ᠨᠢᠭᠡ᠂ ᠠᠬᠤᠢ ᠪᠠᠶᠢᠳᠠᠯ ᠪᠠ ᠡᠭᠦᠰᠦᠭᠰᠡᠨ ᠰᠢᠯᠳᠠᠭᠠᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠤᠶᠢᠳᠠ ᠪᠥᠭᠯᠡᠭᠦᠦ᠂ ᠭᠠᠵᠠᠷ ᠨᠤᠲᠤᠭ ᠥᠷᠭᠡᠨ ᠠᠭᠤᠳᠠᠮ | ᠪᠠᠶᠢᠵᠤ᠂ ᠣᠯᠠᠨ ᠵᠢᠯ ᠤᠨ ᠲᠤᠷᠰᠢᠬᠢ ᠬᠤᠲᠠ ᠪᠠᠯᠭᠠᠰᠤᠵᠢᠯᠲᠠ ᠶᠢᠨ ᠠᠬᠢᠴᠠ ᠲᠦᠷᠭᠡᠳᠴᠦ ᠪᠠᠶᠢᠭ᠎ᠠ ᠪᠠ ᠬᠥᠮᠦᠨ | ᠠᠮᠠ ᠵᠢᠯ ᠳᠠᠷᠠᠭᠠᠯᠠᠨ ᠪᠠᠭᠠᠰᠬᠤ ᠶᠢ ᠳᠠᠭᠠᠯᠳᠤᠨ᠂ ᠬᠤᠰᠢᠭᠤᠨ ᠤ ᠬᠡᠪᠴᠢᠶᠡᠨ ᠳᠣᠲᠣᠷᠠᠬᠢ ᠡᠮᠴᠢᠯᠡᠭᠡᠨ ᠤ ᠡᠬᠢ | ᠪᠠᠶᠠᠯᠢᠭ ᠲᠠᠷᠠᠬᠠᠶ ᠪᠤᠲᠠᠷᠬᠠᠶ᠂ ᠪᠦᠲᠦᠴᠡ ᠵᠦᠶ ᠵᠣᠬᠢᠰ ᠥᠬᠡᠶ᠂ ᠦᠢᠯᠡᠴᠢᠯᠡᠭᠡᠨ ᠤ ᠬᠢᠷᠢ ᠲᠦᠪᠰᠢᠨ ᠥᠨᠳᠥᠷ | ᠪᠤᠰᠤ ᠵᠡᠷᠭᠡ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠬᠡᠰᠡᠭ ᠣᠯᠠᠨ ᠲᠦᠮᠡᠨ ᠤ ᠠᠪᠳᠠᠷ᠎ᠠ ᠳᠠᠬᠢ ᠪᠠᠨ | ᠣᠷᠬᠢᠵᠤ ᠠᠯᠤᠰ ᠠᠴᠠ ᠡᠷᠢᠬᠦ᠂ ᠣᠷᠣᠨ ᠪᠦᠰᠡ ᠠᠯᠤᠰᠯᠠᠨ ᠡᠮᠴᠢᠯᠡᠭᠡ ᠭᠤᠶᠤᠴᠢᠯᠠᠬᠤ ᠶᠢ ᠡᠭᠦᠰᠭᠡᠵᠦ ᠣᠯᠠᠨ | ᠲᠦᠮᠡᠨ ᠤ ᠠᠵᠤ ᠠᠬᠤᠶ ᠶᠢᠨ ᠳᠠᠷᠤᠭᠠᠰᠤ ᠶᠢ ᠨᠡᠮᠡᠭᠳᠡᠭᠦᠯᠬᠦ ᠶᠢᠨ ᠬᠠᠮᠲᠤ ᠪᠠᠰᠠ ᠡᠮᠴᠢᠯᠡᠭᠡᠨ ᠤ ᠦᠢᠯᠡᠴᠢᠯᠡᠭᠡᠨ ᠤ | ᠪᠣᠯᠤᠮᠵᠢᠲᠤ ᠴᠢᠨᠠᠷ ᠪᠠ ᠲᠥᠪ ᠭᠤᠤᠯᠴᠢ ᠴᠢᠨᠠᠷ ᠢ ᠨᠥᠯᠥᠭᠡᠯᠡᠪᠡ᠃ ᠣᠶᠢᠷ᠎ᠠ ᠶᠢᠨ ᠵᠢᠯ ᠠᠴᠠ ᠨᠠᠭᠠᠰᠢ᠂ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ᠂ ︽ᠰᠢᠢᠳᠪᠦᠷᠢᠯᠡᠭᠳᠡᠬᠦᠢ ᠰᠡᠳᠬᠢᠬᠦᠶ︾ ᠪᠠᠷ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠮᠣᠩᠭᠤᠯ | ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ᠂ 11 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠵᠢᠴᠢ ᠬᠠᠷᠢᠶ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠴᠤᠷᠠᠯᠳᠠ ᠶᠢᠨ ᠲᠤᠯᠬᠤ | ᠴᠡᠭ ᠪᠣᠯᠭᠠᠭᠰᠠᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ | ᠪᠠᠶᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠬᠢ ᠪᠠᠶᠠᠯᠢᠭ ᠤᠨ ᠬᠤᠪᠢᠶᠠᠷᠢᠯᠠᠯᠲᠠ ᠲᠡᠭᠰᠢ | ᠪᠤᠰᠤ᠂ ᠮᠡᠷᠭᠡᠵᠢᠯ ᠤᠨ ᠬᠢᠷᠢ ᠲᠦᠪᠰᠢᠨ ᠥᠨᠳᠥᠷ ᠪᠢᠰᠢ᠂ ᠦᠢᠯᠡᠴᠢᠯᠡᠭᠡᠨ ᠤ ᠶᠠᠰᠤ ᠴᠢᠨᠠᠷ ᠵᠢᠭᠳᠡ ᠪᠤᠰᠤ ᠵᠡᠷᠭᠡ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ | ᠪᠦᠬᠦᠯᠢ ᠴᠣᠭᠴᠠ ᠪᠠᠷ ᠢᠶᠠᠨ ᠳᠡᠭᠡᠭᠰᠢᠯᠡᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ︽ | ᠬᠡᠷ ᠤᠨ ᠡᠭᠦᠳᠡᠨ︾ ᠳᠤ ᠪᠠᠨ ᠳᠠᠷᠤᠶ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠭᠥᠷᠳᠡᠵᠦ ᠳᠡᠶᠢᠯᠬᠦ ᠪᠣᠯᠵᠠᠢ᠃ | ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ᠲᠥᠪ ᠡᠮᠴᠢᠯᠡᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ | ᠴᠢᠨᠠᠷᠲᠠᠢ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠪᠡ | ᠪᠥᠬᠦ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠬᠥᠮᠦᠨ ᠠᠮᠠ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠣᠯᠠᠨ ᠲᠦᠮᠡᠨ ᠳᠤ ᠲᠥᠬᠦᠮ ᠦᠵᠡᠭᠦᠯᠬᠦ | ᠪᠠ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠵᠠᠷᠴᠢᠮ ᠶᠣᠰᠣᠭᠠᠷ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠪᠠᠶᠢᠴᠠᠭᠠᠨ ᠰᠤᠳᠤᠯᠵᠤ ᠨᠤᠲᠠᠯᠠᠯᠲᠠ ᠬᠢᠵᠦ᠂ ᠳᠠᠬᠢᠨ ᠳᠠᠪᠲᠠᠨ ᠪᠡᠯᠡᠳᠬᠡᠵᠦ᠂ | ᠪᠣᠯᠭᠤᠮᠵᠢᠲᠠᠶ ᠪᠣᠳᠤᠯᠬᠢᠯᠠᠨ᠂ ᠴᠠᠭ ᠲᠤᠬᠠᠶ ᠳᠤᠨᠢ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠡᠮᠨᠡᠯᠭᠡ ᠶᠢᠨ | ᠬᠤᠷᠢᠶ᠎ᠠ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠳᠠᠪᠠᠭᠤᠯᠢᠭ ᠡᠬᠢ ᠪᠠᠶᠠᠯᠢᠭ ᠢᠶᠠᠨ ᠲᠥᠪᠯᠡᠷᠡᠭᠦᠯᠦᠨ ᠬᠢᠳᠠᠳ | ᠡᠮᠨᠡᠯᠭᠡ᠂ ᠧᠦ᠋ᠷᠣᠫᠠ ᠡᠮᠨᠡᠯᠭᠡ᠂ ᠮᠣᠩᠭᠤᠯ ᠡᠮᠨᠡᠯᠭᠡ ᠵᠡᠷᠭᠡ ᠣᠯᠠᠨ ᠲᠠᠪᠠᠭᠤᠯᠢᠭᠳᠤ ᠰᠠᠯᠠᠭ᠎ᠠ ᠲᠠᠰᠤᠭ ᠢ ᠨᠢᠭᠡ | ᠴᠣᠭᠴᠠᠵᠢᠭᠤᠯᠤᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠪᠥᠬᠦ ᠬᠦᠴᠦᠨ ᠢᠶᠠᠷ ᠢᠶᠠᠨ | ᠪᠠᠶᠢᠭᠤᠯᠪᠠ᠃ ᠮᠣᠩᠭᠤᠯ ᠡᠮᠨᠡᠯᠭᠡ ᠶᠢᠨ ᠬᠤᠷᠢᠶ᠎ᠠ ᠨᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠦᠷᠦᠭᠦᠯᠡᠬᠦ ᠡᠮᠨᠡᠯᠭᠡ ᠶᠢᠨ ᠬᠤᠷᠢᠶᠠᠨ ᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠲᠥᠪ᠂ ᠡᠮ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠲᠥᠪ᠂ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠪ᠂ ᠡᠮᠴᠢᠯᠡᠭᠡᠨ ᠤ ᠬᠠᠮᠢᠶᠠᠷᠤᠯᠲᠠ ᠶᠢᠨ ᠲᠥᠪ᠂ ᠡᠮᠴᠢᠯᠡᠭᠡᠨ ᠤ | ᠲᠠᠭᠠᠳᠬᠠᠯ ᠤᠨ ᠬᠠᠮᠢᠶᠠᠷᠤᠯᠲᠠ ᠶᠢᠨ ᠲᠥᠪ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠲᠥᠪ ᠤᠨ ︽ᠵᠢᠷᠭᠤᠭᠠᠨ ᠬᠠᠮᠢᠶᠠᠷᠤᠯᠲᠠ ᠶᠢᠨ ᠲᠥᠪ︾ ᠢ ᠫᠠᠶᠢᠰᠠ ᠡᠯᠭᠦᠵᠦ᠂ ᠵᠠᠰᠠᠭ ᠵᠠᠬᠢᠷᠭᠠᠨ᠂ ᠠᠵᠢᠯᠲᠠᠨ᠂ | ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠡᠮ ᠤᠨ ᠪᠠᠭᠠᠵᠢ ᠬᠡᠷᠡᠭᠰᠡᠯ᠂ ᠠᠵᠢᠯ ᠤᠨ ᠠᠮᠵᠢᠯᠲᠠ ᠪᠦᠲᠦᠮᠵᠢ᠂ | ᠮᠡᠳᠡᠭᠡ ᠵᠠᠩᠭᠢᠵᠢᠯᠲᠠ ᠶᠢᠨ ︽ᠳᠣᠯᠤᠭ᠎ᠠ ᠶᠢ ᠨᠢᠭᠡᠳᠦᠯᠲᠡᠶ ᠬᠠᠮᠢᠶᠠᠷᠬᠤ︾ ᠶᠢ ᠪᠥᠬᠦ ᠲᠠᠯ᠎ᠠ ᠪᠠᠷ ᠳᠥᠯᠭᠢᠨ | ᠠᠬᠢᠭᠤᠯᠵᠤ᠂ ᠪᠥᠬᠦ ᠬᠤᠰᠢᠭᠤᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ᠂ | ᠨᠢᠭᠡ ᠴᠣᠭᠴᠠᠵᠢᠭᠰᠠᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠰᠠᠭᠤᠷᠢ ᠲᠠᠯᠪᠢᠵᠤ ᠥᠭᠴᠡᠶ | ᠃ 2024 ᠣᠨ ᠤ 8 ᠳ᠋ᠤᠭᠠᠷ ᠰᠠᠷ᠎ᠠ ᠳᠤ ᠡᠮᠬᠢᠯᠡᠨ ᠨᠡᠶᠢᠯᠡᠭᠦᠯᠵᠦ ᠡᠵᠡᠩᠨᠡᠭᠰᠡᠨ ᠤ ᠳᠠᠷᠠᠭ᠎ᠠ᠂ ᠮᠣᠩᠭᠤᠯ | ᠡᠮᠨᠡᠯᠭᠡ ᠶᠢᠨ ᠬᠤᠷᠢᠶᠠᠨ ᠤ 10 ᠳ᠋ᠤᠭᠠᠷ ᠰᠠᠷ᠎ᠠ ᠶᠢ 7 ᠳ᠋ᠤᠭᠠᠷ ᠰᠠᠷ᠎ᠠ ᠲᠠᠢ ᠬᠠᠷᠢᠴᠠᠭᠤᠯᠪᠠᠯ᠂ ᠡᠭᠦᠳᠡᠨ ᠡᠮᠨᠡᠯᠭᠡ ᠶᠢᠨ | ᠡᠮᠴᠢᠯᠡᠭᠡᠨ ᠤ ᠡᠳᠦᠷ ᠳᠤᠮᠳᠠᠴᠢ ᠶᠢᠨ ᠡᠮᠨᠡᠭᠦᠯᠬᠦ ᠬᠥᠮᠦᠨ ᠤ ᠲᠤᠭ᠎ᠠ 90 ᠬᠦᠮᠦᠨ ᠤᠳᠠᠭ᠎ᠠ ᠪᠠᠶᠢᠭᠰᠠᠨ ᠠᠴᠠ ᠪᠠᠨ | 222 ᠬᠥᠮᠦᠨ ᠤᠳᠠᠭ᠎ᠠ ᠪᠣᠯᠤᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ 146.67 % ᠳᠤ ᠬᠦᠷᠴᠡᠶ︔ | ᠡᠮᠨᠡᠯᠭᠡ ᠳᠤ ᠰᠠᠭᠤᠭᠰᠠᠨ ᠬᠥᠮᠦᠨ ᠤ ᠲᠤᠭ᠎ᠠ 246 ᠬᠥᠮᠦᠨ ᠤᠳᠠᠭ᠎ᠠ ᠠᠴᠠ 323 ᠬᠥᠮᠦᠨ ᠤᠳᠠᠭ᠎ᠠ ᠪᠣᠯᠤᠨ | ᠨᠡᠮᠡᠭᠳᠡᠵᠦ᠂ ᠨᠡᠮᠡᠭᠳᠡᠯ ᠤᠨ ᠬᠡᠮᠵᠢᠶ᠎ᠡ 31.3 % ᠪᠣᠯᠪᠠ︔ ᠮᠡᠰᠡ ᠵᠠᠰᠠᠯ ᠤᠨ ᠲᠠᠶᠢᠰᠠ 12 ᠰᠠᠭᠤᠷᠢ | ᠪᠠᠶᠢᠭᠰᠠᠨ ᠠᠴᠠ ᠪᠠᠨ 31 ᠰᠠᠭᠤᠷᠢ ᠪᠣᠯᠤᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ 158.33% ᠳᠤ ᠬᠦᠷᠴᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠡᠮᠴᠢᠯᠡᠭᠡᠨ ᠤ ᠶᠠᠰᠤ ᠴᠢᠨᠠᠷ | ᠳᠡᠭᠡᠭᠰᠢᠯᠡᠵᠦ᠂ ᠤᠯᠠᠨ ᠲᠦᠮᠡᠨ ᠤ ᠨᠢᠭᠡ ᠯᠡ ᠥᠷᠲᠡᠭᠡᠨ ᠤ ᠮᠠᠶ᠋ᠢᠭ ᠤᠨ ᠡᠪᠡᠳᠴᠢᠨ ᠦᠵᠡᠭᠦᠯᠵᠦ ᠡᠮᠨᠡᠭᠦᠯᠬᠦ ᠳᠤ | ᠨᠠᠩ ᠲᠥᠬᠦᠮ ᠦᠵᠡᠭᠦᠯᠪᠡ᠃ | ᠦᠨᠳᠦᠰᠦᠨ ᠱᠠᠲᠤᠨ ᠤ ᠡᠮ ᠡᠮᠨᠡᠯᠭᠡ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠲᠡᠩᠴᠡᠭᠦᠷᠢᠲᠡᠢ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠥᠪᠰᠢᠨ ᠢ ᠲᠡᠭᠡᠭᠰᠢᠯᠡᠭᠦᠯᠪᠡ | ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠪᠠᠷ ᠬᠥᠳᠡᠭᠡ ᠶᠢ ᠳᠠᠶᠢᠴᠢᠯᠠᠬᠤ᠂ ᠰᠢᠶᠠᠩ ᠢᠶᠠᠷ | ᠲᠣᠰᠬᠤᠨ ᠢ ᠳᠠᠶᠢᠴᠢᠯᠠᠬᠤ ᠪᠠ ᠬᠤᠰᠢᠭᠤ ᠰᠢᠶᠠᠩ ᠢ ᠨᠢᠭᠡ ᠴᠤᠭᠴᠠᠵᠢᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ | ᠲᠣᠭᠳᠠᠯᠴᠠᠭ᠎ᠠ ᠤᠯᠠᠮ ᠨᠢᠭᠡ ᠠᠯᠬᠤᠮ ᠪᠠᠶᠢᠭᠤᠯᠬᠤ ᠶᠢᠨ ᠲᠥᠯᠥᠭᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠡᠮᠬᠢᠯᠡᠨ ᠨᠡᠶᠢᠯᠡᠭᠦᠯᠵᠦ᠂ ᠪᠠᠲᠤᠬᠠᠭᠠᠯᠭ᠎ᠠ ᠪᠠᠯᠭᠠᠰᠤᠨ ᠤ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠬᠦᠴᠦᠨ ᠦᠭᠡᠢ ᠪᠤᠯᠭᠠᠵᠤ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠰᠡᠷᠭᠡᠶᠢᠯᠡᠬᠦ ᠲᠠᠷᠢᠯᠭ᠎ᠠ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠲᠠᠢ 4 ᠬᠤᠪᠢ ᠶᠢᠨ ᠡᠵᠡᠩᠨᠡᠯᠲᠡ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠢ ᠦᠯᠡᠳᠡᠭᠡᠵᠦ᠂ ᠡᠭᠦᠨ ᠤ ᠬᠠᠮᠲᠤ ᠪᠥᠬᠦ ᠬᠤᠰᠢᠭᠤᠨ ᠤ 20 ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠶᠢ 11 ᠪᠣᠯᠭᠠᠨ ᠡᠮᠬᠢᠯᠡᠨ ᠨᠡᠶᠢᠯᠡᠭᠦᠯᠵᠦ᠂ 23 ᠵᠦᠢᠯ ᠤᠨ ᠦᠨᠳᠦᠰᠦᠨ | ᠲᠥᠬᠦᠭᠡᠷᠦᠮᠵᠢ ᠪᠠ 6 ᠵᠦᠢᠯ ᠠᠴᠠ ᠳᠡᠭᠡᠭᠰᠢᠬᠢ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠬᠦᠭᠡᠷᠦᠮᠵᠢ᠂ | ᠡᠷᠡᠭᠦᠯᠵᠢᠭᠦᠯᠬᠦ ᠲᠥᠬᠦᠭᠡᠷᠦᠮᠵᠢ ᠶᠢ ᠳᠣᠭᠢᠷᠠᠭᠤᠯᠬᠤ ᠶᠢᠨ ᠬᠠᠮᠲᠤ 102 ᠲᠦᠮᠡᠨ ᠲᠥᠭᠦᠷᠢᠭ ᠤᠨ ᠪᠡᠯᠡ | ᠣᠷᠣᠭᠤᠯᠵᠤ᠂ 5 ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠳᠤ DR᠂ ᠪᠤᠳᠤᠭᠲᠤ ᠬᠡᠳᠦ ᠳᠣᠯᠭᠢᠶᠠᠨ᠂ ᠠᠮᠢᠳᠤ | ᠪᠣᠳᠠᠰ ᠤᠨ ᠬᠢᠮᠢ ᠶᠢᠨ ᠵᠠᠳᠠᠯᠤᠯᠲᠠ ᠶᠢᠨ ᠮᠠᠰᠢᠨ᠂ ᠵᠢᠷᠦᠬᠡᠨ ᠤ ᠯᠤᠭᠰᠢᠯᠲᠠ ᠶᠢᠨ ᠵᠢᠷᠤᠭ᠂ ᠰᠢᠭᠡᠰᠦ ᠶᠢ ᠵᠠᠳᠠᠯᠬᠤ | ᠮᠠᠰᠢᠨ ᠪᠠ ᠴᠢᠰᠤᠨ ᠤ ᠡᠰ ᠢ ᠵᠠᠳᠠᠯᠬᠤ ᠮᠠᠰᠢᠨ ᠵᠡᠷᠭᠡ ᠲᠥᠬᠦᠭᠡᠷᠦᠮᠵᠢ ᠶᠢ ᠲᠣᠬᠢᠷᠠᠭᠤᠯᠵᠤ᠂ ᠪᠠᠲᠤᠬᠠᠭᠠᠯᠭ᠎ᠠ | ᠪᠠᠯᠭᠠᠰᠤ ᠠᠴᠠ ᠭᠠᠳᠠᠨᠠᠬᠢ ᠪᠤᠰᠤᠳ 11 ᠰᠤᠮᠤ ᠰᠢᠶᠠᠩ ᠪᠠᠯᠭᠠᠰᠤᠨ ᠳᠤ ᠲᠤᠰ ᠪᠦᠷᠢ ᠪᠠᠷᠢᠮᠵᠢᠶ᠎ᠠ ᠳᠤ ᠬᠦᠷᠦᠭᠰᠡᠨ | ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠷᠢᠯᠳᠦᠭᠦᠯᠵᠡᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠵᠢᠷᠤᠮᠵᠢᠭᠰᠠᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠥᠬᠦ ᠲᠠᠯ᠎ᠠ ᠪᠠᠷ ᠪᠠᠶᠢᠭᠤᠯᠵᠤ᠂ ᠡᠷᠡᠭᠦᠯ | ᠮᠡᠨᠳᠦ ᠶᠢᠨ ᠬᠥᠮᠦᠵᠢᠯ ᠤᠨ ᠦᠢᠯᠡᠴᠢᠯᠡᠭᠡ ᠶᠢ ᠦᠷᠨᠢᠭᠦᠯᠵᠦ᠂ 65 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠴᠢᠰᠤᠨ ᠳᠠᠷᠤᠯᠲᠠ ᠥᠨᠳᠥᠷ ᠡᠪᠡᠳᠴᠢᠲᠡᠨ ᠤ ᠡᠷᠡᠭᠦᠯ | ᠮᠡᠨᠳᠦ ᠶᠢᠨ ᠬᠠᠮᠢᠶᠠᠷᠤᠯᠲᠠ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠵᠡᠷᠭᠡ ᠤᠯᠤᠰ ᠤᠨ 14 | ᠵᠦᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠥᠬᠦ ᠲᠠᠯ᠎ᠠ ᠪᠠᠷ | ᠪᠠᠶᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠪᠡᠳᠴᠢᠨ ᠦᠵᠡᠭᠦᠯᠬᠦ | ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠬᠥᠮᠦᠨ ᠨᠢᠭᠡᠪᠦᠷᠢ ᠶᠢ ᠡᠷᠡᠭᠦᠯ ᠮᠡᠨᠳᠦ ᠶᠢ | ᠬᠥᠭᠡᠭᠡᠴᠡᠯᠳᠦᠬᠦ ᠵᠠᠮ ᠳᠡᠭᠡᠷ᠎ᠡ ᠡᠩᠨᠡᠭᠡ ᠠᠴᠠ ᠨᠢ ᠬᠤᠴᠤᠷᠤᠭᠤᠯᠬᠤ ᠦᠭᠡᠢ ᠪᠠᠶᠢᠬᠤ ᠶᠢ ᠪᠠᠲᠤᠯᠠᠪᠠ᠃ | ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠣᠯᠠᠨ ᠡᠰᠢᠵᠢᠭᠰᠡᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠪᠡ | ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡᠨ ᠤ ᠲᠣᠭᠳᠠᠯᠴᠠᠭᠠᠨ ᠤ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠤᠰ ᠡᠵᠡᠮᠰᠢᠯᠲᠦ ᠡᠮᠴᠢᠯᠡᠭᠡᠨ ᠤ ᠲᠠᠪᠴᠠᠩ ᠢᠶᠠᠷ | ᠲᠦᠰᠢᠭ ᠪᠣᠯᠭᠠᠨ᠂ ᠥᠪᠡᠷᠲᠡᠭᠡᠨ ᠵᠠᠰᠠᠬᠤ ᠣᠷᠣᠨ᠂ ᠪᠤᠭᠤᠳᠤ ᠬᠤᠳᠠ ᠲᠠᠢ ᠭᠠᠳᠠᠭᠰᠢ ᠬᠤᠯᠪᠣᠭᠠᠯᠠᠭᠰᠠᠨ ᠠᠯᠤᠰ | ᠡᠵᠡᠮᠰᠢᠯᠲᠦ ᠡᠮᠴᠢᠯᠡᠭᠡᠨ ᠤ ᠲᠣᠭᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠠᠯᠤᠰ ᠡᠵᠡᠮᠰᠢᠯᠲᠦ ᠬᠠᠮᠲᠤᠷᠠᠨ | ᠣᠨᠣᠰᠢᠯᠠᠬᠤ᠂ ᠠᠯᠤᠰ ᠡᠵᠡᠮᠰᠢᠯᠲᠦ ᠵᠢᠷᠤᠭ ᠳᠦᠷᠰᠦ᠂ ᠠᠯᠤᠰ ᠡᠵᠡᠮᠰᠢᠯᠲᠦ ᠵᠢᠷᠦᠬᠡᠨ ᠤ ᠴᠠᠬᠢᠯᠭᠠᠨ ᠵᠡᠷᠭᠡ | ᠡᠮᠴᠢᠯᠡᠭᠡᠨ ᠤ ᠦᠢᠯᠡᠴᠢᠯᠡᠭᠡ ᠶᠢ 52 ᠤᠳᠠᠭ᠎ᠠ ᠥᠷᠨᠢᠭᠦᠯᠵᠦ᠂ ︽ᠨᠢᠭᠡ ᠴᠡᠭ ᠠᠴᠠ ᠣᠯᠠᠨ ᠴᠡᠭ᠂ ᠣᠯᠠᠨ | ᠴᠡᠭ ᠠᠴᠠ ᠣᠯᠠᠨ ᠴᠡᠭ ᠲᠠᠢ ᠵᠣᠯᠭᠠᠭᠤᠯᠬᠤ︾ ᠰᠦᠯᠵᠢᠶᠡᠵᠢᠭᠰᠡᠨ ᠣᠨᠣᠰᠢᠯᠠᠨ ᠡᠮᠨᠡᠬᠦ ᠵᠠᠭᠪᠤᠷ ᠢ ᠪᠣᠶ ᠪᠣᠯᠭᠠᠵᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪᠡᠳᠴᠢᠲᠡᠨ ᠲᠣᠰ ᠭᠠᠵᠠᠷ ᠲᠠᠭᠠᠨ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠦᠢᠯᠡᠴᠢᠯᠡᠭᠡ ᠭᠥᠷᠳᠡᠵᠦ ᠴᠢᠳᠠᠨ᠎ᠠ︔ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠣᠭᠤᠷᠢᠨ ᠡᠮᠴᠢᠯᠡᠬᠦ | ᠪᠠ ᠲᠣᠮᠢᠯᠠᠨ ᠰᠠᠭᠤᠯᠭᠠᠵᠤ ᠦᠢᠯᠡᠴᠢᠯᠡᠬᠦ ︿ᠲᠦᠷᠪᠡ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ﹀ | ᠠᠵᠢᠯ ᠤᠨ ᠲᠥᠰᠦᠯ︾ ᠢ ᠲᠣᠭᠲᠠᠭᠠᠵᠤ᠂ ᠰᠠᠭᠤᠵᠤ ᠣᠨᠣᠰᠢᠯᠠᠬᠤ ᠪᠠ ᠳᠠᠭᠠᠭᠤᠯᠤᠨ ᠰᠤᠷᠭᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠡᠮᠴᠢ ᠶᠢ ᠵᠣᠬᠢᠶᠠᠨ | ᠪᠠᠶᠢᠭᠤᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠣᠴᠢᠭᠤᠯᠤᠨ ᠰᠠᠭᠤᠯᠭᠠᠨ ᠣᠨᠤᠰᠢᠯᠠᠵᠤ | ᠳᠠᠭᠠᠭᠤᠯᠤᠨ ᠰᠤᠷᠭᠠᠬᠤ ᠶᠢ ᠦᠷᠨᠢᠭᠦᠯᠵᠦ᠂ ᠨᠢᠭᠡ ᠨᠢᠭᠡ ᠪᠠᠷ ᠦᠨᠳᠦᠰᠦᠨ ᠱᠠᠲᠤᠨ ᠤ ᠡᠮᠴᠢ ᠶᠢ ᠬᠠᠪᠰᠤᠷᠤᠨ | ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠬᠦ ᠡᠪᠡᠳᠴᠢᠨ ᠢ ᠰᠢᠢᠳᠪᠦᠷᠢᠯᠡᠬᠦ ᠴᠢᠳᠠᠪᠤᠷᠢ ᠶᠢ ᠨᠢ | ᠲᠡᠭᠡᠭᠰᠢᠯᠡᠭᠦᠯᠪᠡ︔ ᠲᠤᠰᠬᠠᠶ ᠮᠡᠷᠭᠡᠵᠢᠯᠲᠡᠨ ᠡᠮᠴᠢ ᠳᠠᠭᠠᠵᠤ ᠡᠮᠨᠡᠬᠦ᠂ ᠰᠤᠮᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠳᠤ ᠣᠴᠢᠵᠤ ᠰᠠᠭᠤᠵᠤ ᠡᠮᠨᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢ ᠳᠠᠶᠢᠴᠢᠯᠠᠨ᠂ ᠪᠤᠶᠢᠳᠠ ᠪᠥᠭᠯᠡᠭᠦᠤ ᠭᠠᠴᠠᠭᠠᠨ ︵ᠲᠣᠰᠬᠤᠨ︶ ᠤ ᠣᠯᠠᠨ ᠲᠦᠮᠡᠨ ᠤ | ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠡᠪᠡᠳᠴᠢᠯᠡᠪᠡᠯ ᠦᠵᠡᠭᠦᠯᠬᠦ ᠰᠠᠶᠢᠨ ᠡᠮᠴᠢ ᠲᠠᠢ ᠪᠠᠶᠢᠬᠤ ᠶᠢ ᠦᠨᠡᠨ ᠬᠦ | ᠪᠠᠲᠤᠯᠠᠨ᠎ᠠ︔ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠧᠦ᠋ᠷᠣᠫᠠ ᠡᠮᠨᠡᠯᠭᠡ ᠶᠢᠨ ᠲᠣᠭᠤᠷᠢᠨ ᠵᠢᠯᠣᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠭᠠᠷᠠᠭ ᠤᠨ ᠵᠢᠷᠭᠤᠭᠠᠨ | ᠪᠦᠷᠢ ᠳᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ ᠬᠦᠷᠴᠦ ᠲᠣᠭᠤᠷᠢᠨ ᠡᠮᠴᠢᠯᠡᠬᠦ ᠦᠢᠯᠡᠴᠢᠯᠡᠭᠡ ᠥᠷᠨᠢᠭᠦᠯᠵᠦ᠂ ᠲᠦᠷᠦᠭᠦᠯᠡᠨ ᠬᠢᠬᠦ | ᠡᠮᠨᠡᠯᠭᠡ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ 1 ᠭᠤᠤᠯᠯᠠᠭᠴᠢ ᠬᠢᠳᠠᠳ ︵ᠮᠣᠩᠭᠤᠯ︶ ᠡᠮᠴᠢ ᠶᠢ | ᠳᠣᠷᠣᠭᠰᠢ ᠲᠣᠮᠢᠯᠠᠵᠤ ᠬᠠᠪᠰᠤᠷᠤᠨ ᠲᠡᠳᠬᠦᠵᠦ ᠣᠨᠣᠰᠢᠯᠠᠨ ᠡᠮᠨᠡᠬᠦ ᠠᠵᠢᠯ ᠢ ᠥᠷᠨᠢᠭᠦᠯᠵᠦ᠂ ᠡᠮᠴᠢᠯᠡᠭᠡᠨ ᠤ | ᠦᠢᠯᠡᠴᠢᠯᠡᠭᠡ ᠶᠢ ᠨᠠᠩ ᠲᠤᠰᠬᠠᠶ ᠮᠡᠷᠭᠡᠵᠢᠯᠴᠢᠯᠡᠭᠰᠡᠨ ᠪᠤᠯᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ | ᠨᠠᠩ ᠲᠥᠬᠦᠮ ᠪᠣᠯᠭᠠᠵᠠᠢ᠃ ᠣᠳᠣ ᠪᠣᠯᠲᠠᠯ᠎ᠠ᠂ ᠮᠣᠩᠭᠤᠯ ᠡᠮᠨᠡᠯᠭᠡ ᠶᠢᠨ ᠬᠤᠷᠢᠶ᠎ᠠ ︽ᠡᠪᠡᠳᠴᠢᠲᠡᠨ ᠢ ᠭᠦᠶᠦᠯᠭᠡᠬᠦ | ᠥᠬᠡᠶ᠂ ᠡᠮᠴᠢ ᠭᠦᠶᠦᠬᠦ︾ ᠦᠢᠯᠡᠴᠢᠯᠡᠭᠡᠨ ᠤ ᠵᠠᠭᠪᠤᠷ ᠢᠶᠠᠷ ᠨᠡᠶᠢᠲᠡ 89 ᠬᠥᠮᠦᠨ ᠤᠳᠠᠭ᠎ᠠ ᠡᠮᠴᠢ | ᠰᠤᠪᠢᠯᠠᠭᠴᠢ ᠶᠢ ᠲᠣᠮᠢᠯᠠᠨ᠂ 648 ᠬᠥᠮᠦᠨ ᠤᠳᠠᠭ᠎ᠠ ᠣᠨᠣᠰᠢᠯᠠᠨ ᠡᠮᠨᠡᠭᠦᠯᠵᠦ᠂ ᠣᠯᠠᠨ ᠲᠦᠮᠡᠨ ᠳᠤ ︽ᠬᠡᠷ ᠤᠨ | ᠡᠭᠦᠳᠡᠨ︾ ᠳᠠᠬᠢ ᠰᠢᠯᠢᠳᠡᠭ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠵᠦ᠂ ᠣᠯᠠᠨ ᠲᠦᠮᠡᠨ ᠤ ᠴᠠᠭ ᠪᠠ | ᠡᠪᠡᠳᠴᠢᠨ ᠦᠵᠡᠭᠦᠯᠬᠦ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠥᠬᠡᠶ᠂ ᠪᠠᠰᠠ ᠡᠮᠴᠢᠯᠡᠭᠡᠨ ᠤ ᠡᠬᠢ | ᠪᠠᠶᠠᠯᠢᠭ ᠤᠨ ᠬᠤᠪᠢᠶᠠᠷᠢᠯᠠᠯᠲᠠ ᠬᠠᠷᠢᠴᠠᠩᠭᠤᠶ ᠲᠡᠭᠰᠢ ᠪᠤᠰᠤ᠂ ᠡᠪᠡᠳᠴᠢᠨ ᠦᠵᠡᠭᠦᠯᠬᠦ ᠳᠤ ᠬᠦᠴᠢᠷ᠂ | ᠡᠪᠡᠳᠴᠢᠲᠡᠨ ᠤ ᠠᠯᠳᠠᠭᠳᠠᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠦᠨᠳᠦᠰᠦᠨ ᠱᠠᠲᠤᠨ ᠤ ᠣᠯᠠᠨ | ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠪᠠ᠃ | ᠭᠤᠷᠪᠠ᠂ ᠲᠤᠷᠰᠢᠯᠭ᠎ᠠ ᠰᠡᠩᠬᠡᠷᠡᠭᠦᠯᠦᠯ | ᠨᠢᠭᠡ ᠳᠤ ᠠᠷᠠᠳ ᠲᠦᠮᠡᠨ ᠢᠶᠠᠷ ᠭᠤᠤᠯ ᠪᠤᠯᠭᠠᠬᠤ ᠶᠢ ᠳᠤᠪᠤᠶᠢᠯᠭᠠᠬᠤ ᠬᠡᠷᠡᠭᠲᠡᠢ | ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠡᠬᠢ | ᠪᠠᠶᠠᠯᠢᠭ ᠢ ᠦᠨᠳᠦᠰᠦᠨ ᠱᠠᠳᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠬᠦ ᠶᠠᠪᠤᠴᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ | ᠪᠠᠷᠢᠮᠵᠢᠶ᠎ᠠ ᠪᠣᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ | ᠶᠠᠪᠤᠴᠠ ᠶᠢ ᠰᠢᠯᠢᠳᠡᠭᠵᠢᠭᠦᠯᠬᠦ᠂ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠬᠦᠷᠢᠶ᠎ᠡ | ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠣᠯᠠᠨ | ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠡᠮᠴᠢᠯᠡᠭᠡᠨ ᠤ ᠦᠢᠯᠡᠴᠢᠯᠡᠭᠡᠨ ᠤ ᠣᠯᠠᠨ ᠡᠰᠢᠵᠢᠭᠦᠯᠦᠯᠲᠡ ᠶᠢ | ᠪᠡᠶᠡᠯᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ | ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ | ᠠᠷᠠᠳ ᠣᠯᠠᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ | ᠬᠤᠶᠠᠷ ᠲᠤ ᠰᠢᠨᠵᠢᠯᠡᠬᠦ ᠤᠬᠠᠭᠠᠨᠴᠢ ᠳᠡᠬᠡᠳᠦ ᠳᠠᠪᠬᠤᠷᠭ᠎ᠠ ᠶᠢᠨ ᠵᠢᠷᠤᠭ ᠳᠦᠯᠦᠪᠯᠡᠭᠡ ᠶᠢ ᠴᠢᠬᠤᠯᠠᠴᠢᠯᠠᠬᠤ | ᠬᠡᠷᠡᠭᠳᠡᠢ | ᠠᠯᠪᠠᠨ ᠠᠴᠠ ᠪᠠᠶᠢᠭᠤᠯᠤᠭᠰᠠᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠬᠦ ᠶᠠᠪᠤᠴᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠮᠠᠭᠲᠠ ︽ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ᠂ | ᠲᠥᠪᠯᠡᠷᠡᠭᠦᠯᠦᠨ ᠡᠷᠴᠢᠮᠵᠢᠭᠦᠯᠬᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠦᠷᠭᠦᠯᠵᠢᠯᠡᠨ ᠬᠥᠭᠵᠢᠭᠦᠯᠬᠦ︾ | ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠮᠨᠡᠯᠭᠡ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠰᠠᠯᠠᠭ᠎ᠠ ᠮᠥᠴᠢᠷ ᠤᠨ ᠬᠠᠮᠵᠢᠯᠴᠠᠨ ᠠᠬᠢᠭᠤᠯᠬᠤ ᠶᠢ ᠴᠢᠩᠭᠠᠳᠬᠠᠬᠤ᠂ ᠰᠢᠶᠠᠨ ᠤ | ᠬᠡᠪᠴᠢᠶᠡᠨ ᠤ ᠡᠮᠴᠢᠯᠡᠭᠡᠨ ᠤ ᠡᠬᠢ ᠪᠠᠶᠠᠯᠢᠭ ᠢ ᠳᠠᠬᠢᠨ ᠪᠣᠶ ᠪᠣᠯᠭᠠᠬᠤ᠂ ᠳᠣᠲᠣᠭᠠᠳᠤ ᠶᠢᠨ ᠠᠵᠢᠯᠯᠠᠭᠠᠨ ᠤ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠪᠠᠷ ᠭᠤᠤᠯᠳᠠᠯᠭ᠎ᠠ ᠪᠣᠯᠭᠠᠵᠤ᠂ ︽ᠮᠣᠩᠭᠤᠯ ᠡᠮᠨᠡᠯᠭᠡ ᠶᠢ ᠬᠦᠴᠦᠷᠬᠡᠭᠵᠢᠭᠦᠯᠬᠦ᠂ | ᠬᠢᠲᠠᠳ ᠡᠮᠨᠡᠯᠭᠡ ᠶᠢ ᠪᠤᠵᠠᠭᠠᠶᠢᠷᠠᠭᠤᠯᠬᠤ᠂ ᠧᠦ᠋ᠷᠣᠫᠠ ᠡᠮᠨᠡᠯᠭᠡ ᠶᠢ ᠨᠠᠷᠢᠯᠢᠭᠵᠢᠭᠤᠯᠬᠤ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠭᠦᠯᠬᠦ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ | ᠲᠣᠭᠲᠠᠭᠠᠵᠤ᠂ ᠳᠠᠪᠠᠭᠤᠯᠢᠭ ᠤᠨᠴᠠᠯᠢᠬᠳᠤ ᠬᠦᠴᠦᠨ ᠢ ᠲᠥᠪᠯᠡᠷᠡᠭᠦᠯᠦᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ | ᠡᠭᠦᠨ ᠤ ᠤᠯᠠᠮ ᠢᠶᠠᠷ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠰᠢᠶᠠᠩ ᠢᠶᠠᠷ ᠲᠣᠰᠬᠤᠨ ᠢ ᠲᠠᠶᠢᠴᠢᠯᠠᠬᠤ | ᠪᠠ ᠬᠤᠰᠢᠭᠤ ᠰᠢᠶᠠᠩ ᠢ ᠨᠢᠭᠡ ᠴᠣᠭᠴᠠᠵᠢᠭᠤᠯᠬᠤ᠂ ᠰᠢᠶᠠᠩ ᠲᠣᠰᠬᠤᠨ ᠢ ᠨᠢᠭᠡ ᠴᠤᠭᠴᠠᠵᠢᠭᠤᠯᠬᠤ ᠶᠢ ᠠᠬᠢᠭᠤᠯᠵᠤ | ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠠᠶᠢᠴᠢᠯᠠᠨ | ᠳᠡᠭᠡᠭᠰᠢᠯᠡᠭᠦᠯᠪᠡ᠃ | ᠭᠤᠷᠪᠠ ᠳᠤ᠂ ᠰᠢᠢᠳᠪᠦᠷᠢᠯᠡᠭᠳᠡᠬᠦᠢ ᠰᠡᠳᠬᠢᠬᠦᠢ ᠪᠠᠨ ᠴᠢᠩᠭᠠᠳᠬᠠᠬᠤ ᠬᠡᠷᠡᠭᠲᠡᠢ | ᠮᠠᠨ ᠤ ᠬᠤᠰᠢᠭᠤᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠲᠠᠷᠬᠠᠯᠲᠠ ᠲᠡᠩᠴᠡᠭᠦᠷᠢ ᠥᠬᠡᠶ᠂ | ᠪᠦᠲᠦᠴᠡ ᠵᠦᠶ ᠵᠣᠬᠢᠰ ᠥᠬᠡᠶ᠂ ᠦᠢᠯᠡᠴᠢᠯᠡᠭᠡᠨ ᠤ ᠬᠢᠷᠢ ᠲᠦᠪᠰᠢᠨ ᠥᠨᠳᠥᠷ ᠪᠢᠰᠢ ᠵᠢᠴᠢ ᠠᠪᠳᠠᠷ᠎ᠠ ᠳᠠᠬᠢ ᠪᠠᠨ | ᠣᠷᠬᠢᠵᠤ ᠠᠯᠤᠰ ᠠᠴᠠ ᠡᠷᠢᠬᠦ᠂ ᠣᠷᠣᠨ ᠪᠦᠰᠡ ᠠᠯᠤᠰᠯᠠᠨ ᠡᠮᠴᠢᠯᠡᠭᠡ ᠶᠢ ᠬᠥᠭᠡᠭᠡᠴᠡᠯᠳᠦᠬᠦ ᠪᠣᠳᠠᠲᠠᠶ | ᠠᠰᠠᠭᠤᠳᠠᠯ ᠤᠨ ᠡᠮᠦᠨ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠰᠢᠢᠳᠪᠦᠷᠢᠯᠡᠭᠳᠡᠬᠦᠢ | ᠰᠡᠳᠬᠢᠬᠦᠶ ︾ ᠶᠢ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠬᠤ ᠶᠢ ᠪᠠᠷᠢᠮᠲᠠᠯᠠᠵᠤ᠂ ᠦᠢᠯᠡᠳᠦᠯᠡᠭᠡ ᠶᠢᠨ | ᠳᠤᠮᠳᠠ ︽ᠨᠢᠭᠡ ᠴᠡᠭ ᠠᠴᠠ ᠣᠯᠠᠨ ᠴᠡᠭ᠂ ᠣᠯᠠᠨ ᠴᠡᠭ ᠠᠴᠠ ᠣᠯᠠᠨ ᠴᠡᠭ ᠲᠠᠢ ᠵᠣᠯᠭᠠᠭᠤᠯᠬᠤ︾ ᠣᠨᠣᠰᠢᠯᠠᠨ | ᠡᠮᠨᠡᠬᠦ ᠦᠢᠯᠡᠴᠢᠯᠡᠭᠡᠨ ᠤ ᠲᠣᠭᠳᠠᠯᠴᠠᠭ᠎ᠠ᠂ ︽ᠡᠪᠡᠳᠴᠢᠲᠡᠨ ᠢ ᠭᠦᠶᠦᠯᠭᠡᠬᠦ ᠥᠬᠡᠶ᠂ ᠡᠮᠴᠢ ᠭᠦᠶᠦᠬᠦ︾ ᠵᠢᠴᠢ | ᠨᠢᠭᠡ ᠨᠢᠭᠡ ᠪᠠᠷ ᠬᠠᠪᠰᠤᠷᠤᠨ ᠲᠡᠳᠬᠦᠵᠦ ᠣᠨᠣᠰᠢᠯᠠᠨ ᠡᠮᠨᠡᠬᠦ ᠵᠡᠷᠭᠡ ᠣᠯᠠᠨ ᠡᠰᠢᠵᠢᠭᠰᠡᠨ ᠦᠢᠯᠡᠴᠢᠯᠡᠭᠡᠨ ᠤ | ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ | ᠪᠦᠲᠦᠮᠵᠢᠲᠡᠶ᠂ ᠳᠥᠭᠦᠮ ᠳᠥᠲᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠪᠠ᠃ | |