ᠪᠤᠯᠤᠩ ᠨᠡᠭᠡᠭᠡᠬᠦ ᠦᠭᠡ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠳᠦᠭᠦᠮ ᠲᠠᠭᠤᠳᠠᠯᠭ᠎ᠠ᠄ ᠳᠠᠷᠬᠠᠨ ᠮᠤᠤᠮᠢᠩᠭᠠᠨ ᠬᠤᠰᠢᠭᠤ | ︶᠂ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠲᠤᠰ ᠨᠤᠳᠤᠭ ᠤᠨ | ᠣᠯᠠᠨ ᠠᠷᠪᠢᠨ ᠰᠢᠯᠢᠳᠡᠭ ᠬᠦᠮᠥᠰ ᠨᠤᠳᠤᠭ ᠤᠨ ᠢᠶᠠᠨ ᠠᠯᠳᠠᠷ ᠢ ᠡᠷᠭᠦᠵᠦ ᠪᠠᠶᠢᠳᠠᠭ᠃ ᠣᠯᠠᠨ ᠵᠢᠯ ᠤᠨ ᠲᠤᠷᠰᠢ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠡᠰᠢᠲᠦ ᠰᠣᠶᠣᠯ ᠰᠣᠯᠪᠢᠴᠠᠨ ᠨᠡᠪᠲᠡᠷᠡᠯᠴᠡᠵᠦ᠂ ᠣᠯᠠᠨ | ᠦᠨᠳᠦᠰᠦᠲᠡᠨ ᠡᠶ᠎ᠡ ᠵᠣᠬᠢᠴᠠᠩᠭᠤᠶ ᠬᠠᠮᠲᠤ ᠪᠠᠷ ᠠᠭᠤᠰᠤᠯᠴᠠᠵᠤ᠂ ᠦᠨᠳᠦᠰᠦᠲᠡᠨ ᠤ ᠪᠦᠯᠬᠦᠮᠳᠡᠯ ᠤᠨ ᠨᠠᠶᠢᠷᠠᠯ | ᠳᠠᠭᠤᠤ ᠶᠢ ᠪᠢᠴᠢᠭᠯᠡᠪᠡ᠃ ︽ᠭᠤᠷᠪᠠᠨ ᠮᠢᠩᠭᠠᠨ ᠥᠨᠥᠴᠢᠨ ᠬᠡᠦᠬᠡᠳ ᠤᠨ ᠥᠪᠥᠷ ᠮᠣᠩᠭᠤᠯ ᠳᠤ ᠢᠷᠡᠭᠰᠡᠨ︾᠂ | ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ | ᠪᠠᠶᠢᠭᠤᠯᠤᠭᠰᠠᠨ︾᠂ ︽ᠲᠠᠯ᠎ᠠ ᠨᠤᠲᠤᠭ ᠤᠨ ᠪᠠᠭᠠᠲᠤᠷ ᠡᠭᠡᠴᠢ ᠳᠡᠭᠦᠦ︾ ᠵᠡᠷᠭᠡ ᠲᠡᠦᠬᠡ ᠶᠢᠨ ᠰᠠᠶᠢᠬᠠᠨ ᠦᠯᠢᠭᠡᠷ | ᠪᠠ ᠪᠠᠭᠠᠲᠤᠷᠴᠤᠳ ᠤᠨ ᠦᠯᠢᠭᠡᠷ ᠪᠦᠷ ᠯᠡ ᠠᠳᠡ ᠠᠴᠠ ᠡᠭᠦᠰᠦᠨ ᠤᠯᠠᠮᠵᠢᠯᠠᠭᠳᠠᠵᠠᠢ᠃ ᠳᠠᠷᠬᠠᠨ ᠮᠤᠤᠮᠢᠩᠭᠠᠨ | ᠬᠤᠯᠪᠤᠭᠠᠳᠤ ᠬᠤᠰᠢᠭᠤ 1952 ᠣᠨ ᠳᠤ ᠪᠠᠶᠢᠭᠤᠯᠤᠭᠳᠠᠭᠰᠠᠨ ᠠᠴᠠ ᠨᠠᠭᠠᠰᠢ 70 ᠭᠠᠷᠤᠢ ᠵᠢᠯ ᠤᠨ ᠲᠤᠷᠰᠢ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠭᠰᠠᠭᠠᠷ ᠢᠷᠡᠪᠡ︔ 70 ᠭᠠᠷᠤᠢ ᠵᠢᠯ ᠰᠠᠯᠬᠢ | ᠪᠣᠷᠣᠭᠠᠨ ᠲᠠᠢ ᠲᠡᠮᠡᠴᠡᠯᠳᠦᠨ᠂ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠪᠠ᠃ ᠡᠳᠦᠭᠡ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠶᠠᠭ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠲᠡᠦᠬᠡ ᠶᠢᠨ ᠤᠷᠤᠰᠬᠠᠯ ᠤᠨ ᠡᠮᠦᠨ᠎ᠡ ᠵᠣᠭᠰᠣᠵᠤ᠂ ᠲᠤᠭ᠎ᠠ ᠲᠣᠮᠰᠢ ᠥᠬᠡᠶ ᠲᠠᠯ᠎ᠠ ᠨᠤᠲᠤᠭ ᠤᠨ | ᠬᠥᠪᠡᠭᠦᠳ ᠥᠬᠢᠳ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠴᠢᠮᠠᠯᠠᠵᠤ ᠪᠣᠯᠤᠰᠢ ᠦᠭᠡᠢ ᠬᠦᠴᠦ ᠬᠥᠳᠡᠯᠮᠦᠷᠢ ᠵᠠᠷᠤᠴᠠᠭᠤᠯᠵᠤ᠂ ᠲᠡᠳᠡᠨ ᠤ ᠳᠣᠲᠣᠷᠠᠬᠢ ᠵᠠᠷᠢᠮ | ᠬᠥᠮᠦᠰ ᠣᠳᠤ ᠨᠢᠭᠡᠨᠲᠡ ᠣᠨᠳᠣᠤ ᠭᠠᠵᠠᠷ ᠲᠤ ᠬᠦᠷᠴᠦ ᠠᠵᠢᠯᠯᠠᠵᠤ ᠠᠮᠢᠳᠤᠷᠠᠵᠤ ᠪᠤᠢ᠃ | ᠨᠠᠩ ᠥᠷᠭᠡᠨ ᠳᠡᠯᠭᠡᠷ ᠬᠠᠯᠠᠮᠵᠢᠯᠠᠯ ᠳᠡᠮᠵᠢᠯᠭᠡ ᠶᠢ ᠲᠥᠪᠯᠡᠷᠡᠭᠦᠯᠵᠦ᠂ ᠲᠤᠰ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠰᠣᠶᠣᠯ ᠲᠡᠦᠬᠡ ᠶᠢᠨ ᠵᠥᠪᠯᠡᠯ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ︽ | ᠦᠯᠡᠮᠵᠢ ᠦᠷᠭᠡᠨ ᠦᠭᠡᠷᠡᠴᠢᠯᠡᠯᠳᠡ ᠨᠡᠭᠡᠭᠡᠯᠳᠡ ᠲᠡᠭᠷᠢ ᠭᠠᠵᠠᠷ ᠤᠨ ᠬᠠᠶᠠᠭᠠᠨ ᠳᠠᠬᠢ ᠲᠠᠷᠬᠠᠨ ᠮᠣᠣᠮᠢᠩᠭᠠᠨ ᠤ | ᠬᠦᠮᠥᠨ︾ ᠭᠡᠬᠦ ᠪᠤᠯᠤᠩ ᠢ ᠨᠡᠭᠡᠭᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠳᠦᠷᠦᠭᠰᠡᠨ᠂ | ᠰᠤᠷᠤᠯᠴᠠᠭᠰᠠᠨ᠂ ᠦᠰᠦᠨ ᠪᠤᠶᠢᠵᠢᠭᠰᠠᠨ᠂ ᠠᠵᠢᠯᠯᠠᠵᠤ ᠪᠠᠶᠢᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ | ᠰᠤᠳᠤᠴᠤᠤᠯ ᠂ ᠰᠢᠯᠢᠳᠡᠭ ᠬᠥᠮᠦᠰ ᠤᠨ ᠴᠤᠭ ᠵᠢᠪᠬᠤᠭ᠎ᠠ ᠶᠢ ᠢᠯᠡᠷᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠡᠭᠡᠭᠡᠯᠲᠡᠲᠡᠶ ᠪᠠᠭᠲᠠᠭᠠᠮᠵᠢᠲᠠᠶ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠰᠠᠶᠢᠨ ᠰᠠᠶᠢᠬᠠᠨ ᠳᠦᠷᠢ | ᠲᠥᠷᠬᠦ ᠶᠢ ᠪᠣᠶ ᠪᠣᠯᠭᠠᠵᠤ᠂ ᠨᠠᠩ ᠣᠯᠠᠨ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠤᠭᠰᠠᠨ | ᠨᠤᠳᠤᠭ ᠤᠨ ᠮᠦᠷᠦᠭᠡᠳᠦᠯ ᠴᠢᠩᠭ᠎ᠠ ᠬᠦᠮᠥᠰ ᠢ ᠲᠠᠳᠠᠨ ᠠᠪᠴᠢᠷᠠᠵᠤ᠂ ᠳᠠᠷᠬᠠᠨ ᠮᠣᠣᠮᠢᠩᠭᠠᠨ ᠤ ᠲᠠᠯ᠎ᠠ ᠨᠤᠲᠤᠭ ᠤᠨ | ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠶᠢ ᠪᠡᠶᠡᠯᠡᠭᠦᠯᠬᠦ ᠪᠠᠷ ᠵᠣᠷᠢᠯᠭ᠎ᠠ ᠪᠠᠨ | ᠪᠣᠯᠭᠠᠵᠠᠢ᠃ | ᠵᠤᠤ ᠶᠦᠩ ᠱᠧᠩ᠂ 1961 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠡᠭᠡ ᠰᠡᠭᠦᠵᠢ | ᠰᠢᠶᠠᠩ ᠤᠨ ᠳ᠋ᠠ ᠱᠢ ᠲᠧᠦ ᠲᠣᠰᠬᠤᠨ ᠳᠤ ᠲᠥᠷᠥᠵᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ | ᠣᠷᠳᠣᠨ ᠤ ᠣᠨᠴᠠ ᠨᠥᠬᠦᠪᠥᠷᠢ ᠣᠯᠭᠤᠭᠰᠠᠳ᠂ ᠬᠢᠷᠢᠨ ᠮᠣᠵᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯᠳᠡᠨ᠂ | ᠬᠢᠷᠢᠨ ᠶᠡᠭᠡ ᠰᠤᠷᠭᠠᠭᠤᠯᠢ ᠶᠢᠨ ᠳᠠᠩ ᠣᠣ ᠴᠢᠩ ᠡᠷᠳᠡᠮᠳᠡᠳ ᠤᠨ ᠭᠠᠷᠮᠠᠭᠠᠢ ᠫᠷᠣᠹᠧᠰᠰᠣᠷ᠂ ᠬᠢᠷᠢᠨ ᠮᠣᠵᠢ ᠶᠢᠨ | ᠴᠠᠩ ᠪᠠᠢ ᠱᠠᠨ ᠡᠷᠳᠡᠮᠳᠡᠳ ᠤᠨ ᠣᠨᠴᠠ ᠤᠷᠢᠭᠰᠠᠨ ᠫᠷᠣᠹᠧᠰᠰᠣᠷ᠃ ᠪᠠᠭ᠎ᠠ ᠰᠤᠷᠭᠠᠭᠤᠯᠢ ᠪᠠᠨ ᠶᠡᠭᠡ ᠰᠡᠭᠦᠵᠢ ᠶᠢᠨ | ᠳ᠋ᠠ ᠱᠢ ᠲᠧᠦ ᠪᠠᠭ᠎ᠠ ᠰᠤᠷᠭᠠᠭᠤᠯᠢ ᠪᠠ ᠤᠯᠠᠭᠠᠨ ᠬᠤᠳᠳᠤᠭ ᠳᠤᠰᠬᠤᠨ ᠤ ᠪᠠᠭ᠎ᠠ ᠰᠤᠷᠭᠠᠭᠤᠯᠢ ᠳᠤ ᠰᠤᠷᠤᠯᠴᠠᠵᠦ᠂ | ᠳᠤᠮᠳᠠᠳᠤ ᠰᠤᠷᠭᠠᠭᠤᠯᠢ ᠪᠠᠨ ᠰᠢᠪᠡᠷᠬᠦ᠋ᠷᠢᠶ᠎ᠡ ᠳᠤᠮᠳᠠᠳᠤ ᠰᠤᠷᠭᠠᠭᠤᠯᠢ ᠪᠠ ᠶᠡᠭᠡ ᠰᠡᠭᠦᠵᠢ ᠰᠢᠶᠠᠩ ᠤᠨ ᠳᠤᠮᠳᠠᠳᠤ | ᠰᠤᠷᠭᠠᠭᠤᠯᠢ ᠳᠤ ᠰᠤᠷᠤᠯᠴᠠᠪᠠ᠃ 1979 ᠣᠨ ᠳᠤ ᠤᠯᠤᠰ ᠠᠴᠠ ᠶᠡᠭᠡ ᠳᠡᠭᠡᠳᠦ ᠰᠤᠷᠭᠠᠭᠤᠯᠢ ᠶᠢᠨ | ᠰᠢᠯᠭᠠᠯᠲᠠ ᠶᠢ ᠰᠡᠷᠭᠦᠭᠡᠭᠰᠡᠨ ᠤ ᠳᠠᠷᠠᠭ᠎ᠠ᠂ ᠴᠠᠩᠴᠦ᠋ᠨ ᠤ ᠭᠠᠵᠠᠷ ᠰᠢᠨᠵᠢᠯᠡᠭᠡᠨ ᠤ ᠳᠡᠭᠡᠳᠦ ᠰᠤᠷᠭᠠᠭᠤᠯᠢ ᠶᠢᠨ | ᠤᠰᠤᠨ ᠤ ᠭᠠᠵᠠᠷ ᠰᠢᠨᠵᠢᠯᠡᠭᠡᠨ ᠤ ᠢᠨᠵᠧᠨᠧᠷᠢᠩ ᠤᠨ ᠭᠠᠵᠠᠷ ᠰᠢᠨᠵᠢᠯᠡᠭᠡᠨ ᠤ ᠲᠤᠰᠬᠠᠢ ᠮᠡᠷᠭᠡᠵᠢᠯ ᠳᠤ ᠰᠢᠯᠭᠠᠨ | ᠣᠷᠣᠪᠠ᠃ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠴᠠᠩᠴᠦ᠋ᠨ ᠤ ᠭᠠᠵᠠᠷ ᠰᠢᠨᠵᠢᠯᠡᠭᠡᠨ ᠤ ᠳᠡᠭᠡᠳᠦ | ᠰᠤᠷᠭᠠᠭᠤᠯᠢ ᠶᠢᠨ ᠤᠰᠤᠨ ᠤ ᠭᠠᠵᠠᠷ ᠰᠢᠨᠵᠢᠯᠡᠭᠡᠨ ᠤ ᠰᠤᠳᠤᠯᠤᠯ ᠤᠨ ᠠᠰᠫᠢᠷᠠᠨᠲ ᠢᠶᠠᠷ ᠰᠢᠯᠭᠠᠨ ᠣᠷᠣᠵᠤ᠂ | 1986 ᠣᠨ ᠳᠤ ᠲᠡᠭᠦᠰᠦᠭᠰᠡᠨ ᠤ ᠳᠠᠷᠠᠭ᠎ᠠ ᠰᠤᠷᠭᠠᠭᠤᠯᠢ ᠳᠤ ᠪᠠᠨ ᠦᠯᠡᠳᠡᠵᠦ ᠪᠠᠭᠰᠢᠯᠠᠪᠠ᠃ | 1989-1990 ᠤᠨ ᠳᠤ ᠠᠯᠪᠠᠨ ᠠᠴᠠ ᠠᠮᠧᠷᠢᠺᠠ ᠶᠢᠨ ᠠᠢ ᠳ᠋ᠠ ᠡᠾᠧ ᠶᠡᠭᠡ ᠰᠤᠷᠭᠠᠭᠤᠯᠢ ᠳᠤ ᠲᠣᠮᠢᠯᠠᠨ | ᠰᠤᠷᠤᠯᠴᠠᠭᠤᠯᠵᠤ᠂ ᠤᠯᠤᠰ ᠲᠤ ᠪᠠᠨ ᠪᠤᠴᠠᠭᠰᠠᠨ ᠤ ᠳᠠᠷᠠᠭ᠎ᠠ ᠳ᠋ᠤᠺᠲ᠋ᠤᠷ ᠴᠤᠯᠠ ᠬᠠᠮᠠᠭᠠᠯᠠᠵᠠᠢ᠃ ᠡᠷᠳᠡᠮ | ᠰᠢᠨᠵᠢᠯᠡᠭᠡᠨ ᠤ ᠠᠮᠵᠢᠯᠲᠠ ᠲᠤᠪᠤᠶᠢᠮ᠎ᠠ ᠠᠴᠠ ᠪᠣᠯᠵᠤ᠂ 1996 ᠤᠨ ᠳᠤ ᠲᠦᠷᠢᠮ ᠠᠴᠠ ᠲᠠᠪᠠᠵᠤ ᠫᠷᠤᠹᠧᠰᠰᠤᠷ | ᠴᠤᠯᠠ ᠬᠠᠮᠠᠭᠠᠯᠠᠪᠠ᠃ 1996-1997 ᠤᠨ ᠳᠤ ᠳᠡᠭᠡᠳᠦ ᠵᠡᠷᠭᠡ ᠶᠢᠨ ᠠᠶᠢᠯᠴᠢᠯᠠᠬᠤ ᠡᠷᠳᠡᠮᠲᠡᠨ ᠤ ᠬᠤᠪᠢ ᠪᠠᠷ | ᠬᠤᠯᠠᠨᠳ᠋ ᠤᠨ ᠳ᠋ᠠᠶᠢᠷᠹᠲ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠠᠶᠢᠯᠴᠢᠯᠠᠨ ᠰᠤᠷᠤᠯᠴᠠᠪᠠ᠃ 2001 | ᠣᠨ ᠳᠤ ᠬᠢᠷᠢᠨ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠳᠡᠭᠡᠳᠦ ᠰᠤᠷᠭᠠᠭᠤᠯᠢ ᠶᠢᠨ | ᠪᠠᠶᠢᠩᠭᠤ ᠶᠢᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ 2004-2017 ᠣᠨ ᠳᠤ ᠵᠠᠬᠢᠷᠤᠯ ᠤᠨ | ᠲᠤᠰᠢᠶᠠᠯ ᠢ ᠡᠭᠦᠷᠭᠡᠯᠡᠪᠡ᠃ ᠣᠳᠤᠬᠠᠨ ᠳᠤ ᠬᠢᠮᠢ ᠶᠢᠨ ᠠᠵᠤ ᠦᠢᠯᠡᠳᠪᠦᠷᠢ ᠶᠢᠨ ᠪᠣᠬᠢᠷᠲᠤᠯ ᠤᠨ ᠲᠠᠯᠠᠪᠤᠷ ᠭᠠᠵᠠᠷ ᠢ | ᠡᠵᠡᠮᠳᠡᠬᠦ ᠪᠠ ᠰᠡᠷᠭᠦᠭᠡᠬᠦ ᠮᠡᠷᠭᠡᠵᠢᠯ ᠤᠨ ᠤᠯᠤᠰ ᠤᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ | ᠲᠤᠷᠰᠢᠯᠲᠠ ᠶᠢᠨ ᠲᠠᠰᠤᠭ ᠤᠨ ᠡᠷᠬᠢᠯᠡᠭᠴᠢ᠂ ᠭᠢᠷᠢᠨ ᠶᠡᠭᠡ ᠰᠤᠷᠭᠠᠭᠤᠯᠢ ᠶᠢᠨ ᠤᠯᠤᠰ ᠤᠨ ᠲᠠᠰ ᠤᠨ ᠲᠡᠷᠢᠭᠦᠨ ᠤ | ᠵᠢᠩᠬᠢᠨᠢ ᠠᠩᠭᠢ ᠶᠢᠨ ︽ᠣᠷᠴᠢᠨ ᠲᠣᠭᠤᠷᠢᠨ ᠤ ᠢᠨᠵᠧᠨᠧᠷᠢᠩ︾ ᠤᠨ ᠲᠤᠰᠬᠠᠶ ᠮᠡᠷᠭᠡᠵᠢᠯ ᠤᠨ ᠬᠠᠷᠢᠭᠤᠴᠠᠯᠭᠠᠲᠠᠨ | ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠶᠢᠰᠦᠳᠦᠭᠡᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠣᠷᠴᠢᠨ | ᠲᠣᠭᠤᠷᠢᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠬᠥᠷᠥᠰᠥ ᠰᠢᠷᠣᠶ ᠬᠢᠭᠡᠳ ᠭᠠᠵᠠᠷ ᠳᠣᠤᠷᠠᠬᠢ ᠤᠰᠤᠨ ᠤ | ᠣᠷᠴᠢᠨ ᠲᠣᠭᠤᠷᠢᠨ ᠤ ᠲᠤᠰᠬᠠᠶ ᠮᠡᠷᠭᠡᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠭᠠᠵᠠᠷ ᠳᠣᠤᠷᠠᠬᠢ ᠤᠰᠤᠨ ᠤ | ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠵᠠᠰᠠᠨ ᠰᠡᠷᠭᠦᠭᠡᠬᠦ ᠠᠵᠤ ᠦᠢᠯᠡᠰ ᠤᠨ ᠬᠤᠯᠪᠣᠭᠠᠨ ᠤ ᠲᠤᠰᠬᠠᠶ | ᠮᠡᠷᠭᠡᠵᠢᠯᠲᠡᠨ ᠤ ᠵᠥᠪᠯᠡᠯ ᠤᠨ ᠳᠡᠳ᠋ ᠡᠷᠬᠢᠯᠡᠭᠴᠢ ᠵᠡᠷᠭᠡ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠤᠢ᠃ | ᠤᠯᠠᠨ ᠵᠢᠯ ᠤᠨ ᠲᠤᠷᠰᠢ᠂ ᠵᠤᠤ ᠶᠦᠩ ᠱᠧᠩ ᠰᠢᠨᠵᠢᠯᠡᠬᠦ ᠤᠬᠠᠭᠠᠨ ᠤ ᠬᠦᠷᠢᠶᠠᠨ ᠳᠤ ᠰᠢᠮᠳᠠᠨ ᠭᠦᠨᠵᠡᠭᠡᠶᠢᠷᠡᠬᠦ ᠶᠢᠨ | ᠬᠠᠮᠲᠦ᠂ ᠪᠢᠴᠢᠭ ᠵᠢᠭᠠᠵᠤ ᠬᠦᠮᠦᠨ ᠬᠦᠮᠦᠵᠢᠭᠦᠯᠬᠦ ᠶᠢ ᠪᠠᠷᠢᠮᠳᠠᠯᠠᠵᠦ᠂ ᠤᠯᠤᠰ ᠤᠨ ᠲᠦᠯᠦᠭᠡ ᠪᠤᠬᠢᠷᠳᠤᠯ ᠤᠨ | ᠳᠠᠯᠠᠪᠤᠷ ᠢ ᠵᠠᠰᠠᠨ ᠰᠡᠷᠬᠦᠭᠡᠬᠦ ᠬᠦᠷᠢᠶ᠎ᠠ ᠴᠠᠷᠠᠭᠠᠨ ᠳᠤ ᠪᠠᠴᠢᠮ ᠭᠡᠷᠡᠭᠰᠡᠬᠦ ᠲᠤᠰᠬᠠᠢ ᠴᠢᠳᠠᠪᠤᠷᠢᠳᠠᠨ ᠢ ᠤᠯᠠᠨ | ᠬᠦᠮᠦᠵᠢᠭᠦᠯᠵᠦ᠂ ᠡᠬᠦᠨ ᠳᠤ ᠳ᠋ᠤᠺᠲ᠋ᠤᠷᠠᠨᠲ 36 ᠬᠦᠮᠦᠨ᠂ ᠠᠰᠫᠢᠷᠠᠨᠲ 76 ᠬᠦᠮᠦᠨ᠂ ᠡᠭᠦᠨ ᠤ ᠲᠤᠮᠳᠠ 11 | ᠬᠦᠮᠦᠨ ᠨᠢ ᠲᠡᠷᠢᠬᠦᠨ ᠤ ᠶᠡᠭᠡ ᠲᠡᠭᠡᠳᠦ ᠰᠤᠷᠭᠠᠭᠤᠯᠢ ᠪᠠ ᠤᠯᠤᠰ ᠤᠨ ᠲᠡᠰ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠠᠯᠠᠩ ᠳᠤ ᠵᠢᠩᠬᠢᠨᠢ ᠲᠡᠭᠡᠳᠦ ᠵᠡᠷᠭᠡ ᠶᠢᠨ ᠲᠤᠰᠢᠶᠠᠯ ᠪᠠ ᠳ᠋ᠤᠺᠲ᠋ᠤᠷᠠᠨᠲ ᠤᠨ ᠵᠢᠯᠤᠭᠤᠳᠬᠤ | ᠪᠠᠭᠰᠢ ᠶᠢᠨ ᠲᠤᠰᠢᠶᠠᠯ ᠢ ᠬᠠᠷᠢᠭᠤᠴᠠᠵᠦ᠂ 2 ᠬᠦᠮᠦᠨ ᠨᠢ ︽ᠤᠯᠤᠰ ᠤᠨ ᠲᠡᠰ ᠤᠨ ᠰᠢᠯᠢᠳᠡᠭ ᠴᠢᠳᠠᠪᠤᠷᠢᠳᠠᠨ︾ | ᠢᠶᠠᠷ ᠦᠨᠡᠯᠡᠭᠳᠡᠵᠦ᠂ 3 ᠬᠦᠮᠦᠨ ᠨᠢ ︽ᠮᠤᠵᠢ ᠶᠢᠨ ᠲᠡᠰ ᠤᠨ ᠰᠢᠯᠢᠳᠡᠭ ᠴᠢᠳᠠᠪᠤᠷᠢᠳᠠᠨ︾ ᠢᠶᠠᠷ ᠦᠨᠡᠯᠡᠭᠳᠡᠪᠡ᠃ | ᠬᠦᠮᠦᠵᠢᠭᠦᠯᠦᠭᠰᠡᠨ ᠭᠠᠳᠠᠭᠠᠳᠤ ᠶᠢᠨ ᠳ᠋ᠣᠺᠲ᠋ᠣᠷ ᠪᠣᠯᠤᠨ ᠠᠰᠫᠢᠷᠠᠨᠲ ᠨᠢ ᠵᠠᠰᠠᠭ ᠤᠨ ᠣᠷᠳᠣᠨ ᠪᠣᠯᠤᠨ ᠰᠤᠳᠤᠯᠬᠤ | ᠰᠠᠯᠪᠤᠷᠢ ᠶᠢᠨ ᠳᠡᠭᠡᠳᠦ ᠵᠡᠷᠭᠡ ᠶᠢᠨ ᠲᠤᠰᠢᠶᠠᠯ ᠢ ᠡᠭᠦᠷᠭᠡᠯᠡᠵᠡᠢ᠃ 2022 ᠣᠨ ᠳᠤ ᠵᠤᠤ ᠶᠦᠩ ᠱᠧᠩ ︽ᠭᠢᠷᠢᠨ | ᠮᠤᠵᠢ ᠶᠢᠨ ᠵᠢᠱᠢᠶᠡᠴᠢ ᠪᠠᠭᠰᠢ︾ ᠶᠢᠨ ᠴᠣᠯᠠ ᠶᠢ ᠬᠦᠷᠳᠡᠪᠡ᠃ | ᠵᠣᠣ ᠶᠦᠩ ᠱᠧᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶ᠎ᠡ ᠴᠠᠷᠠᠭ᠎ᠠ ᠳᠤ᠄ ᠪᠣᠬᠢᠷᠲᠤᠯ ᠤᠨ | ᠲᠠᠯᠠᠪᠤᠷ ᠤᠨ ᠠᠶᠤᠯ ᠲᠦᠭᠰᠢᠭᠦᠷᠢ ᠶᠢ ᠬᠠᠮᠢᠶᠠᠷᠬᠤ᠂ ᠭᠠᠵᠠᠷ ᠳᠣᠤᠷᠠᠬᠢ ᠤᠰᠤᠨ ᠤ ᠪᠣᠬᠢᠷᠲᠤᠯ ᠢ ᠬᠢᠵᠠᠭᠠᠷᠯᠠᠬᠤ ᠪᠠ | ᠵᠠᠰᠠᠨ ᠰᠡᠷᠭᠦᠭᠡᠬᠦ᠂ ᠭᠠᠵᠠᠷ ᠳᠣᠤᠷᠠᠬᠢ ᠤᠰᠤᠨ ᠤ ᠪᠣᠬᠢᠷᠲᠤᠯ ᠢ ᠳᠠᠭᠤᠷᠢᠶᠠᠬᠤ ᠪᠠ ᠤᠷᠢᠳᠴᠢᠯᠠᠨ ᠰᠡᠷᠡᠮᠵᠢᠯᠡᠭᠦᠯᠬᠦ | ᠵᠡᠷᠭᠡ ᠪᠠᠭᠲᠠᠨ᠎ᠠ᠃ ᠤᠯᠤᠰ ᠤᠨ ︽863︾ ᠴᠢᠬᠤᠯᠠ ᠶᠡᠭᠡ ᠲᠦᠷᠦᠯ ᠵᠦᠢᠯ᠂ ᠬᠦᠨᠳᠦ ᠶᠡᠭᠡ ᠣᠷᠴᠢᠨ | ᠲᠣᠭᠤᠷᠢᠨ ᠤ ᠪᠣᠬᠢᠷᠲᠤᠯ ᠤᠨ ᠬᠡᠷᠡᠭ ᠤᠨ ᠪᠣᠬᠢᠷᠲᠤᠯ ᠤᠨ ᠲᠠᠯᠠᠪᠠᠢ ᠶᠢ ᠴᠡᠪᠡᠷᠰᠢᠭᠦᠯᠬᠦ ᠪᠠ ᠵᠠᠰᠠᠨ ᠰᠡᠷᠭᠦᠭᠡᠬᠦ | ᠮᠡᠷᠭᠡᠵᠢᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠤᠰᠤᠨ ᠤ ᠲᠤᠰᠬᠠᠢ ᠰᠡᠳᠦᠪ᠂ | ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠬᠤᠣᠷᠲᠠᠢ ᠣᠷᠭᠠᠨᠢᠭ ᠪᠣᠬᠢᠷᠲᠤᠯ ᠪᠣᠳᠠᠰ ᠤᠨ ᠤᠭ | ᠪᠠᠶᠢᠷᠢ ᠶᠢ ᠵᠠᠰᠠᠨ ᠰᠡᠷᠭᠦᠭᠡᠬᠦ ᠮᠡᠷᠭᠡᠵᠢᠯ ᠬᠢᠭᠡᠳ ᠵᠢᠱᠢᠶ᠎ᠡ ᠦᠵᠡᠭᠦᠯᠬᠦ᠂ ᠤᠯᠤᠰ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦ ᠶᠢᠨ ᠭᠤᠣᠯᠳᠠᠯᠭ᠎ᠠ ᠲᠠᠢ ᠲᠦᠷᠦᠯ ᠵᠦᠢᠯ᠂ ᠭᠠᠵᠠᠷ ᠳᠣᠣᠷᠠᠬᠢ ᠳᠤᠤᠷ᠎ᠠ ᠨᠡᠪᠴᠢᠬᠦ | ᠴᠢᠨᠠᠷᠲᠠᠢ ᠵᠠᠭᠤᠴᠢ ᠶᠢᠨ ᠳᠣᠲᠣᠷᠠᠬᠢ ᠣᠷᠭᠠᠨᠢᠭ ᠪᠣᠬᠢᠷᠲᠤᠯ ᠪᠣᠳᠠᠰ ᠢ ᠠᠷᠢᠯᠭᠠᠬᠤ ᠮᠠᠰᠢᠨ ᠤ ᠰᠣᠳᠣᠯᠬᠤ ᠵᠡᠷᠭᠡ | ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠡᠷᠬᠢᠯᠡᠵᠠᠢ᠃ ᠠᠭᠠᠷ ᠤᠨ ᠬᠥᠳᠡᠯᠭᠡᠬᠦ ᠬᠦᠴᠦᠨ ᠪᠠ | ᠤᠰᠤᠨ ᠤ ᠬᠥᠳᠡᠯᠭᠡᠬᠦ ᠬᠦᠴᠦᠨ ᠳᠤ ᠰᠠᠭᠤᠷᠢᠯᠠᠭᠰᠠᠨ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠤᠭ | ᠪᠠᠶᠢᠷᠢ ᠶᠢ ᠵᠠᠰᠠᠨ ᠰᠡᠷᠭᠦᠭᠡᠵᠦ ᠴᠢᠩᠭᠠᠳᠬᠠᠬᠤ ᠮᠡᠷᠭᠡᠵᠢᠯ ᠪᠠ ᠵᠠᠰᠠᠨ ᠰᠡᠷᠭᠦᠭᠡᠬᠦ ᠮᠠᠲ᠋ᠧᠷᠢᠶᠠᠯ ᠢ ᠰᠤᠳᠤᠯᠤᠨ | ᠨᠡᠭᠡᠭᠡᠭᠰᠡᠨ ᠪᠥᠭᠡᠳ ᠲᠠᠯᠠᠪᠤᠷ ᠭᠠᠵᠠᠷ ᠤᠨ ᠪᠣᠳᠠᠲᠠᠶ ᠪᠠᠷᠢᠯᠭ᠎ᠠ ᠳᠤ ᠬᠡᠷᠡᠭᠯᠡᠭᠰᠡᠨ ᠪᠠᠶᠢᠨ᠎ᠠ᠃ ︽ᠭᠠᠵᠠᠷ ᠳᠣᠣᠷᠠᠬᠢ | ᠤᠰᠤᠨ ᠤ ᠪᠣᠬᠢᠷᠲᠤᠯ ᠤᠨ ᠲᠠᠯᠠᠪᠠᠢ ᠶᠢ ᠬᠢᠵᠠᠭᠠᠷᠯᠠᠬᠤ ᠪᠠ ᠵᠠᠰᠠᠨ ᠰᠡᠷᠭᠦᠭᠡᠬᠦ︾ ᠵᠡᠷᠭᠡ 7 ᠲᠤᠰᠬᠠᠢ ᠵᠣᠬᠢᠶᠠᠯ ᠢ | ᠬᠡᠪᠯᠡᠭᠦᠯᠵᠦ᠂ ᠬᠢᠳᠠᠳ᠂ ᠠᠩᠭ᠍ᠯᠢ ᠬᠡᠯᠡᠨ ᠤ ᠡᠷᠳᠡᠮ ᠰᠢᠨᠵᠢᠯᠡᠭᠡᠨ ᠤ 200 ᠭᠠᠷᠤᠢ ᠥᠭᠦᠯᠡᠯ ᠢ ᠨᠡᠶᠢᠲᠡᠯᠡᠵᠦ᠂ | ᠤᠯᠤᠰ ᠤᠨ ᠡᠭᠦᠳᠦᠯᠲᠡ ᠶᠢᠨ ᠲᠤᠰᠬᠠᠢ ᠠᠰᠢᠭ 7᠂ ᠭᠤᠣᠯ ᠨᠠᠶᠢᠷᠠᠭᠤᠯᠤᠭᠴᠢ ᠶᠢᠨ ᠪᠦᠯᠬᠦᠮ ᠤᠨ ᠪᠠᠷᠢᠮᠵᠢᠶ᠎ᠠ 1᠂ | ᠨᠠᠶᠢᠷᠠᠭᠤᠯᠬᠤ ᠳᠤ ᠣᠷᠣᠯᠴᠠᠬᠤ ᠠᠵᠢᠯ ᠲᠦᠷᠦᠯ ᠤᠨ ᠪᠠᠷᠢᠮᠵᠢᠶ᠎ᠠ ᠪᠠ ᠪᠦᠯᠬᠦᠮ ᠨᠡᠶᠢᠲᠡ ᠶᠢᠨ ᠪᠠᠷᠢᠮᠵᠢᠶ᠎ᠠ 2 ᠢ ᠲᠤᠰ | ᠲᠤᠰ ᠬᠦᠷᠳᠡᠵᠦ᠂ ᠪᠣᠬᠢᠷᠲᠤᠯ ᠤᠨ ᠲᠠᠯᠠᠪᠠᠢ ᠶᠢ ᠬᠢᠵᠠᠭᠠᠷᠯᠠᠬᠤ ᠪᠠ ᠵᠠᠰᠠᠨ ᠰᠡᠷᠭᠦᠭᠡᠬᠦ ᠬᠦᠷᠢᠶᠡᠨ ᠳᠤ ᠡᠯᠪᠡᠭ | ᠪᠠᠶᠠᠯᠢᠭ ᠰᠤᠳᠤᠯᠭᠠᠨ ᠤ ᠲᠤᠷᠰᠢᠯᠭ᠎ᠠ ᠪᠠ ᠦᠷ᠎ᠡ ᠪᠦᠲᠦᠭᠡᠯ ᠢ ᠬᠤᠷᠠᠮᠳᠤᠭᠤᠯᠵᠠᠢ᠃ ᠮᠤᠵᠢ ᠶᠢᠨ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ | ᠱᠠᠩᠨᠠᠯ 3᠂ ᠵᠠᠯᠠᠭᠤᠴᠤᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ 1 ᠶᠢ ᠬᠦᠷᠳᠡᠵᠦ᠂ ᠰᠤᠷᠭᠠᠨ | ᠬᠥᠮᠦᠵᠢᠯ ᠤᠨ ᠶᠠᠮᠤᠨ ᠤ ᠰᠢᠯᠢᠳᠡᠭ ᠵᠠᠯᠠᠭᠤ ᠪᠠᠭᠰᠢ ᠶᠢᠨ ᠰᠠᠭᠤᠷᠢ ᠮᠥᠩᠭᠦ᠂ ᠭᠢᠷᠢᠨ ᠮᠤᠵᠢ ᠶᠢᠨ ᠭᠠᠷᠮᠠᠭᠠᠶ | ᠵᠠᠯᠠᠭᠤᠴᠤᠳ ᠤᠨ ᠰᠠᠭᠤᠷᠢ ᠮᠥᠩᠭᠦ ᠶᠢ ᠭᠥᠷᠳᠡᠪᠡ᠃ | ᠦᠰᠦᠨ ᠪᠤᠶᠢᠵᠢᠬᠤ ᠶᠠᠪᠤᠴᠠ ᠳᠠᠬᠢ ᠬᠠᠮᠤᠭ ᠤᠨ ᠮᠠᠷᠲᠠᠭᠳᠠᠰᠢ ᠦᠭᠡᠢ ᠥᠩᠭᠡᠷᠡᠯᠲᠡ ᠠᠴᠠ ᠪᠠᠨ ᠵᠤᠤ ᠶᠦᠩ | ᠱᠧᠩ᠄ ︽ᠪᠢ ᠪᠣᠯ ᠲᠣᠰᠬᠤᠨ ᠠᠴᠠ ᠭᠠᠷᠴᠤ ᠢᠷᠡᠭᠰᠡᠨ ᠬᠡᠦᠬᠡᠳ᠂ ᠰᠤᠷᠣᠯᠭ᠎ᠠ ᠭᠢᠴᠢᠶᠡᠯ ᠤᠨ ᠰᠠᠭᠤᠷᠢ ᠨᠡᠯᠢᠶᠡᠳ | ᠪᠠᠭᠤᠷᠠᠢ ᠪᠠᠶᠢᠳᠠᠭ᠃ ᠢᠯᠠᠩᠭᠤᠶ᠎ᠠ ᠶᠡᠭᠡ ᠰᠤᠷᠭᠠᠭᠤᠯᠢ ᠳᠤ ᠣᠷᠣᠬᠤ ᠠᠴᠠ ᠡᠮᠦᠨ᠎ᠡ ᠪᠢ ᠠᠩᠭ᠍ᠯᠢ ᠬᠡᠯᠡ ᠣᠭᠳᠤ | ᠰᠤᠷᠴᠤ ᠥᠩᠭᠡᠷᠡᠭᠰᠡᠨ ᠦᠭᠡᠢ᠃ ᠶᠡᠭᠡ ᠰᠤᠷᠭᠠᠭᠤᠯᠢ ᠳᠤ ᠣᠷᠤᠭᠰᠠᠨ ᠤ ᠳᠠᠷᠠᠭ᠎ᠠ᠂ ᠪᠢ ᠵᠥᠪᠬᠡᠨ ᠲᠡᠭ ᠠᠴᠠ | ᠡᠬᠢᠯᠡᠵᠦ᠂ ︵ABCD︶ 26 ᠭᠠᠯᠢᠭ ᠠᠴᠠ ᠡᠬᠢᠯᠡᠵᠦ ᠰᠤᠷᠤᠨ᠎ᠠ᠂ ᠬᠡᠳᠦᠢ ᠬᠦᠴᠢᠷ ᠢ ᠳᠤᠳᠤᠷᠬᠠᠯᠠᠶᠢᠬᠤ ᠦᠭᠡᠢ | ᠴᠤ ᠮᠡᠳᠡᠵᠦ ᠣᠯᠵᠤ ᠲᠡᠶᠢᠯᠥᠨ᠎ᠡ᠃ ᠭᠠᠭᠴᠠ ᠠᠩᠭ᠍ᠯᠢ ᠬᠡᠯᠡᠨ ᠤ ᠭᠢᠴᠢᠶᠡᠯ ᠲᠦᠷᠦᠯ ᠳᠤ ᠬᠦᠷᠳᠡᠯ᠎ᠡ | ᠪᠢ ᠵᠠᠪᠠᠯ ᠪᠤᠰᠤᠳ ᠠᠴᠠ ᠬᠡᠳᠦᠨ ᠳᠠᠬᠢᠨ ᠴᠢᠷᠮᠠᠶᠢᠯᠭ᠎ᠠ ᠭᠠᠷᠭᠠᠬᠤ ᠴᠢᠬᠤᠯᠠᠳᠠᠢ᠃ ᠲᠤᠬᠠᠢ ᠶᠢᠨ ᠦᠶ᠎ᠡ ᠶᠢᠨ ᠲᠡᠷᠡ | ᠬᠦ ᠵᠣᠪᠠᠭᠤᠷᠢ ᠵᠦᠳᠡᠭᠦᠷᠢ ᠪᠠ ᠰᠠᠨᠳᠤᠷᠤᠯ ᠪᠠᠴᠢᠮᠳᠠᠯ ᠣᠳᠤ ᠬᠦᠷᠳᠡᠯ᠎ᠡ ᠨᠢᠳᠦᠨ ᠳᠤ ᠲᠤᠷᠠᠶᠢᠳᠠᠯ᠎ᠠ ᠲᠤᠳᠤᠬᠠᠨ᠃ | ᠶᠠᠷᠢᠶᠠᠨ ᠦᠭᠡᠢ᠂ ᠬᠦᠴᠦ ᠣᠷᠣᠭᠤᠯᠤᠭᠰᠠᠨ ᠦᠭᠡᠢ ᠪᠣᠯ ᠣᠯᠤᠯᠲᠠ ᠪᠠᠶᠢᠬᠤ ᠦᠭᠡᠢ᠂ ᠵᠥᠪᠬᠡᠨ ᠴᠢᠷᠮᠠᠶᠢᠮᠠᠨᠵᠢᠨ | ᠰᠠᠶ᠋ᠢ᠂ ᠡᠴᠦᠰ ᠤᠨ ᠣᠯᠤᠯᠲᠠ ᠶᠢᠨ ᠪᠠᠶᠠᠷ ᠪᠠᠭ᠋ᠠᠳᠤᠯ ᠢ ᠡᠳ᠋ᠯᠡᠬᠦ ᠪᠣᠯᠤᠯᠴᠠᠭ᠎ᠠ ᠲᠠᠢ︾ ᠭᠡᠵᠦ ᠲᠤᠷᠠᠰᠤᠨ ᠦᠭᠦᠯᠡᠵᠦ | ᠪᠠᠶᠢᠯ᠎ᠠ᠃ | ᠨᠤᠲᠤᠭ ᠤᠰᠤᠨ ᠤ ᠪᠠᠨ ᠲᠤᠬᠠᠢ | ᠶᠠᠷᠢᠬᠤ ᠳᠤ ᠵᠤᠤ ᠶᠦᠩ ᠱᠧᠩ ᠬᠡᠵᠢᠶᠡᠳᠡ | ᠬᠡᠬᠦᠳᠡᠭ ᠳᠦᠭᠦᠷᠡᠩ ᠲᠠᠯᠠᠷᠬᠠᠯ ᠪᠠ ᠮᠦᠷᠦᠭᠡᠳᠦᠯ ᠲᠠᠢ ᠪᠠᠶᠢᠳᠠᠭ᠃ | ᠠᠵᠢᠯ ᠳᠤ ᠣᠷᠣᠯᠴᠠᠭᠰᠠᠨ ᠤ ᠳᠠᠷᠠᠭ᠎ᠠ ᠂ | ᠲᠡᠷᠡ ᠥᠪᠡᠷ ᠤᠨ ᠴᠢᠳᠠᠯ ᠤᠨ ᠢᠶᠠᠨ ᠬᠢᠷᠢ ᠪᠠᠷ | ᠥᠪᠥᠷ ᠮᠣᠩᠭᠤᠯ ᠤᠨ ᠪᠦᠳᠦᠭᠡᠨ | ᠪᠠᠶᠢᠭᠤᠯᠤᠯᠲᠠ ᠳᠤ ᠣᠷᠤᠯᠴᠠᠵᠤ ᠬᠤᠪᠢ ᠨᠡᠮᠡᠷᠢ ᠪᠠᠨ ᠦᠵᠡᠭᠦᠯᠵᠡᠢ᠂ | ᠵᠢᠱᠢᠶᠡᠯᠡᠪᠡᠯ ᠪᠤᠭᠤᠲᠤ ᠬᠤᠳᠠ ᠶᠢᠨ | ᠦᠯᠡᠳᠡᠭᠳᠡᠯ ᠬᠦᠳᠡᠷ ᠤᠨ ᠬᠥᠮᠥᠷᠭᠡ ᠶᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ | ᠢᠨᠵᠧᠨᠧᠷᠢᠩ ᠤᠨ ᠲᠤᠰᠬᠠᠢ | ᠮᠡᠷᠭᠡᠵᠢᠯᠲᠡᠨ ᠤ ᠯᠠᠪᠯᠠᠯᠭ᠎ᠠ᠂ ᠯᠢᠨ | ᠾᠧ ᠶᠢᠨ ᠤᠰᠤ ᠬᠠᠩᠭᠠᠬᠤ ᠲᠦᠷᠦᠯ ᠵᠦᠢᠯ ᠤᠨ | ᠢᠨᠵᠧᠨᠧᠷᠢᠩ᠂ ᠮᠠᠨᠵᠤᠤᠷ ᠬᠤᠳᠠ ᠶᠢᠨ ᠤᠰᠤᠨ ᠤ ᠡᠬᠢ | ᠪᠠᠶᠠᠯᠢᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠠᠰᠠᠭᠤᠳᠠᠯ ᠢ ᠵᠠᠰᠠᠬᠤ ᠠᠵᠢᠯ ᠭᠡᠬᠦ | ᠮᠡᠳᠦ ᠪᠠᠷ ᠁ ᠣᠶᠢᠷ᠎ᠠ ᠶᠢᠨ ᠵᠢᠯ ᠤᠨ ᠲᠤᠷᠰᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠤᠨ ᠱᠠᠩᠨᠠᠨ | ᠬᠥᠬᠢᠭᠦᠯᠵᠦ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠲᠤᠰᠢᠶᠠᠯ ᠢ | ᠡᠭᠦᠷᠭᠡᠯᠡᠵᠦ᠂ ᠨᠤᠲᠤᠭ ᠤᠰᠤᠨ ᠤ ᠪᠠᠨ ᠠᠮᠢ | ᠠᠬᠤᠶ ᠶᠢᠨ ᠣᠷᠴᠢᠨ ᠲᠣᠭᠤᠷᠢᠨ ᠪᠠ ᠤᠰᠤᠨ ᠤ | ᠡᠬᠢ ᠪᠠᠶᠠᠯᠢᠭ ᠤᠨ ᠬᠦᠷᠢᠶᠡᠨ ᠳᠠᠬᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠪᠠ ᠠᠵᠢᠯ ᠦᠢᠯᠡᠰ ᠤᠨ | ᠬᠥᠭᠵᠢᠯᠲᠡ ᠶᠢ ᠢᠳᠡᠪᠬᠢᠲᠡᠶ ᠠᠩᠬᠠᠷᠤᠨ ᠲᠡᠮᠵᠢᠭᠰᠡᠭᠡᠷ | ᠪᠤᠢ᠃ | |