ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠠᠷᠢᠯᠢᠭ ᠣᠨᠤᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠲᠠᠭᠠᠭᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/11/27
ᠨᠢᠭᠡ᠂ ᠠᠬᠤᠢ ᠪᠠᠶᠢᠳᠠᠯ ᠪᠠ ᠡᠭᠦᠰᠦᠭᠰᠡᠨ ᠰᠢᠯᠳᠠᠭᠠᠨ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠪᠤᠭᠤᠲᠤ ᠬᠤᠲᠠ ᠶᠢᠨ ᠴᠣᠷ ᠤᠨ ᠭᠠᠭᠴᠠ ᠮᠠᠯ ᠠᠵᠤ ᠠᠬᠤᠶ ᠪᠠᠷ ᠭᠤᠤᠯ ᠴᠣᠭᠴᠠ ᠪᠣᠯᠭᠠᠭᠰᠠᠨ ᠮᠠᠯᠵᠢᠬᠤ ᠬᠤᠰᠢᠭᠤ ᠪᠣᠯᠤᠨ᠎ᠠ᠂ ᠣᠶᠢᠷ᠎ᠠ ᠶᠢᠨ ᠵᠢᠯ ᠳᠤ᠂ ᠬᠤᠰᠢᠭᠤᠨ ᠤ ᠳᠣᠲᠣᠷᠠᠬᠢ ᠮᠠᠯ ᠤᠨ ᠲᠤᠭ᠎ᠠ ᠲᠣᠯᠣᠭᠠᠶ ᠨᠡᠮᠡᠭᠳᠡᠬᠦ᠂ ᠲᠡᠵᠢᠭᠡᠯ ᠡᠪᠡᠰᠦ ᠪᠤᠷᠳᠤᠭᠠᠨ ᠤ ᠬᠠᠩᠭᠠᠯᠭ᠎ᠠ ᠬᠦᠷᠦᠯᠴᠡᠬᠦ ᠥᠬᠡᠶ᠂ ᠪᠤᠳᠠᠯᠢᠭ ᠮᠣᠳᠣ ᠡᠪᠡᠰᠦ ᠪᠤᠷᠳᠤᠭᠠᠨ ᠤ ᠠᠰᠢᠭᠯᠠᠯᠲᠠ ᠶᠢᠨ ᠨᠣᠷᠮ᠎ᠠ ᠥᠨᠳᠥᠷ ᠪᠢᠰᠢ᠂ ᠬᠠᠰᠢᠶᠠᠯᠠᠨ ᠲᠡᠵᠢᠭᠡᠵᠦ ᠪᠠᠶᠢᠭ᠎ᠠ ᠰᠠᠭᠤᠷᠢ ᠲᠥᠬᠦᠭᠡᠷᠦᠮᠵᠢ  ᠭᠦᠢᠴᠡᠳ ᠪᠤᠰᠤ ᠵᠡᠷᠭᠡ ᠬᠦᠴᠦᠨ ᠵᠦᠢᠯ ᠠᠴᠠ ᠪᠣᠯᠵᠣ᠂ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠥᠬᠡᠶ᠂ ᠳᠠᠭᠠᠭᠠᠴᠠ ᠠᠴᠠ ᠭᠡᠳᠦᠷᠡᠳᠡᠯ᠎ᠡ ᠮᠠᠯᠵᠢᠬᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠬᠦᠨᠳᠦ ᠨᠣᠴᠢᠲᠠᠶ ᠮᠠᠭᠤᠳᠠᠭᠰᠠᠨ ᠵᠡᠷᠭᠡ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠨ᠎ᠠ᠃ ᠠᠳᠡ ᠰᠠᠭᠤᠷᠢᠯᠠᠵᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠣᠭᠤᠭᠠᠷᠠᠭᠤᠯᠬᠤ︾ ᠮᠥᠷᠲᠡᠭᠡᠨ ︽ᠪᠠᠶᠠᠵᠢᠬᠤ︾ ᠶᠢ ᠪᠠᠷᠢᠮᠲᠠᠯᠠᠬᠤ ᠶᠢᠨ ᠲᠣᠭᠤᠷᠢᠨ ᠳᠤ ᠂ ︽ᠰᠢᠢᠳᠪᠦᠷᠢᠯᠡᠭᠳᠡᠬᠦᠢ ᠰᠡᠳᠬᠢᠬᠦᠢ︾ ᠪᠠᠷ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠲᠠᠯ᠎ᠠ ᠠᠴᠠ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠳᠠᠭᠠᠭᠠᠴᠠ ᠠᠴᠠ ᠭᠡᠳᠦᠷᠡᠭᠰᠡᠨ ᠨᠣᠷᠮ᠎ᠠ ᠶᠢᠨ ᠵᠢᠭᠠᠯᠲᠠ ᠲᠤᠭ᠎ᠠ 22% ᠪᠠᠶᠢᠭᠰᠠᠨ ᠠᠴᠠ ᠪᠠᠨ 8% ᠪᠣᠯᠲᠠᠯ᠎ᠠ ᠪᠠᠭᠤᠷᠠᠬᠤ ᠶᠢ ᠠᠬᠢᠭᠤᠯᠵᠤ᠂ ᠣᠶᠢᠷ᠎ᠠ ᠶᠢᠨ ᠵᠢᠯ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠭᠰᠡᠨ ᠨᠣᠷᠮ᠎ᠠ ᠥᠨᠳᠥᠷ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠥᠬᠦ ᠲᠣᠭᠤᠷᠢᠭ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠤᠨ ᠬᠠᠷᠠᠯᠲᠠ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠣᠯᠠᠨ ᠡᠰᠢᠲᠦ ᠬᠥᠭᠵᠢᠯᠲᠡ ᠶᠢᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠵᠢᠯᠴᠠᠬᠤ ᠥᠨᠳᠥᠷ ᠪᠦᠲᠦᠮᠵᠢᠲᠡᠶ ᠬᠠᠷᠢᠭᠤᠴᠠᠯᠭ᠎ᠠ ᠶᠢᠨ ᠵᠢᠭᠰᠠᠭᠠᠯ ᠢ ᠪᠠᠶᠢᠭᠤᠯᠪᠠ᠃ ᠲᠠᠯ᠎ᠠ ᠨᠤᠲᠤᠭ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠤᠯᠳᠠ ᠲᠠᠢ᠂ ᠦᠷ᠎ᠡ ᠪᠦᠲᠦᠮᠵᠢ ᠲᠠᠢ ᠪᠠᠶᠢᠯᠭᠠᠬᠤ ᠶᠢᠨ ᠲᠥᠯᠥᠭᠡ᠂ ᠬᠤᠰᠢᠭᠤᠨ ᠲᠠᠰ ᠤᠨ ︽ᠤᠳᠤᠷᠢᠳᠬᠤ ᠪᠠᠭ᠎ᠠ ᠳᠤᠭᠤᠶᠢᠯᠠᠩ᠂ ᠪᠡᠯᠴᠢᠭᠡᠷᠯᠡᠭᠦᠯᠬᠦ ᠶᠢ ᠵᠣᠭᠰᠤᠭᠠᠬᠤ ᠲᠤᠰᠬᠠᠶ ᠠᠩᠭᠢ᠂ ᠭᠤᠷᠪᠠᠨ ᠱᠠᠲᠤᠨ ᠤ ᠬᠠᠷᠢᠭᠤᠴᠠᠯᠭ᠎ᠠ︾ ᠶᠢᠨ ᠠᠵᠢᠯ ᠤᠨ ᠪᠠᠲᠤᠯᠠᠭ᠎ᠠ ᠶᠢᠨ ᠲᠣᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠪᠠ᠃ ᠮᠢᠩᠭᠠᠨ ᠪᠠᠯᠭᠠᠰᠤᠨ ᠤ ᠪᠠᠶᠠᠨᠬᠠᠩᠭᠠᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠰᠢᠷᠠᠮᠥ᠋ᠷᠡᠨ ᠪᠠᠯᠭᠠᠰᠤᠨ ᠤ ᠬᠤᠶᠠᠷ ᠭᠤᠣᠯᠳᠠᠯᠭ᠎ᠠ ᠲᠠᠢ ᠣᠷᠣᠨ ᠪᠦᠰᠡ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ︽ᠦᠷᠭᠡᠰᠦ ᠠᠪᠬᠤ︾ ᠠᠵᠢᠯᠯᠠᠭ᠎ᠠ ᠦᠷᠨᠢᠬᠦᠯᠵᠦ᠂ ᠲᠡᠵᠢᠭᠡᠨ ᠦᠷᠡᠵᠢᠭᠦᠯᠬᠦ ᠲᠤᠮᠤ ᠡᠷᠦᠬᠡ ᠠᠴᠠ ᠭᠠᠷᠳᠠᠵᠤ᠂ ᠲᠦᠷᠦ ᠶᠢᠨ ᠪᠤᠳᠤᠯᠭ᠎ᠠ ᠶᠢ ᠶᠠᠷᠢᠵᠤ᠂ ᠭᠠᠷᠬᠤ ᠵᠠᠮ ᠢ ᠰᠦᠪᠡᠭᠴᠢᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠠᠴᠠ ᠪᠢᠰᠢ ᠲᠡᠵᠢᠭᠡᠬᠦ ᠶᠢ ᠵᠣᠭᠰᠤᠭᠠᠬᠤ ᠦᠭᠡᠢ᠂ ᠮᠠᠯ ᠤᠨ ᠲᠤᠭ᠎ᠠ ᠲᠣᠯᠤᠭᠠᠢ ᠶᠢ ᠬᠠᠰᠤᠬᠤ ᠠᠴᠠ ᠪᠢᠰᠢ ᠣᠷᠤᠯᠭ᠎ᠠ ᠬᠠᠰᠤᠭᠳᠠᠬᠤ ᠦᠭᠡᠢ ᠪᠠᠶᠢᠬᠤ ᠶᠢ ᠪᠡᠶᠡᠯᠡᠭᠦᠯᠪᠡ᠃ ︽ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠰᠤᠮᠤ ᠰᠢᠶᠠᠩ ᠪᠠᠯᠭᠠᠰᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠭᠠᠴᠠᠭ᠎ᠠ ᠲᠣᠰᠬᠤᠨ ᠬᠠᠮᠲᠤ ᠪᠠᠷ ᠠᠬᠢᠭᠤᠯᠬᠤ︾ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠲᠣᠭᠳᠠᠯᠴᠠᠭ᠎ᠠ ᠶᠢ ᠵᠡᠷᠭᠡᠪᠡᠷ ᠪᠠᠶᠢᠭᠤᠯᠵᠤ᠂ 215 ᠨᠡᠷᠡᠰ ︽ᠭᠤᠷᠪᠠᠨ ᠱᠠᠲᠤᠨ ᠤ ᠣᠶ ᠰᠢᠭᠤᠶ ᠶᠢᠨ ᠳᠠᠷᠤᠭ᠎ᠠ︾ ᠪᠠ 402 ᠨᠡᠷᠡᠰ ᠳᠠᠭᠠᠭᠠᠴᠢᠯᠠᠭᠰᠠᠨ ᠭᠠᠴᠠᠭ᠎ᠠ ᠲᠣᠰᠬᠤᠨ ︵ᠡᠷᠦᠬᠡ ᠶᠢ ᠳᠠᠭᠠᠭᠠᠴᠢᠯᠠᠬᠤ ︶  ᠤ ᠺᠠᠳ᠋ᠷ ᠬᠠᠷᠢᠭᠤᠴᠠᠯᠭ᠎ᠠ ᠶᠢ ᠳᠠᠭᠠᠭᠠᠴᠢᠯᠠᠨ ᠬᠤᠯᠪᠣᠭᠠᠯᠠᠬᠤ ᠶᠢ ᠴᠢᠩᠭ᠎ᠠ ᠪᠤᠳᠠᠳᠠᠶᠢᠵᠢᠭᠤᠯᠬᠤ ᠶᠢᠨ ᠬᠠᠮᠲᠤ ︽ᠨᠢᠭᠡ ᠪᠠᠯᠭᠠᠰᠤ ᠨᠢᠭᠡ ᠬᠦᠰᠦᠨᠦᠭᠲᠦ︾ ᠶᠢᠨ ᠮᠠᠯ ᠤᠨ ᠲᠤᠭ᠎ᠠ ᠲᠣᠯᠤᠭᠠᠢ ᠶᠢ ᠪᠠᠭᠠᠰᠬᠠᠬᠤ ᠲᠥᠯᠥᠪᠯᠡᠭᠡ ᠶᠢ ᠬᠡᠷᠡᠭᠵᠢᠭᠦᠯᠵᠦ᠂ ᠬᠠᠭᠠᠰ ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠵᠤ᠂ ᠰᠠᠷ᠎ᠠ ᠶᠢᠨ ᠰᠡᠭᠦᠯᠴᠢ ᠪᠠᠷ ᠨᠢᠭᠡ ᠤᠳᠠᠭ᠎ᠠ ᠨᠠᠷᠢᠯᠢᠭ ᠪᠤᠳᠤᠵᠤ᠂ ᠰᠠᠭᠤᠷᠢ ᠲᠤᠭ᠎ᠠ ᠨᠢ ᠪᠦᠷᠢᠨ᠂ ᠪᠠᠶᠢᠳᠠᠯ ᠨᠢ ᠲᠣᠳᠣᠷᠬᠠᠶ᠂ ᠬᠦᠳᠡᠯᠥᠯᠳᠡ ᠨᠢ ᠣᠨᠣᠪᠴᠢᠲᠠᠶ ᠪᠠᠶᠢᠬᠤ ᠶᠢ ᠦᠨᠡᠨ ᠬᠦ ᠪᠠᠳᠤᠯᠠᠵᠠᠢ᠃      ︵ᠬᠤᠶᠠᠷ︶ ᠲᠡᠵᠢᠭᠡᠯ ᠪᠣᠷᠳᠤᠭᠠᠨ ᠤ ᠥᠪᠡᠷ ᠤᠨ ᠬᠠᠩᠭᠠᠯᠳᠠ ᠶᠢ ᠴᠢᠩᠭᠠᠳᠬᠠᠵᠤ᠂ ᠠᠮᠢ ᠠᠬᠤᠶ ᠶᠢᠨ ᠡᠪᠡᠰᠦᠨ ᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠪᠠ᠃ ᠨᠢᠭᠡ ᠳᠤ᠂ ᠲᠡᠵᠢᠭᠡᠯ ᠪᠣᠷᠳᠤᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ ᠤ ᠮᠠᠯᠵᠢᠬᠤ ᠣᠷᠣᠨ ᠤ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠲᠠᠷᠢᠶᠠᠯᠠᠬᠤ ᠣᠷᠣᠨ ᠤ ᠲᠠᠷᠢᠶᠠᠯᠠᠬᠤ ᠶᠢ ᠵᠣᠭᠰᠣᠭᠠᠬᠤ᠂ ᠡᠩ ᠤᠨ ᠲᠠᠷᠢᠶᠠᠨ ᠭᠠᠵᠠᠷ ᠲᠤ ᠡᠪᠡᠰᠦ ᠪᠣᠷᠳᠤᠭ᠎ᠠ ᠳᠠᠷᠢᠬᠤ ᠶᠢ ᠵᠣᠷᠢᠭᠵᠢᠭᠤᠯᠵᠤ᠂ 2024 ᠣᠨ ᠳᠤ ᠠᠮᠤ ᠪᠤᠳᠠᠭ᠎ᠠ ᠲᠡᠵᠢᠭᠡᠯ ᠪᠣᠷᠳᠤᠭ᠎ᠠ ᠪᠠ ᠡᠷᠳᠡᠨᠢ ᠰᠢᠰᠢ ᠶᠢ ᠬᠤᠣᠰᠯᠠᠭᠤᠯᠤᠨ ᠬᠡᠷᠡᠭᠯᠡᠵᠦ᠂ 35.1 ᠲᠦᠮᠡᠨ ᠮᠥ ᠲᠠᠷᠤᠰᠢᠭᠤᠯᠤᠭᠰᠠᠨ ᠡᠷᠳᠡᠨᠢ ᠰᠢᠰᠢ ᠳᠠᠷᠢᠵᠤ᠂ ᠴᠠᠷᠭᠠᠰᠤ᠂ ᠨᠣᠬᠠᠶ ᠶᠢᠨ ᠬᠤᠰᠢᠭᠤ᠂ ᠨᠠᠷᠢᠮᠤ ᠡᠪᠡᠰᠦ ᠵᠡᠷᠭᠡ ᠶᠢ 10.4 ᠲᠦᠮᠡᠨ ᠮᠥ ᠳᠠᠷᠢᠵᠤ᠂ 105 ᠲᠦᠮᠡᠨ ᠲᠣᠨ ᠦᠢᠯᠡᠳᠪᠦᠷᠢᠯᠡᠵᠦ ᠪᠣᠯᠬᠤ ᠡᠪᠡᠰᠦ ᠪᠤᠷᠳᠤᠭ᠎ᠠ ᠳᠠᠷᠢᠵᠤ᠂ ᠠᠳᠠᠯᠢ ᠬᠤᠭᠤᠴᠠᠭᠠᠨ ᠤ ᠬᠢ ᠠᠴᠠ 3.28% ᠪᠠᠷ ᠨᠡᠮᠡᠭᠳᠡᠪᠡ᠃ ᠬᠤᠶᠠᠷ ᠲᠤ᠂ ᠡᠪᠡᠰᠦ ᠪᠤᠷᠳᠤᠭᠠᠨ ᠤ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠪᠤᠲᠠᠯᠢᠭ ᠮᠣᠳᠣ ︵ᠬᠠᠷᠭᠠᠨ᠎ᠠ︶︶ ᠭᠤᠤᠷᠰᠤ ᠶᠢ ᠲᠡᠭᠰᠢᠯᠡᠨ᠂ ᠡᠰᠢ ᠰᠦᠷᠡᠯ ᠢ ᠪᠤᠷᠳᠤᠭᠤᠷ ᠪᠤᠯᠭᠠᠨ ᠠᠰᠢᠭᠯᠠᠬᠤ ᠵᠡᠷᠭᠡ ᠲᠥᠷᠥᠯ ᠵᠦᠢᠯ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠪᠥᠬᠦ ᠬᠤᠰᠢᠭᠤᠨ ᠳᠤ ᠵᠢᠯ ᠪᠦᠷᠢ ᠳᠤᠮᠳᠠᠴᠢ ᠪᠠᠷ 2 ᠲᠦᠮᠡᠨ ᠲᠣᠨ ᠠᠴᠠ ᠳᠡᠭᠡᠭᠰᠢ ᠲᠡᠵᠢᠭᠡᠯ ᠪᠣᠷᠳᠤᠭ᠎ᠠ ᠨᠡᠮᠡᠭᠳᠡᠪᠡ︔ 161 ᠲᠦᠮᠡᠨ ᠤᠷᠳᠤᠳᠬᠠᠯ ᠮᠧᠲᠷ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ ᠪᠣᠶᠢᠵᠢᠭᠤᠯᠤᠨ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠰᠡᠯᠭᠦᠨ ᠮᠠᠯᠵᠢᠬᠤ ᠳᠤ ᠬᠦᠴᠦ ᠨᠡᠮᠡᠷᠢᠯᠡᠵᠦ᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠳᠤ ᠬᠦᠴᠦᠯᠡᠪᠡ︔ ᠳᠤᠮᠳᠠ ᠵᠡᠷᠭᠡ ᠶᠢᠨ ᠲᠠᠴᠢᠷᠳᠠᠭᠰᠠᠨ ᠨᠤᠲᠤᠭ ᠪᠡᠯᠴᠢᠭᠡᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠬᠦᠷᠢᠶᠡᠯᠡᠨ ᠪᠢᠲᠡᠭᠦᠮᠵᠢᠯᠡᠵᠦ + ᠬᠠᠭᠠᠯᠪᠤᠷᠢᠯᠠᠬᠤ ᠦᠭᠡᠢ ᠪᠠᠷ  ᠨᠥᠬᠦᠨ ᠲᠠᠷᠢᠬᠤ  + ᠬᠥᠷᠥᠰᠥ ᠰᠢᠷᠣᠢ ᠳᠤ ᠪᠤᠷᠲᠤᠭᠤᠷ ᠨᠡᠮᠡᠬᠦ  + ᠬᠠᠮᠢᠶᠠᠷᠣᠨ ᠬᠠᠮᠠᠭᠠᠯᠠᠬᠤ︾ ᠠᠷᠭ᠎ᠠ ᠮᠠᠶ᠋ᠢᠭ ᠢᠶᠠᠷ 1.4 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ 3% - 5% ᠪᠠᠷ ᠳᠡᠭᠡᠭᠰᠢᠯᠡᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠢᠳᠡᠵᠦ ᠪᠣᠯᠬᠤ ᠡᠪᠡᠰᠦᠨ ᠤ ᠤᠨᠠᠯᠲᠠ ᠶᠢ 10% ᠪᠠᠷ ᠳᠡᠭᠡᠭᠰᠢᠯᠡᠭᠦᠯᠪᠡ᠃ ᠭᠤᠷᠪᠠ ᠳᠤ᠂ ᠡᠪᠡᠰᠦ ᠪᠣᠷᠳᠤᠭ᠎ᠠ ᠡᠳ᠋ᠰᠢᠭᠦᠯᠦᠨ ᠬᠠᠳᠠᠭᠠᠯᠠᠬᠤ ᠪᠠ ᠬᠠᠩᠭᠠᠬᠤ ᠲᠣᠭᠳᠠᠯᠴᠠᠭ᠎ᠠ ᠶᠢ ᠪᠠᠶᠢᠭᠤᠯᠤᠨ᠎ᠠ᠃ ᠼᠤᠤ ᠳ᠋ᠦ᠋ ᠺᠣᠮᠫᠠᠨᠢ ᠲᠠᠢ ᠬᠠᠮᠲᠤᠷᠠᠨ ᠮᠠᠯ ᠪᠡᠯᠴᠢᠭᠡᠷ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠠᠶᠢᠭᠤᠯᠤᠭᠰᠠᠨ ᠤ ᠳᠠᠷᠠᠭ᠎ᠠ ︽1ᠬᠤᠰᠢᠭᠤ ᠱᠠᠲᠤᠨ ᠤ ᠲᠡᠵᠢᠭᠡᠯ ᠡᠪᠡᠰᠦ ᠪᠣᠷᠳᠤᠭ᠎ᠠ ᠬᠠᠳᠠᠭᠠᠯᠠᠵᠤ ᠵᠥᠭᠡᠭᠡᠪᠦᠷᠢᠯᠡᠬᠦ ᠲᠥᠪ + 4 ᠰᠤᠮᠤ ᠰᠢᠶᠠᠩ ᠪᠠᠯᠭᠠᠰᠤᠨ ᠤ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠲᠥᠪ︾ ᠤᠨ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠳᠪᠦᠷᠢ ᠶᠢᠨ ᠲᠣᠭᠳᠠᠯᠴᠠᠭ᠎ᠠ ᠪᠠ ᠮᠠᠯ ᠤᠨᠤᠭ᠎ᠠ ᠶᠢ ᠬᠠᠮᠠᠭᠠᠯᠠᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠲᠣᠭᠳᠠᠯᠴᠠᠭ᠎ᠠ ᠶᠢ ᠪᠦᠷᠢᠯᠳᠦᠭᠦᠯᠬᠦ ᠶᠢᠨ ᠬᠠᠮᠲᠤ 20.5 ᠲᠦᠮᠡᠨ ᠬᠤᠨᠢ ᠮᠠᠯ ᠤᠨ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠬᠠᠩᠭᠠᠵᠠᠢ᠃      ︵ᠭᠤᠷᠪᠠ︶ ᠠᠵᠤ ᠦᠢᠯᠡᠰ ᠤᠨ ᠲᠤᠯᠭᠠᠭᠤᠷᠢᠯᠠᠯ ᠢ ᠪᠠᠬᠢᠵᠢᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃ ᠨᠢᠭᠡ ᠳᠤ᠂ ᠰᠢᠯᠢᠳᠡᠭ ᠡᠭᠦᠯᠳᠡᠷ ᠤᠨ ᠮᠠᠯ ᠢ ᠰᠣᠩᠭᠤᠨ ᠪᠤᠶᠢᠵᠢᠭᠤᠯᠬᠤ ᠶᠢ ᠳᠡᠯᠭᠡᠷᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ ᠦᠷ᠎ᠡ ᠠᠰᠢᠭ ᠤᠯᠬᠤ᠂ ᠦᠢᠯᠡᠳᠪᠦᠷᠢᠯᠡᠵᠦ ᠭᠠᠷᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 10 ᠭᠠᠷᠤᠢ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠲᠠᠢ ᠲᠣᠭᠲᠠᠭᠤᠨ ᠢᠶᠠᠷ ᠬᠠᠮᠲᠤᠷᠠᠯᠴᠠᠵᠤ᠂ ᠠᠯᠠᠰᠢᠨ ᠦᠬᠡᠷ ᠤᠨ ᠦᠷ᠎ᠡ ᠶᠢᠨ ᠡᠬᠢ ᠪᠠᠶᠠᠯᠢᠭ ᠤᠨ ᠰᠤᠳᠤᠯᠭᠠᠨ ᠤ ᠰᠠᠭᠤᠷᠢᠨ ᠭᠠᠵᠠᠷ᠂ ᠮᠣᠩᠭᠤᠯ ᠦᠬᠡᠷ ᠤᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ︽ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠫᠠᠶᠢᠰᠠ ᠡᠯᠭᠦᠨ ᠪᠠᠶᠢᠭᠤᠯᠵᠤ᠂ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠤᠨ ᠦᠷᠡᠵᠢᠭᠦᠯᠬᠦ᠂ ᠠᠯᠠᠰᠢᠨ ᠦᠬᠡᠷ ︵ᠰᠦ ᠮᠢᠬᠠᠨ ᠤ ᠭᠠᠷᠤᠯᠳᠠ ᠬᠤᠤᠰᠯᠠᠭᠰᠠᠨ ᠦᠬᠡᠷ︶ ᠤᠨ ᠲᠥᠷᠥᠯ ᠵᠦᠢᠯ ᠢ ᠦᠷᠡᠵᠢᠭᠦᠯᠦᠨ ᠪᠣᠶᠢᠵᠢᠭᠤᠯᠬᠤ ᠶᠢ ᠲᠡᠮᠵᠢᠵᠦ᠂ ᠵᠢᠯ ᠪᠦᠷᠢ 8 ᠲᠦᠮᠡᠨ ᠴᠢᠨᠠᠷ ᠰᠠᠶᠢᠲᠠᠶ ᠠᠯᠠᠰᠢᠨ ᠬᠤᠨᠢ᠂ 1300 ᠲᠣᠯᠣᠭᠠᠶ ᠦᠬᠡᠷ ᠢ ᠪᠣᠶᠢᠵᠢᠭᠤᠣᠯᠪᠠ᠃ ᠬᠤᠶᠠᠷ ᠲᠤ᠂ ᠮᠠᠯ ᠠᠵᠤ ᠠᠬᠤᠶ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠤᠨ᠎ᠠ᠃ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠡᠷᠴᠢᠮᠯᠢᠭ ᠥᠨᠳᠥᠷ ᠪᠦᠲᠦᠮᠵᠢᠲᠡᠶ᠂ ᠴᠥᠭᠡᠨ ᠮᠠᠯᠵᠢᠵᠤ ᠨᠠᠷᠢᠯᠢᠭ ᠲᠡᠵᠢᠭᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠬᠦ ᠵᠢᠯ ᠳᠤ ᠪᠡᠯᠴᠢᠭᠡᠷᠯᠡᠭᠦᠯᠬᠦ ᠶᠢ ᠵᠤᠭᠰᠤᠭᠠᠵᠤ ᠬᠠᠰᠢᠶᠠᠯᠠᠨ ᠲᠡᠵᠢᠭᠡᠬᠦ᠂ ᠬᠠᠭᠠᠰ ᠪᠡᠯᠴᠢᠭᠡᠷᠯᠡᠭᠦᠯᠦᠨ ᠬᠠᠭᠠᠰ ᠬᠠᠰᠢᠶᠠᠯᠠᠨ ᠲᠡᠵᠢᠭᠡᠬᠦ᠂ ︽ᠪᠡᠯᠴᠢᠭᠡᠷᠯᠡᠭᠦᠯᠬᠦ + ᠲᠡᠵᠢᠭᠡᠬᠦ ᠶᠢ ᠤᠶᠠᠯᠳᠤᠭᠤᠯᠬᠤ︾᠂ ᠡᠷᠦᠬᠡ ᠬᠤᠯᠪᠣᠭᠠᠯᠠᠨ ᠡᠵᠡᠩᠨᠡᠬᠦ᠂ ᠨᠠᠶᠢᠳᠠᠨ ᠲᠡᠵᠢᠭᠡᠯᠭᠡᠬᠦ ᠠᠰᠢᠭ ᠲᠤᠰᠠ ᠶᠢᠨ ᠬᠤᠯᠪᠣᠭ᠎ᠠ᠂ ᠨᠠᠮ ᠤᠨ ᠡᠭᠦᠷ ᠠᠴᠠ ᠬᠤᠷᠰᠢᠶ᠎ᠠ ᠡᠷᠬᠢᠯᠡᠬᠦ ᠵᠡᠷᠭᠡ 6 ᠵᠦᠢᠯ ᠤᠨ ᠵᠠᠭᠪᠤᠷ ᠢ ᠬᠡᠷᠡᠭᠯᠡᠨ ᠮᠠᠯ ᠠᠵᠤ ᠠᠬᠤᠶ ᠶᠢ ᠬᠥᠭᠵᠢᠭᠦᠯᠵᠦ᠂ ᠨᠤᠲᠤᠭ ᠪᠡᠯᠴᠢᠭᠡᠷ ᠤᠨ ︽ᠳᠠᠷᠤᠭᠠᠰᠤ ᠶᠢ ᠬᠥᠩᠭᠡᠷᠡᠭᠦᠯᠬᠦ︾᠂ ᠨᠤᠲᠤᠭ ᠪᠡᠯᠴᠢᠭᠡᠷ ᠤᠨ ︽ᠦᠷᠳᠡᠭ ᠢ ᠨᠡᠮᠡᠭᠳᠡᠭᠦᠯᠬᠦ︾ ᠶᠢ ᠦᠨᠡᠨ ᠬᠦ ᠪᠠᠲᠤᠯᠠᠪᠠ᠃ ᠭᠤᠷᠪᠠ ᠳᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠠᠮᠢ ᠠᠬᠤᠶ ᠶᠢᠨ ︽ᠭᠤᠷᠪᠠᠨ ᠦᠢᠯᠡᠰ ᠤᠨ ᠠᠭᠤᠰᠤᠯᠴᠠᠯ︾ ᠢ ᠭᠦᠨᠵᠡᠭᠡᠶᠢᠷᠡᠭᠦᠯᠵᠦ᠂ ᠦᠢᠯᠡᠳᠪᠦᠷᠢᠯᠡᠵᠦ ᠡᠳ᠋ᠰᠢᠭᠦᠯᠬᠦ᠂ ᠬᠠᠳᠠᠭᠠᠯᠠᠵᠤ ᠵᠥᠭᠡᠭᠡᠪᠦᠷᠢᠯᠡᠬᠦ ᠪᠣᠷᠣᠯᠠᠭᠤᠯᠬᠤ᠂ ᠰᠡᠯᠡᠭᠦᠴᠡᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠢ 2 ᠪᠠᠶᠢᠭᠤᠯᠵᠤ᠂ ᠴᠠᠭᠠᠨ ᠢᠳᠡᠭᠡ ᠡᠳ᠋ᠰᠢᠭᠦᠯᠬᠦ ᠦᠢᠯᠡᠳᠬᠡᠯ 56 ᠪᠠᠶᠢᠭᠤᠯᠵᠤ᠂ ᠮᠣᠷᠢᠨ ᠤᠷᠤᠯᠳᠤᠭᠠᠨ ᠤ ︽ᠼᠦᠨ ᠴᠣᠣ︾ ᠮᠠᠯ ᠠᠵᠤ ᠠᠬᠤᠶ ᠶᠢᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠢᠶᠠᠨ ᠬᠤᠪᠢᠷᠠᠭᠤᠯᠤᠨ ᠠᠵᠢᠯ ᠣᠯᠵᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠡᠢ ᠃      ︵ᠲᠦᠷᠪᠡ︶ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠪᠡᠰᠦ ᠪᠣᠷᠳᠤᠭᠠᠨ ᠤ ᠲᠡᠩᠴᠡᠭᠦᠷᠢᠳᠦ ᠣᠷᠴᠢᠯ ᠢ ᠠᠬᠢᠭᠤᠯᠪᠠ᠃ ︽  ᠬᠡᠪ ᠤᠨ ᠪᠠᠶᠢᠴᠠᠭᠠᠬᠤ + ᠭᠡᠨᠡᠳᠲᠡ ᠪᠠᠶᠢᠴᠠᠭᠠᠬᠤ + ᠮᠠᠯᠴᠢᠨ ᠡᠷᠦᠬᠡ ᠶᠢ ᠰᠤᠩᠭᠤᠨ ᠪᠠᠶᠢᠴᠠᠭᠠᠬᠤ  +  ᠰᠣᠯᠪᠢᠴᠠᠨ ᠬᠠᠤᠯᠢ ᠬᠡᠷᠡᠭᠵᠢᠭᠦᠯᠬᠦ + ᠥᠷᠭᠡᠨ ᠢᠶᠠᠷ ᠬᠢᠨᠠᠯᠲᠠ ᠲᠠᠯᠪᠢᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠡᠨᠧᠷᠭᠢ ᠣᠯᠭᠤᠬᠤ ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠴᠢᠩᠭ᠎ᠠ ᠬᠢᠨᠠᠯᠲᠠ ᠲᠠᠯᠪᠢᠵᠤ᠂ ᠬᠠᠮᠢᠶᠠᠷᠤᠯᠲᠠ ᠪᠠᠨ ᠴᠢᠩᠭᠠᠳᠬᠠᠪᠠ᠃ 149 ᠨᠡᠷᠡᠰ ᠨᠤᠳᠤᠭ ᠪᠡᠯᠴᠢᠭᠡᠷ ᠬᠠᠮᠢᠶᠠᠷᠤᠭᠴᠢ ᠶᠢ ᠤᠷᠢᠨ ᠬᠡᠷᠡᠭᠯᠡᠵᠦ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠬᠡᠪ ᠤᠨ + ᠭᠡᠨᠡᠳᠲᠡ ︾ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠵᠦ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ᠎ᠡ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠰᠤᠮᠤ ᠰᠢᠶᠠᠩ ᠪᠠᠯᠭᠠᠰᠤ ᠨᠢᠭᠡᠪᠦᠷᠢ ᠠᠴᠠ 10% ᠶᠢᠨ ᠮᠠᠯᠵᠢᠬᠤ ᠡᠷᠦᠬᠡ ᠶᠢ ᠰᠤᠩᠭᠤᠨ ᠪᠠᠶᠢᠴᠠᠭᠠᠵᠤ᠂ ᠰᠤᠩᠭᠤᠨ ᠪᠠᠶᠢᠴᠠᠭᠠᠭᠰᠠᠨ ᠦᠷ᠎ᠡ ᠳ᠋ᠦᠩ ᠢ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠪᠡᠶᠡᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠤᠨ ᠰᠣᠯᠪᠢᠴᠠᠨ ᠬᠠᠤᠯᠢ ᠬᠡᠷᠡᠭᠵᠢᠭᠦᠯᠬᠦ᠂ ᠣᠨᠳᠣᠤ ᠭᠠᠵᠠᠷ ᠲᠠᠢ ᠬᠠᠷᠢᠯᠴᠠᠨ ᠪᠠᠶᠢᠴᠠᠭᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠬᠠᠤᠯᠢ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠪᠠ᠃ ᠪᠥᠬᠦ ᠬᠤᠰᠢᠭᠤᠨ ᠳᠤ ︽ᠨᠣᠭᠤᠭᠠᠷᠠᠭᠤᠯᠤᠯᠲᠠ ᠶᠢ ᠬᠠᠮᠠᠭᠠᠯᠠᠬᠤ 1 ᠨᠣᠮᠧᠷ︾ ᠤᠨ ᠥᠷᠭᠡᠨ ᠢᠶᠠᠷ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠵᠦ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠭᠥᠯᠢᠶᠡᠨ ᠠᠪᠴᠤ ᠳᠡᠩᠰᠡᠯᠡᠨ ᠲᠡᠮᠳᠡᠭᠯᠡᠬᠦ᠂ ᠰᠤᠳᠤᠯᠤᠨ ᠮᠠᠭᠠᠳᠯᠠᠵᠤ ᠰᠢᠯᠵᠢᠭᠦᠯᠦᠨ ᠲᠤᠰᠢᠶᠠᠬᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠵᠦ ᠬᠠᠷᠢᠭᠤ ᠲᠤᠰᠬᠠᠬᠤ ᠵᠡᠷᠭᠡ ᠲᠦᠷᠢᠮ ᠢ ᠪᠠᠶᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠴᠦ ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠵᠢᠯᠣᠭᠤᠴᠢ ᠦᠭᠡᠢ ᠮᠠᠰᠢᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠨᠢᠨ ᠰᠦᠷᠦᠭ ᠤᠨ ᠲᠤᠭ᠎ᠠ ᠬᠡᠮᠵᠢᠶ᠎ᠡ ᠶᠢ ᠢᠯᠭᠠᠨ ᠲᠠᠨᠢᠬᠤ AI ᠵᠠᠭᠪᠤᠷ᠂ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠴᠠᠭᠳᠠᠨ ᠪᠠᠶᠢᠴᠠᠭᠠᠬᠤ APP ᠵᠡᠷᠭᠡ ᠲᠣᠭᠠᠴᠢᠯᠠᠭᠰᠠᠨ ᠠᠷᠭ᠎ᠠ ᠪᠠᠷᠢᠯ ᠢ ᠠᠰᠢᠭᠯᠠᠨ᠂ ᠪᠡᠯᠴᠢᠭᠡᠷᠯᠡᠭᠦᠯᠬᠦ ᠶᠢ ᠵᠤᠭᠰᠣᠭᠠᠵᠤ ᠬᠠᠮᠢᠶᠠᠷᠴᠤ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠬᠦᠴᠦᠲᠡᠢ ᠲᠡᠭᠡᠭᠰᠢᠯᠡᠭᠦᠯᠪᠡ᠃ᠭᠤᠷᠪᠠ᠂ ᠲᠤᠷᠰᠢᠯᠭ᠎ᠠ ᠰᠡᠩᠬᠡᠷᠡᠭᠦᠯᠦᠯ      ︵ᠨᠢᠭᠡ︶ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ  ᠳᠤ᠂ ︽ᠪᠡᠯᠴᠢᠭᠡᠷ︾ ᠪᠣᠯ ᠵᠠᠩᠭᠢᠯᠠᠭ᠎ᠠ ᠮᠦᠨ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠪᠠᠷ ᠳᠠᠮᠵᠢᠭᠤᠯᠤᠨ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠶ ᠵᠣᠬᠢᠰᠲᠠᠶ ᠳᠣᠭᠢᠷᠠᠭᠤᠯᠵᠤ᠂ ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠪᠣᠳᠠᠲᠠᠶ ᠳᠤ ᠨᠡᠶᠢᠴᠡᠭᠰᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠠᠭᠪᠤᠷ ᠢ ᠲᠥᠯᠥᠪᠵᠢᠭᠦᠯᠦᠨ ᠭᠠᠷᠭᠠᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠦᠨᠳᠦ ᠨᠣᠴᠢᠲᠠᠶ ᠮᠠᠭᠤᠳᠠᠭᠤᠯᠵᠤ ᠪᠠᠶᠢᠭᠰᠠᠨ ᠠᠴᠠ ᠪᠦᠬᠦᠯᠢ ᠴᠣᠭᠴᠠ ᠶᠢ ᠨᠢ ᠬᠤᠷᠢᠭᠯᠠᠵᠤ᠂ ᠬᠡᠰᠡᠭ ᠲᠠᠯ᠎ᠠ ᠶᠢ ᠨᠢ ᠰᠠᠶᠢᠵᠢᠷᠠᠭᠤᠯᠬᠤ ᠬᠤᠪᠢᠷᠠᠯᠳᠠ ᠶᠢ ᠪᠡᠶᠡᠯᠡᠭᠦᠯᠬᠦ ᠬᠡᠷᠡᠭᠲᠡᠶ᠃      ︵ᠬᠤᠶᠠᠷ︶ ᠨᠤᠲᠤᠭ ᠪᠡᠯᠴᠢᠭᠡᠷ  ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ᠂ ︽ᠮᠠᠯ ᠠᠵᠤ ᠠᠬᠤᠢ︾ ᠪᠣᠯ ᠭᠤᠣᠯᠳᠠᠯᠭ᠎ᠠ ᠮᠥᠨ᠃ ᠪᠣᠳᠠᠲᠠᠶ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠬᠡᠷᠡᠭᠵᠢᠭᠦᠯᠵᠦ᠂ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ᠂ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠬᠤ ᠂ ᠡᠪᠡᠰᠦ ᠪᠣᠷᠳᠤᠭ᠎ᠠ ᠡᠳ᠋ᠰᠢᠭᠦᠯᠬᠦ ᠬᠠᠳᠠᠭᠠᠯᠠᠬᠤ ᠲᠡᠭᠡᠭᠡᠪᠦᠷᠢᠯᠡᠬᠦ ᠬᠠᠩᠭᠠᠯᠭ᠎ᠠ ᠶᠢᠨ ᠲᠣᠭᠳᠠᠯᠴᠠᠭ᠎ᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠶᠢᠨ ᠲᠠᠷᠤᠭᠠᠰᠤ ᠶᠢ ᠦᠨᠡᠨ ᠬᠦ ᠪᠠᠭᠠᠰᠬᠠᠬᠤ ᠬᠡᠷᠡᠭᠲᠡᠶ᠃ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠰᠢᠯᠢᠳᠡᠭ ᠡᠭᠦᠯᠳᠡᠷ ᠤᠨ ᠮᠠᠯ ᠢ ᠰᠣᠩᠭᠤᠨ ᠪᠤᠶᠢᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠤᠭᠠᠴᠠᠯ᠂ ᠠᠮᠢ ᠠᠬᠤᠢ ᠶᠢᠨ ︽ᠭᠤᠷᠪᠠᠨ ᠦᠢᠯᠡᠰ  ᠤᠨ ᠠᠭᠤᠰᠤᠯᠴᠠᠯ︾ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ᠃      ︵ᠭᠤᠷᠪᠠ︶ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ᠂ ︽ᠬᠢᠨᠠᠯᠲᠠ ᠬᠠᠮᠢᠶᠠᠷᠤᠯᠲᠠ︾ ᠪᠣᠯ ᠰᠡᠷᠭᠡᠶᠢᠯᠡᠯᠲᠡ ᠶᠢᠨ ᠱᠤᠭᠤᠮ ᠮᠥᠨ᠃ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠠᠰᠠᠭᠤᠳᠠᠯ ᠢ ᠠᠵᠢᠯᠯᠠᠭᠰᠠᠨ ᠤ ᠳᠠᠷᠠᠭ᠎ᠠ ᠬᠢᠨᠠᠯᠲᠠ ᠲᠠᠯᠪᠢᠬᠤ ᠪᠠᠶᠢᠭᠰᠠᠨ ᠠᠴᠠ ᠠᠵᠢᠯᠯᠠᠬᠤ ᠠᠴᠠ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠲᠡᠶᠢᠰᠢ ᠬᠤᠪᠢᠷᠠᠭᠤᠯᠬᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠠᠴᠠ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号