ᠬᠠᠶᠢᠷ᠎ᠠ ᠪᠠᠷ ᠬᠠᠷᠠᠭᠠᠨ ᠤ ᠰᠠᠭᠠᠳ ᠲᠠᠢ ᠬᠥᠮᠦᠰ ᠤᠨ ᠤᠷᠤᠭᠰᠢᠯᠠᠬᠤ ᠵᠠᠮ ᠢ ᠭᠡᠷᠡᠯᠳᠦᠬᠦᠯᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠠᠷᠠᠭᠠᠨ ᠤ ᠵᠡᠮᠳᠡᠭᠴᠦᠳ ᠲᠤ ᠰᠢᠶᠣᠣ ᠳ᠋ᠦ᠋ ᠯᠠᠪᠠᠷ ᠲᠦᠭᠡᠭᠡᠪᠡ
ᠨᠡᠶᠢᠲᠡᠯᠡᠭᠰᠡᠨ ᠴᠠᠭ᠄
2024/11/25
      ᠤᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠥᠮᠦᠨ ᠤ ᠰᠡᠳᠭᠢᠯ ᠢ ᠲᠤᠯᠠᠭᠠᠴᠠᠭᠤᠯᠤᠭᠰᠠᠨ ᠠᠵᠢᠯᠯᠠᠭ᠎ᠠ ᠥᠷᠨᠢᠭᠦᠯᠵᠦ᠂ 25 ᠬᠠᠷᠠᠭᠠᠨ ᠤ ᠰᠠᠭᠠᠳ ᠲᠠᠢ ᠬᠥᠮᠦᠰ ᠲᠤ ᠰᠢᠶᠣᠣ ᠳ᠋ᠦ᠋ ᠣᠶᠤᠨᠴᠢ ᠯᠠᠪᠠᠷ ᠲᠦᠭᠡᠭᠡᠪᠡ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠨᠢᠭᠡᠨ ᠴᠣ ᠰᠢᠨ᠎ᠡ ᠰᠢᠶᠣᠣ ᠳ᠋ᠦ᠋ ᠣᠶᠤᠨᠴᠢ ᠯᠠᠪᠠᠷ ᠢ ᠬᠠᠷᠠᠭᠠᠨ ᠤ ᠰᠠᠭᠠᠳ ᠲᠠᠢ ᠬᠥᠮᠦᠰ ᠲᠤ ᠬᠦᠷᠭᠡᠬᠦ ᠶᠢᠨ ᠬᠠᠮᠲᠤ ᠲᠡᠳᠡᠨ ᠳᠤ ᠯᠠᠪᠠᠷ ᠢ ᠬᠡᠷᠡᠭᠯᠡᠬᠦ ᠠᠷᠭ᠎ᠠ ᠪᠣᠯᠤᠨ ᠴᠢᠳᠠᠮᠵᠢ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠪᠡ᠃ ᠡᠳᠡᠭᠡᠷ ᠰᠢᠶᠣᠣ ᠳ᠋ᠦ᠋ ᠣᠶᠤᠨᠴᠢ ᠯᠠᠪᠠᠷ ᠨᠢ ᠶᠠᠭ ᠨᠢᠭᠡ ᠭᠤᠶᠣ ᠰᠠᠶᠢᠬᠠᠨ ᠶᠢᠷᠲᠢᠨᠴᠦ ᠶᠢ ᠨᠡᠭᠡᠭᠡᠬᠦ ᠲᠦᠯᠬᠢᠭᠦᠷ ᠮᠡᠳᠦ᠂ ᠬᠠᠷᠠᠭᠠᠨ ᠤ ᠰᠠᠭᠠᠳ ᠲᠠᠢ ᠬᠥᠮᠦᠰ ᠤᠨ ᠠᠮᠢᠳᠤᠷᠠᠯ ᠳᠤ ᠨᠡᠩ ᠣᠯᠠᠨ ᠳᠥᠭᠦᠮ ᠪᠠ ᠪᠠᠶᠠᠷ ᠪᠠᠭ᠋ᠠᠳᠤᠯ ᠠᠪᠴᠢᠷᠠᠬᠤ ᠪᠣᠯᠤᠨ᠎ᠠ᠃     ᠨᠢᠭᠡᠨ ᠬᠠᠷᠠᠭᠠᠨ ᠤ ᠰᠠᠭᠠᠳ ᠲᠠᠢ ᠬᠥᠮᠥᠨ ᠯᠠᠪᠠᠷ ᠣᠯᠣᠭᠰᠠᠨ ᠤ ᠳᠠᠷᠠᠭ᠎ᠠ᠂ ᠪᠠᠶᠠᠷ ᠪᠠᠭ᠋ᠠᠳᠤᠯ ᠲᠠᠢ ᠪᠠᠷ᠄ ︽ᠡᠨᠡ‌‍ᠰᠢᠶᠣᠣ ᠳ᠋ᠦ᠋ ᠣᠶᠤᠨᠴᠢ ᠯᠠᠪᠠᠷ ᠦᠨᠡᠬᠡᠷ ᠰᠠᠶᠢᠨ ᠪᠠᠶᠢᠨ᠎ᠠ᠂ ᠬᠤᠶᠢᠰᠢᠳᠠ ᠪᠢ ᠡᠬᠦᠨ ᠢᠶᠠᠷ ᠳᠠᠮᠵᠢᠭᠤᠯᠤᠨ ᠡᠯ᠎ᠡ ᠵᠦᠢᠯ ᠤᠨ ᠲᠣᠭᠯᠠᠯᠲᠠ ᠶᠢ ᠰᠣᠨᠣᠰᠴᠤ᠂ ᠭᠠᠳᠠᠨᠠᠬᠢ ᠶᠢᠷᠲᠢᠨᠴᠦ ᠶᠢ ᠣᠶᠢᠯᠠᠭᠠᠵᠤ᠂ ᠲᠠᠬᠢᠵᠤ ᠭᠠᠭᠴᠠᠭᠠᠷᠳᠠᠬᠤ ᠦᠭᠡᠢ ᠪᠤᠯᠤᠨ᠎ᠠ︾ ᠭᠡᠪᠡ᠃ ᠪᠠᠰᠠ ᠨᠢᠭᠡ ᠬᠠᠷᠠᠭᠠᠨ ᠤ ᠰᠠᠭᠠᠳ ᠲᠠᠢ ᠬᠦᠮᠦᠨ ᠴᠤ᠄ ︽ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠡᠷᠦ ᠠᠴᠠ ᠪᠢᠳᠡᠨ ᠢ ᠮᠠᠰᠢ ᠶᠡᠭᠡ ᠬᠠᠯᠠᠮᠵᠢᠯᠠᠳᠠᠭ᠂ ᠲᠣᠰ ᠤᠳᠠᠭᠠᠨ ᠤ ᠪᠡᠯᠡᠭ ᠪᠢᠳᠡᠨ ᠳᠤ ᠦᠨᠡᠨ ᠪᠣᠳᠠᠲᠠᠶ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠢᠮᠠᠭᠲᠠ ᠬᠠᠷᠠᠭᠠᠨ ᠤ ᠰᠠᠭᠠᠳ ᠲᠠᠢ ᠬᠥᠮᠦᠰ ᠵᠡᠷᠭᠡ ᠵᠡᠮᠳᠡᠭᠴᠦᠳ ᠢ ᠬᠠᠯᠠᠮᠵᠢᠯᠠᠬᠤ ᠪᠠᠷ ᠴᠢᠬᠤᠯᠠ ᠠᠵᠢᠯ  ᠢᠶᠠᠨ ᠪᠤᠯᠭᠠᠳᠠᠭ᠃ ᠲᠡᠳᠡ ᠬᠠᠷᠠᠭᠠᠨ ᠤ ᠰᠠᠭᠠᠳ ᠲᠠᠢ ᠬᠥᠮᠦᠰ ᠤᠨ ᠬᠡᠷᠡᠭᠴᠡᠭᠡ ᠶᠢ ᠢᠳᠡᠪᠬᠢᠲᠡᠶ ᠣᠶᠢᠯᠠᠭᠠᠵᠤ᠂ ᠲᠡᠳᠡᠨ ᠳᠤ ᠨᠠᠩ ᠣᠯᠠᠨ ᠬᠠᠪᠰᠤᠷᠤᠯᠭ᠎ᠠ ᠳᠡᠮᠵᠢᠯᠭᠡ ᠬᠠᠩᠭᠠᠬᠤ ᠪᠠᠷ ᠴᠢᠷᠮᠠᠶᠢᠳᠠᠭ᠃ ᠡᠷᠡᠭᠦᠯᠵᠢᠯ ᠤᠨ ᠦᠢᠯᠡᠴᠢᠯᠡᠭᠡ ᠠᠴᠠ ᠠᠵᠢᠯ ᠣᠯᠭᠤᠯᠲᠠ ᠶᠢᠨ ᠵᠢᠯᠣᠭᠤᠳᠣᠯᠭ᠎ᠠ ᠬᠦᠷᠲᠡᠯ᠎ᠡ᠂ ᠠᠮᠢᠳᠤᠷᠠᠯ ᠤᠨ ᠨᠥᠬᠦᠪᠥᠷᠢ ᠠᠴᠠ ᠣᠶᠤᠨ ᠰᠠᠨᠠᠭᠠᠨ ᠤ ᠬᠠᠯᠠᠮᠵᠢᠯᠠᠯ ᠬᠦᠷᠲᠡᠯ᠎ᠡ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠪᠣᠳᠠᠲᠤ ᠠᠵᠢᠯᠯᠠᠭ᠎ᠠ ᠪᠠᠷ ᠢᠶᠠᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠠᠮᠠᠯᠠᠯᠲᠠ ᠶᠢ ᠦᠢᠯᠡᠳᠦᠯᠭᠡᠵᠢᠭᠦᠯᠵᠡᠢ᠃     ᠲᠣᠰ ᠤᠳᠠᠭᠠᠨ ᠤ ᠰᠢᠶᠤᠤ ᠳ᠋ᠦ᠋ ᠤᠶᠤᠨᠴᠢ ᠯᠠᠪᠠᠷ ᠤᠨ ᠠᠵᠢᠯᠯᠠᠭ᠎ᠠ ᠨᠢ ᠪᠣᠳᠠᠰ ᠤᠨ ᠲᠠᠯ᠎ᠠ ᠪᠠᠷ ᠬᠢ ᠬᠠᠶᠢᠷ᠎ᠠ ᠬᠠᠯᠠᠮᠵᠢ ᠪᠣᠯᠬᠤ ᠪᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠣᠯᠤᠨ᠎ᠠ᠃ ᠲᠡᠷᠡ ᠨᠢ ᠬᠠᠷᠠᠭᠠᠨ ᠤ ᠰᠠᠭᠠᠳ ᠲᠠᠢ ᠬᠥᠮᠦᠰ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠲᠡᠳᠡᠨ ᠳᠤ ᠠᠮᠢᠳᠤᠷᠠᠯ ᠤᠨ ᠢᠲᠡᠭᠡᠯ ᠵᠣᠷᠢᠭ ᠢ ᠨᠡᠮᠡᠭᠳᠡᠭᠦᠯᠵᠡᠶ᠃     ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠦᠷᠭᠦᠯᠵᠢᠯᠡᠨ ᠴᠢᠷᠮᠠᠶᠢᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠬᠠᠷᠠᠭᠠᠨ ᠤ ᠰᠠᠭᠠᠳ ᠲᠠᠢ ᠬᠥᠮᠦᠰ ᠵᠢᠴᠢ ᠪᠤᠢ ᠪᠦᠬᠦᠢ ᠵᠡᠮᠳᠡᠭᠴᠦᠳ ᠲᠤ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠴᠦ᠂ ᠬᠠᠶᠢᠷ᠎ᠠ ᠪᠠᠷ ᠲᠡᠳᠡᠨ ᠤ ᠤᠷᠤᠭᠰᠢᠯᠠᠬᠤ ᠵᠠᠮ  ᠢ ᠭᠡᠷᠡᠯᠳᠦᠬᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号