ᠵᠢᠶᠠ ᠪᠦᠦ ᠯᠢᠶᠠᠩ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/23
      11 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠥᠪᠥᠷ ᠮᠣᠩᠭᠤᠯ ᠤᠨ ᠵᠢᠬᠤᠪᠤᠭ᠎ᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠩ ᠸᠧᠶ ᠪᠣᠬᠢᠷᠲᠤᠯ ᠥᠬᠡᠶ ᠦᠨᠳᠦᠰᠦᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠬᠦᠷᠦᠭᠰᠡᠨ ᠭᠠᠵᠠᠷ ᠪᠣᠯᠭᠠᠨ ᠳᠤ᠂ ᠵᠢᠶᠠ ᠪᠦᠦ ᠯᠢᠶᠠᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠦᠨᠳᠦᠰᠦᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠢᠨ ᠦᠢᠯᠡᠴᠢᠯᠡᠭᠡᠨ ᠤ ᠤᠬᠠᠮᠰᠠᠷ᠂ ᠬᠠᠮᠢᠶᠠᠷᠤᠯᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ︽ᠰᠢᠢᠳᠪᠤᠷᠢᠯᠡᠭᠳᠡᠭᠦᠢ ᠰᠡᠳᠬᠢᠬᠦᠶ︾ ᠶᠢ ᠳᠣᠪᠤᠶᠢᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠪᠠᠷᠢᠮᠲᠠᠯᠠᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠥᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠪᠥᠬᠦ ᠬᠦᠴᠦᠨ ᠢᠶᠠᠷ ᠴᠢᠩᠭ᠎ᠠ ᠠᠳᠬᠤᠵᠤ᠂ ᠲᠦᠷᠭᠡᠨ ᠠᠵᠢᠯᠯᠠᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠳᠡᠭᠡᠷ᠎ᠡ ᠬᠦᠴᠦ ᠲᠠᠯᠪᠢᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠨ᠂ ᠨᠠᠩ ᠣᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠪᠣᠯᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠪᠣᠳᠠᠲᠠᠢ ᠨᠠᠷᠢᠯᠢᠭ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠤᠪᠤᠶᠢᠯᠭᠠᠨ ᠰᠠᠶᠢᠲᠤᠷ ᠬᠢᠵᠦ ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠲᠦᠮᠵᠢᠲᠡᠢ ᠠᠷᠢᠯᠭᠠᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃      ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ᠂ ᠰᠦᠨ ᠿᠢ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠪᠠᠶᠢᠭᠤᠯᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号