11 ᠰᠠᠷ᠎ᠠ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ ᠮᠠᠯᠴᠢᠳ ᠤᠨ ᠲᠤᠰᠠᠯᠠᠮᠵᠢ ᠭᠤᠶᠤᠴᠢᠯᠠᠬᠤ ᠤᠲᠠᠰᠤ ᠶᠢ ᠳᠣᠰᠴᠤ᠂ | ᠲᠣᠰ ᠲᠣᠰ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ᠂ ᠪᠠᠲᠤᠬᠠᠭᠠᠯᠭ᠎ᠠ ᠪᠠᠯᠭᠠᠰᠤ ᠪᠣᠯᠤᠨ ᠲᠤᠬᠠᠶ ᠶᠢᠨ | ᠭᠠᠵᠠᠷ ᠤᠨ ᠲᠣᠮᠢᠯᠠᠭᠰᠠᠨ ᠰᠠᠯᠪᠤᠷᠢ ᠲᠠᠢ ᠬᠤᠵᠢᠭᠡᠷ ᠳᠡᠰ ︵ᠤᠯᠤᠰ ᠤᠨ ᠨᠢᠭᠡᠳᠦᠭᠡᠷ ᠳᠡᠰ ᠤᠨ ᠬᠡᠭᠡᠷ᠎ᠡ ᠶᠢᠨ | ᠬᠠᠮᠠᠭᠠᠯᠠᠯᠲᠠ ᠶᠢᠨ ᠠᠮᠢᠲᠠᠨ︶᠂ ᠲᠠᠯ᠎ᠠ ᠶᠢᠨ ᠪᠦᠷᠭᠦᠳ᠂ ᠡᠯᠢᠶ᠎ᠡ ︵ᠤᠯᠤᠰ ᠤᠨ ᠬᠤᠶᠠᠳᠤᠭᠠᠷ ᠳᠡᠰ ᠤᠨ | ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠ︶ ᠶᠢ ᠠᠪᠤᠷᠠᠨ ᠲᠤᠰᠠᠯᠠᠪᠠ᠃ ᠡᠭᠦᠨ ᠳᠤ ᠬᠤᠵᠢᠭᠡᠷ ᠳᠡᠰ᠂ ᠲᠠᠯ᠎ᠠ ᠶᠢᠨ | ᠪᠦᠷᠭᠦᠳ ᠤᠨ ᠵᠢᠭᠦᠷ ᠬᠡᠮᠳᠡᠵᠥ᠂ ᠡᠯᠢᠶ᠎ᠡ ᠶᠢᠨ ᠨᠢᠳᠥ ᠨᠢ ᠡᠪᠡᠳᠥᠭᠰᠡᠨ ᠠᠴᠠ ᠪᠣᠯᠵᠤ ᠨᠢᠰᠬᠦ ᠶᠢᠨ ᠠᠷᠭ᠎ᠠ ᠦᠭᠡᠢ | ᠪᠣᠯᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠶᠢᠨ ᠠᠵᠢᠯᠲᠠᠳ ᠰᠢᠷᠬᠠᠲᠤᠭᠰᠠᠨ ᠭᠤᠷᠪᠠᠨ ᠬᠡᠭᠡᠷ᠎ᠡ ᠶᠢᠨ ᠠᠮᠢᠲᠠᠨ ᠢ ᠪᠤᠭᠤᠲᠤ ᠬᠤᠲᠠ ᠶᠢᠨ ᠬᠡᠭᠡᠷ᠎ᠡ ᠶᠢᠨ | ᠠᠮᠢᠲᠠᠨ ᠢ ᠬᠠᠮᠠᠭᠠᠯᠠᠵᠤ ᠠᠪᠤᠷᠠᠨ ᠲᠤᠰᠠᠯᠠᠬᠤ ᠥᠷᠲᠡᠭᠡ ᠳᠤ ᠬᠦᠷᠭᠡᠵᠦ ᠠᠪᠤᠷᠠᠨ ᠡᠮᠨᠡᠵᠥ᠂ ᠠᠵᠢᠭᠯᠠᠨ᠂ ᠲᠡᠵᠢᠭᠡᠵᠦ | ᠂ ᠲᠡᠳᠡᠨ ᠤ ᠠᠮᠢ ᠨᠠᠰᠤᠨ ᠤ ᠰᠢᠨᠵᠢ ᠲᠡᠮᠳᠡᠭ ᠪᠦᠷᠢᠮᠦᠰᠦᠨ ᠬᠡᠪ ᠤᠨ ᠶᠣᠰᠣᠭᠠᠷ ᠪᠤᠯᠤᠭᠰᠠᠨ ᠤ ᠳᠠᠷᠠᠭ᠎ᠠ ᠡᠬᠡ | ᠪᠠᠶᠢᠭᠠᠯᠢ ᠳᠤ ᠨᠢ ᠪᠤᠴᠠᠭᠠᠵᠤ ᠶᠠᠪᠤᠭᠤᠯᠤᠨ᠎ᠠ᠃ | ᠡᠨᠡ ᠨᠢᠭᠡ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠢ ᠰᠢᠭᠤᠢ ᠪᠣᠯᠤᠨ ᠨᠤᠲᠤᠭ | ᠪᠡᠯᠴᠢᠭᠡᠷ ᠤᠨ ᠲᠣᠪᠴᠢᠶ᠎ᠠ ᠨᠡᠶᠢᠳᠡ 34 ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠵᠤ᠂ ᠬᠥᠮᠦᠨ ᠠᠮᠢᠲᠠᠨ ᠡᠶ᠎ᠡ | ᠵᠣᠬᠢᠴᠠᠯ ᠲᠠᠢ ᠣᠷᠣᠰᠢᠬᠤ ᠣᠢ ᠰᠢᠭᠤᠢ ᠡᠪᠡᠰᠦ ᠪᠡᠯᠴᠢᠭᠡᠷ ᠤᠨ ᠬᠦᠴᠦᠨ ᠢᠶᠠᠨ ᠦᠷᠭᠦᠯᠵᠢᠯᠡᠨ ᠡᠷᠭᠦᠵᠡᠢ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠤᠭᠤᠲᠤ | ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠲᠠᠢ ᠭᠦᠨᠵᠡᠭᠡᠶ ᠬᠠᠮᠲᠤᠷᠠᠯᠴᠠᠵᠤ᠂ | ᠰᠢᠷᠬᠠᠲᠤᠭᠰᠠᠨ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ ᠠᠳᠠᠯᠢ | ᠪᠤᠰᠤ ᠠᠴᠢᠶᠠᠯᠠᠪᠤᠷᠢ ᠶᠢ ᠠᠰᠢᠭᠯᠠᠨ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ | ᠳᠠᠮᠵᠢᠭᠤᠯᠤᠨ ᠤᠬᠠᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠲᠦᠮᠡᠨ ᠤ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠥᠮᠦᠨ ᠪᠦᠬᠦᠨ ᠬᠡᠭᠡᠷ᠎ᠡ ᠶᠢᠨ ᠠᠮᠢᠲᠠᠨ ᠢ | ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠨ᠎ᠠ᠃ | | |