11 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠮᠥᠩᠭᠦᠨ ᠨᠠᠰᠤᠨ ᠤ ᠠᠵᠢᠯᠯᠠᠭ᠎ᠠ︾ ᠶᠢᠨ | ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠪᠣᠯᠤᠨ ᠱᠠᠩᠬᠠᠶ ᠬᠤᠲᠠ ᠶᠢᠨ ᠶᠠᠩ | ᠫᠦ᠋ ᠲᠣᠭᠤᠷᠢᠭ ᠤᠨ ︽ᠯᠤᠤ ᠶᠠᠩ ᠱᠤ᠋ ᠤᠬᠠᠭᠤᠯᠤᠨ ᠲᠠᠶᠢᠯᠪᠤᠷᠢᠯᠠᠬᠤ ᠴᠤᠭᠯᠠᠭᠠᠨ︾ ᠤ ᠪᠥᠬᠦ ᠨᠥᠬᠦᠳ ᠲᠤ | ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠵᠢᠴᠢ ᠠᠷᠠᠳ ᠤᠨ ᠶᠠᠪᠤᠳᠠᠯ ᠤᠨ ᠠᠵᠢᠯ᠂ ᠭᠤᠸᠠᠩᠳᠦ᠋ᠩ ᠤᠨ ᠵᠦᠬᠠᠶ ᠬᠤᠲᠠ ᠶᠢᠨ | ᠮᠠᠰᠢᠨ ᠲᠡᠷᠭᠡ ᠵᠢᠯᠣᠭᠤᠳᠤᠨ ᠶᠠᠪᠠᠭᠠᠨ ᠬᠥᠮᠦᠨ ᠢ ᠳᠠᠭᠠᠷᠢᠭᠰᠠᠨ ᠬᠡᠷᠡᠭ ᠤᠨ ᠲᠤᠬᠠᠶ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠮᠥᠩᠭᠦᠨ ᠨᠠᠰᠤᠨ ᠤ | ᠠᠵᠢᠯᠯᠠᠭ᠎ᠠ︾ ᠶᠢ ᠥᠷᠨᠢᠭᠦᠯᠵᠥ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾᠂ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ᠂ ᠣᠨᠴᠠᠭᠠᠶ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ᠂ ︽ | ᠨᠠᠰᠣᠳᠠᠨ ᠨᠢᠯᠬᠠᠰ︾ ᠤᠨ ᠦᠢᠯᠡᠴᠢᠯᠡᠭᠡᠨ ᠤ ᠪᠠᠳᠣᠯᠭ᠎ᠠ᠂ ︽ᠠᠬᠠᠮᠠᠳ ᠤᠨ ᠬᠤᠭᠤᠯᠠᠨ ᠬᠡᠷ︾ ᠤᠨ ᠡᠵᠡᠩᠨᠡᠯᠲᠡ | ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠲᠠ ᠶᠢᠨ ᠳᠦᠷᠰᠦ ᠪᠠᠶᠢᠳᠠᠯ ᠤᠨ ︽ | ᠵᠢᠷᠭᠤᠭᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ︾ ᠶᠢ ᠭᠦᠨᠵᠡᠭᠡᠶᠢᠷᠡᠭᠦᠯᠦᠨ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠠᠵᠢᠯ ᠲᠦᠷᠦᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠲᠣᠭᠲᠠᠭᠤᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠵᠥᠷᠢᠴᠡᠯ ᠠᠶᠤᠯ ᠲᠦᠭᠰᠢᠭᠦᠷᠢ ᠶᠢ ᠬᠠᠮᠢᠶᠠᠷᠬᠤ︾ ᠶᠢ ᠪᠠᠷᠢᠮᠲᠠᠯᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ | ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ | ᠲᠣᠣᠷ ᠢ ᠨᠢᠭᠲᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ | ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ | ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠪᠦᠳᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠵᠤ᠂ ᠪᠣᠳᠠᠲᠠᠢ ᠳᠤ ᠰᠠᠭᠤᠷᠢᠯᠠᠨ ᠰᠡᠳᠬᠢᠴᠡ ᠪᠠᠨ | ᠲᠣᠳᠣᠷᠬᠠᠶᠢᠯᠠᠵᠤ᠂ ᠵᠥᠷᠢᠶ᠎ᠡ ᠪᠠᠨ ᠡᠷᠢᠵᠦ᠂ ᠡᠭᠦᠷᠭᠡ ᠪᠠᠨ ᠲᠣᠭᠲᠠᠭᠠᠵᠤ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠬᠦ᠂ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ | ᠬᠦᠷᠢᠶᠡᠯᠡᠩ ᠲᠣᠭᠤᠷᠢᠭ ᠢ ᠪᠦᠬᠦ ᠬᠤᠳᠠ ᠳᠤ ᠲᠡᠷᠢᠭᠦᠨ ᠳᠤ ᠣᠷᠣᠭᠤᠯᠬᠤ ᠪᠠᠷ ᠴᠢᠷᠮᠠᠶᠢᠬᠤ ᠶᠢ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ | ᠠᠮᠢ ᠠᠬᠤᠢ ᠶᠢᠨ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠠᠵᠢᠯ ᠤᠨ ᠰᠠᠨᠠᠭᠤᠯᠭ᠎ᠠ﹀ ᠶᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠵᠦ᠂ ᠴᠢᠩᠭ᠎ᠠ ᠠᠳᠬᠤᠨ | ᠳᠥᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |