ᠳ᠋ᠦᠩ ᠢ ᠤᠯᠠᠨ ᠲᠦᠮᠡᠨ ᠳᠤ ᠮᠡᠳᠡᠭᠳᠡᠨ᠎ᠡ᠃ ᠵᠦᠶ ᠵᠣᠬᠢᠰ ᠥᠬᠡᠶ ᠬᠥᠰᠡᠯ ᠱᠠᠭᠠᠷᠳᠠᠯᠭ᠎ᠠ ᠶᠢ ᠲᠠᠶᠢᠯᠪᠤᠷᠢᠯᠠᠨ ᠬᠥᠲᠥᠯᠦᠨ ᠵᠢᠯᠣᠭᠤᠳᠬᠤ ᠠᠵᠢᠯ ᠢ ᠬᠦᠯᠢᠴᠡᠩᠭᠦᠶ ᠪᠠᠷ ᠰᠠᠶᠢᠲᠤᠷ ᠬᠢᠵᠦ᠂ ᠲᠤᠬᠠᠶ ᠶᠢᠨ ᠬᠥᠮᠦᠨ ᠤ ᠦᠵᠡᠯ ᠰᠠᠨᠠᠭ᠎ᠠ ᠲᠠᠨᠢᠯᠲᠠ ᠪᠠ ᠵᠥᠷᠢᠴᠡᠯ ᠵᠢᠭᠤᠷᠠᠯᠳᠤᠭᠠᠨ ᠤ ᠰᠢᠨ᠎ᠡ ᠴᠤᠬᠤᠶᠢᠯᠲᠠ ᠲᠠᠢ ᠪᠠᠶᠢᠬᠤ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠨᠡᠪᠳᠡᠷᠡᠯᠴᠠᠨ ᠣᠶᠢᠯᠠᠭᠠᠯᠴᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠣᠶᠢᠯᠠᠭᠠᠯᠴᠠᠭ᠎ᠠ ᠪᠠ ᠳᠡᠮᠵᠢᠯᠭᠡ ᠶᠢ ᠣᠯᠵᠤ᠂ ᠰᠢᠢᠳᠪᠥᠷᠢᠯᠡᠭᠰᠡᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠵᠦ᠂ ᠡᠶᠡᠳᠡᠭᠦᠯᠬᠦ ᠪᠢᠲᠡᠭᠦᠦ ᠭᠤᠭᠴᠠᠭ᠎ᠠ ᠶᠢ ᠪᠣᠶ ᠪᠣᠯᠭᠠᠵᠤ᠂ ᠰᠢᠢᠳᠪᠦᠷᠢᠯᠡᠬᠦ ᠥᠨᠳᠥᠷ ᠨᠣᠷᠮ᠎ᠠ ᠶᠢ ᠦᠨᠡᠨᠬᠦ ᠪᠠᠲᠤᠯᠠᠪᠠ᠃      ᠪᠠᠶᠠᠨᠬᠤᠸᠠ ᠪᠠᠯᠭᠠᠰᠤ ︽ᠭᠤᠷᠪᠠᠨ ᠠᠯᠬᠤᠮ ᠢᠶᠠᠷ ᠶᠠᠪᠤᠬᠤ︾ ᠠᠵᠢᠯ ᠤᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠨᠤᠲᠤᠭ ᠪᠡᠯᠴᠢᠭᠡᠷ ᠤᠨ ᠵᠢᠭᠤᠷᠠᠯᠳᠤᠭᠠᠨ᠂ ᠤᠰᠤ ᠴᠠᠬᠢᠯᠭᠠᠨ ᠬᠡᠷᠡᠭᠯᠡᠬᠦ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠠᠯᠢ ᠤᠯᠠᠨ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠵᠦ᠂ ︽12345︾ ᠬᠠᠯᠠᠮᠰᠢᠯ ᠤᠲᠠᠰᠤᠨ ᠤ ᠦᠢᠯᠡᠴᠢᠯᠡᠭᠡᠨ ᠤ ᠠᠵᠢᠯ ᠤᠨ ᠴᠠᠭ ᠲᠤᠬᠠᠢᠢᠴᠢ ᠴᠢᠨᠠᠷ᠂ ᠬᠠᠨᠤᠮᠵᠢ ᠶᠢᠨ ᠬᠡᠮᠵᠢᠶ᠎ᠡ ᠪᠣᠯᠤᠨ ᠰᠢᠢᠳᠪᠦᠷᠢᠯᠡᠬᠦ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号