ᠳᠤᠮᠳᠠᠳᠤ ᠤᠯᠤᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠭᠰᠠᠨ ᠲᠦᠯᠦᠭᠡᠯᠡᠭᠴᠢᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/11/29
      11 ᠰᠠᠷ᠎ᠠ ᠶᠢᠨ 28 ᠤ ᠡᠳᠦᠷ᠂ ᠪᠦᠬᠦ ᠤᠯᠤᠰ ᠤᠨ ᠤᠰᠤᠲᠥ᠋ᠷᠥᠭᠴᠢ ᠡᠨᠧᠷᠭᠢ ᠶᠢᠨ ᠠᠵᠢᠯ ᠲᠦᠷᠦᠯ ᠤᠨ ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠵᠢᠴᠢ ᠲᠡᠷᠢᠭᠦᠨ ᠲᠡᠰ ᠤᠨ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠸᠠ ᠳ᠋ᠢᠶᠠᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠲᠣᠭᠤᠷᠢᠨ ᠦᠵᠡᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢ ᠬᠠᠮᠲᠤᠪᠠᠷ ᠵᠥᠪᠳᠡᠯᠴᠡᠵᠦ᠂ ᠦᠵᠡᠯ ᠰᠠᠨᠠᠭᠠᠨ ᠤ ᠮᠥᠷᠭᠦᠯᠳᠦᠯ ᠤᠨ ᠦᠪᠡᠳᠡᠭᠰᠢ ᠨᠠᠶᠢᠷ ᠢ ᠬᠠᠮᠲᠤᠪᠠᠷ ᠡᠳ᠋ᠯᠡᠪᠡ᠃      ᠲᠤᠬᠠᠢ ᠶᠢᠨ ᠲᠠᠯᠠᠪᠠᠢ ᠶᠢ ᠲᠣᠭᠤᠷᠢᠨ ᠦᠵᠡᠵᠦ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠤᠬᠠᠭᠤᠯᠭ᠎ᠠ ᠶᠢᠨ ᠹᠢᠯᠢᠮ ᠢ ᠰᠣᠨᠢᠷᠬᠠᠬᠤ ᠪᠠᠷ ᠳᠠᠮᠵᠢᠭᠤᠯᠵᠤ᠂ ᠬᠤᠸᠠ ᠳ᠋ᠢᠶᠠᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠬᠥᠭᠵᠢᠯᠲᠡ ᠶᠢᠨ ᠪᠠᠶᠢᠳᠠᠯ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠪᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠤᠰᠤᠲᠥ᠋ᠷᠥᠭᠴᠢ ᠦᠢᠯᠡᠳᠬᠦ ᠦᠷᠳᠡᠭᠡ ᠶᠢᠨ ᠲᠥᠪᠯᠡᠷᠡᠭᠦᠯᠦᠨ ᠡᠵᠡᠮᠳᠡᠬᠦ ᠲᠠᠰᠤᠭ᠂ ᠤᠰᠤᠲᠥ᠋ᠷᠥᠭᠴᠢ ᠬᠠᠳᠠᠭᠠᠯᠠᠬᠤ ᠪᠥᠮᠪᠥᠭᠡᠨ ᠰᠠᠪᠠ ᠶᠢᠨ ᠲᠤᠬᠠᠢ ᠶᠢᠨ ᠲᠠᠯᠠᠪᠠᠢ᠂ ᠤᠰᠤᠲᠥ᠋ᠷᠥᠭᠴᠢ ᠦᠢᠯᠡᠳᠬᠦ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠦᠷᠦᠯ ᠵᠦᠢᠯ ᠤᠨ ᠠᠵᠤ ᠦᠢᠯᠡᠰ ᠤᠨ ᠳᠠᠪᠠᠭᠤᠯᠢᠭ᠂ ᠠᠵᠢᠯᠯᠠᠭᠠᠨ ᠤ ᠵᠠᠭᠪᠤᠷ ᠵᠢᠴᠢ ᠢᠷᠡᠭᠡᠳᠦᠢ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠭᠦᠨᠵᠡᠭᠡᠢ ᠰᠣᠯᠢᠯᠴᠠᠪᠠ᠃      ᠵᠠᠮ ᠲᠠᠭᠠᠤ᠂ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠬᠦᠨ ᠢ ᠦᠵᠡᠵᠦ᠂ ᠮᠡᠷᠭᠡᠵᠢᠯ ᠢ ᠠᠰᠠᠭᠤᠵᠤ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠬᠤᠸᠠ ᠳ᠋ᠢᠶᠠᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠥᠭᠵᠢᠯᠲᠡ ᠶᠢᠨ ᠬᠤᠷᠳᠤᠴᠠ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠥᠷᠨᠢᠩᠭᠦᠶ ᠪᠠᠶᠢᠳᠠᠯ ᠢ ᠰᠢᠭᠤᠳ ᠣᠶᠢᠯᠠᠭᠠᠪᠠ᠃ ︽ᠬᠤᠸᠠ ᠳ᠋ᠢᠶᠠᠨ ᠤ ᠪᠦᠳᠦᠭᠡᠨ ᠪᠠᠶᠢᠭᠤᠯᠤᠯᠲᠠ ᠶᠢᠨ ᠠᠬᠤᠢ ᠪᠠᠶᠢᠳᠠᠯ  ᠨᠢ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠲᠦᠷᠦᠭᠦᠨ᠂ ᠬᠠᠮᠤᠭ ᠤᠨ ᠪᠦᠷᠢᠨ ᠲᠡᠭᠦᠯᠳᠡᠷ  ᠲᠤ  ᠲᠤᠭᠠᠴᠠᠭᠳᠠᠵᠤ ᠂ ᠪᠦᠬᠦ᠋ᠢᠯᠡ  ᠶᠠᠪᠤᠴᠠ ᠶᠢ ᠪᠦᠷᠢᠨ ᠪᠦᠷᠢᠯᠳᠦᠬᠦᠯᠦᠭᠰᠡᠨ ᠴᠤᠷ ᠤᠨ ᠭᠠᠭᠴᠠ ᠠᠬᠤᠢ ᠪᠠᠶᠢᠳᠠᠯ ᠪᠤᠯᠤᠨ᠎ᠠ᠂   ᠬᠤᠸᠠ ᠳ᠋ᠢᠶᠠᠨ‌ᠡᠨᠧᠷᠭᠢ ᠶᠢᠨ ᠡᠨᠡ ᠬᠦ ᠠᠯᠬᠤᠮ ᠢ  ᠠᠯᠬᠤᠨ᠂ ᠡᠨᠡ ᠠᠵᠢᠯ ᠲᠦᠷᠦᠯ ᠤᠨ  ᠪᠤᠬᠢᠷᠳᠤᠯ ᠦᠬᠡᠢ ᠴᠠᠬᠢᠯᠭᠠᠨ᠂  ᠪᠤᠬᠢᠷᠳᠤᠯ ᠦᠬᠡᠢ ᠤᠰᠤᠲᠥ᠋ᠷᠥᠭᠴᠢ ᠶᠢ ᠪᠦᠷᠢᠮᠦᠰᠦᠨ ᠬᠢᠵᠦ  ᠭᠠᠷᠭᠠᠭᠰᠠᠨ ᠢ ᠪᠢ ᠮᠠᠰᠢ ᠪᠢᠰᠢᠷᠡᠵᠦ ᠪᠠᠶᠢᠨ᠎ᠠ᠂  ᠪᠢᠳᠡ ᠪᠠᠰᠠ ᠬᠤᠸᠠ ᠳ᠋ᠢᠶᠠᠨ ᠲᠠᠢ ᠬᠠᠮᠲᠤᠷᠠᠨ ᠠᠵᠢᠯᠯᠠᠬᠤ ᠶᠢ ᠲᠤᠩ ᠬᠦᠰᠡᠵᠦ ᠪᠠᠶᠢᠨ᠎ᠠ︾ ᠭᠡᠵᠦ ᠪᠡᠭᠡᠵᠢᠩ ᠤᠨ ᠴᠢᠩ ᠫᠦ᠋ ᠴᠤᠸᠠᠩ ᠨᠡᠩ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠯᠢᠦ ᠰᠢᠩ ᠭᠠᠩ ᠭᠡᠯᠡᠪᠡ ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠬᠦᠨᠳᠦᠲᠦ ᠵᠣᠴᠢᠳ ᠢᠯᠡᠷᠬᠡᠶᠢᠯᠡᠬᠦ ᠳᠡᠭᠡᠨ᠂ ᠬᠤᠸᠠ ᠳ᠋ᠢᠶᠠᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠨᠢ ᠲᠡᠳᠡᠨ ᠳᠤ ᠤᠰᠤᠲᠥ᠋ᠷᠥᠭᠴᠢ ᠡᠨᠧᠷᠭᠢ ᠶᠢᠨ ᠠᠵᠢᠯ ᠲᠥᠷᠥᠯ ᠤᠨ ᠠᠯᠤᠰ ᠬᠡᠲᠦ ᠶᠢᠨ ᠲᠦᠯᠦᠪᠵᠢᠬᠦᠯᠭᠡ ᠶᠢ ᠦᠵᠡᠭᠦᠯᠵᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠨᠢ ᠨᠠᠩ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠳᠠᠯᠳᠤᠭ᠎ᠠ ᠡᠵᠡᠩᠨᠡᠬᠦ ᠰᠢᠯᠢᠳᠡᠭ ᠣᠷᠴᠢᠨ ᠲᠣᠭᠤᠷᠢᠨ ᠢ ᠮᠡᠳᠡᠷᠡᠭᠦᠯᠵᠦ᠂ ᠰᠡᠭᠦᠯᠴᠢ ᠶᠢᠨ ᠬᠤᠭᠤᠴᠠᠭᠠᠨ ᠳᠤ ᠤᠯᠠᠮ ᠨᠢᠭᠡ ᠠᠯᠬᠤᠮ ᠭᠦᠨᠵᠡᠭᠡᠶ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠬᠤ ᠠᠯᠬᠤᠴᠠ ᠶᠢ ᠲᠦᠷᠭᠡᠳᠬᠡᠨ᠎ᠡ ᠭᠡᠵᠡᠶ᠃      ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ ᠮᠡᠳᠡᠭᠴᠢ ᠸᠠᠩ ᠰᠢᠨ ᠢᠦᠢ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠤᠰᠤᠲᠥ᠋ᠷᠥᠭᠴᠢ ᠦᠢᠯᠡᠳᠬᠦ ᠲᠦᠷᠦᠯ ᠵᠦᠢᠯ ᠨᠢ ᠶᠡᠷᠦᠩᠬᠡᠢ ᠳᠤ ᠪᠠᠨ ︿  ᠪᠤᠬᠢᠷᠳᠤᠯ ᠦᠬᠡᠢ ᠴᠠᠬᠢᠯᠭᠠᠨ ᠢᠶᠠᠷ ᠪᠤᠬᠢᠷᠳᠤᠯ ᠦᠬᠡᠢ ᠤᠰᠤᠲᠥ᠋ᠷᠥᠭᠴᠢ ᠦᠢᠯᠡᠳᠪᠦᠷᠢᠯᠡᠵᠦ᠂ ᠠᠵᠤ ᠦᠢᠯᠡᠰ ᠨᠢ  ᠪᠤᠬᠢᠷᠳᠤᠯ ᠦᠬᠡᠢ ᠤᠰᠤᠲᠥ᠋ᠷᠥᠭᠴᠢ ᠬᠡᠷᠡᠭᠯᠡᠬᠦ﹀  ᠠᠵᠤ ᠦᠢᠯᠡᠰ ᠤᠨ ᠵᠠᠭᠪᠤᠷ ᠢ ᠬᠡᠷᠡᠭᠯᠡᠵᠦ᠂ ᠴᠠᠬᠢᠯᠭᠠᠨ ᠭᠠᠷᠭᠠᠬᠤ᠂ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ  ᠵᠦᠭᠡᠭᠡᠪᠦᠷᠢᠯᠡᠬᠦ ᠂ ᠤᠰᠤᠲᠥ᠋ᠷᠥᠭᠴᠢ ᠨᠡᠮᠡᠬᠦ ᠪᠦᠬᠦ ᠠᠵᠤ ᠦᠢᠯᠡᠰ ᠤᠨ ᠬᠡᠯᠬᠢᠶ᠎ᠡ  ᠶᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠶᠢ ᠪᠡᠶᠡᠯᠡᠭᠦᠯᠵᠦ᠂ ᠰᠠᠯᠬᠢᠨ ᠬᠦᠴᠦᠨ ᠢᠶᠠᠷ ᠤᠰᠤᠲᠥ᠋ᠷᠥᠭᠴᠢ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠪᠠ᠃ ᠲᠡᠷᠢᠭᠦᠨ ᠤ ᠲᠣᠭᠠᠴᠢᠯᠠᠭᠰᠠᠨ ᠡᠨᠧᠷᠭᠢ ᠬᠠᠳᠠᠭᠠᠯᠠᠬᠤ ᠰᠢᠰᠲ᠋ᠧᠮ ᠢ ᠣᠷᠣᠭᠤᠯᠵᠤ᠂ ᠪᠣᠬᠢᠷᠲᠤᠯ ᠥᠬᠡᠢ ᠴᠠᠬᠢᠯᠭᠠᠨ ᠬᠠᠩᠭᠠᠬᠤ ᠲᠤᠯᠬᠢᠶᠠᠨ ᠢ ᠪᠠᠭᠤᠷᠠᠭᠤᠯᠤᠨ᠎ᠠ᠃   ︿ᠱᠦᠯᠲᠦᠯᠢᠭ ᠴᠢᠨᠠᠷ + PEM﹀  ᠬᠤᠣᠰ ᠮᠡᠷᠭᠡᠵᠢᠯ ᠤᠨ ᠱᠤᠭᠤᠮ ᠢ ᠪᠠᠶᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠵᠤ ᠪᠤᠬᠢᠷᠳᠤᠯ ᠦᠬᠡᠢ ᠤᠰᠤᠲᠥ᠋ᠷᠥᠭᠴᠢ ᠪᠣᠯᠭᠠᠨ᠎ᠠ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠦᠢᠯᠡᠳᠪᠦᠷᠢᠯᠡᠯ ᠤᠨ ᠬᠡᠪ ᠵᠠᠭᠪᠤᠷ ᠂ ᠪᠤᠬᠢᠷᠳᠤᠯ ᠦᠭᠡᠢ ᠴᠠᠬᠢᠯᠭᠠᠨ ᠪᠠ ᠪᠤᠬᠢᠷᠳᠤᠯ ᠦᠭᠡᠢ  ᠤᠰᠤᠲᠥ᠋ᠷᠥᠭᠴᠢ ᠶᠢ ᠥᠨᠳᠥᠷ ᠪᠦᠲᠦᠮᠵᠢᠲᠡᠢ  ᠵᠤᠬᠢᠴᠠᠭᠤᠯᠬᠤ ᠶᠢ ᠪᠡᠶᠡᠯᠡᠭᠦᠯᠦᠨ᠎ᠡ︾  ᠭᠡᠵᠠᠢ᠃      ᠣᠷᠣᠨ ᠨᠤᠲᠤᠭ  ᠠᠵᠤ ᠠᠬᠤᠢᠯᠠᠯ ᠭᠠᠷ ᠬᠤᠯᠪᠤᠯᠴᠠᠨ ᠤᠰᠤᠲᠥ᠋ᠷᠥᠭᠴᠢ ᠲᠠᠢ  ᠬᠠᠮᠲᠤ ᠪᠠᠷ ᠤᠷᠤᠭᠰᠢᠯᠠᠨ᠎ᠠ ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ ᠶᠧ ᠰᠢᠶᠤᠤ ᠹᠧᠩ᠄ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠢᠯᠡᠳᠲᠡ ᠳᠠᠪᠠᠭᠤᠯᠢᠭ ᠲᠠᠢ᠂ ᠪᠦᠬᠦ ᠤᠯᠤᠰ ᠤᠨ ᠥᠨᠳᠥᠷ ᠥᠷᠲᠡᠭ ᠲᠠᠢ ᠭᠠᠵᠠᠷ ᠣᠷᠣᠨ ᠤ ᠨᠢᠭᠡ ᠪᠣᠯᠤᠨ᠎ᠠ᠂ ᠲᠣᠭᠲᠠᠭᠤᠨ ᠪᠥᠭᠡᠳ ᠥᠪᠡᠷ ᠤᠨ ᠦᠷᠳᠡᠭ ᠢᠶᠠᠷ ᠳᠣᠣᠷ᠎ᠠ  ᠪᠤᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠶᠢ ᠪᠠᠲᠤᠯᠠᠵᠤ᠂  ᠪᠤᠬᠢᠷᠳᠤᠯ ᠦᠭᠡᠢ ᠤᠰᠤᠲᠥ᠋ᠷᠥᠭᠴᠢ ᠶᠢ ᠶᠡᠭᠡ ᠬᠡᠪᠴᠢᠶ᠎ᠡ ᠪᠠᠷ ᠦᠢᠯᠡᠳᠪᠦᠷᠢᠯᠡᠬᠦ  ᠶᠢ ᠪᠤᠳᠠᠳᠠᠶᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠡᠢ᠃ ᠪᠢᠳᠡ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠣᠯᠣᠭᠠᠶᠢᠯᠠᠭᠴᠢ ᠠᠵᠤ ᠠᠬᠤᠶᠢᠯᠠᠯ ᠢ ᠤᠷᠢᠵᠤ ᠬᠤᠰᠢᠭᠤᠨ ᠳᠤ ᠲᠣᠭᠤᠷᠢᠨ ᠦᠵᠡᠭᠦᠯᠵᠦ᠂ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠠᠮᠲᠤ ᠪᠠᠷ ᠵᠥᠪᠯᠡᠵᠦ᠂ ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠨ᠎ᠡ᠃ ᠳᠠᠷᠠᠭᠠᠴᠢ ᠶᠢᠨ ᠠᠯᠬᠤᠮ ᠳᠤ᠂ ᠪᠢᠳᠡ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠥᠨᠳᠥᠷ ᠪᠦᠲᠦᠮᠵᠢᠲᠡᠶ ᠭᠦᠢᠯᠭᠡᠭᠡ ᠪᠠ ᠥᠷᠭᠡᠨ ᠳᠡᠯᠭᠡᠷ ᠬᠡᠷᠡᠭᠯᠡᠯᠲᠡ ᠶᠢ ᠦᠨᠡᠨ ᠬᠦ ᠪᠠᠲᠤᠯᠠᠵᠤ᠂  ᠲᠠᠷᠬᠠᠨ ᠮᠤᠤᠮᠢᠩᠭᠠᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠡᠬᠢ ᠰᠤᠷᠪᠤᠯᠵᠢ ᠨᠡᠮᠡᠷᠢᠯᠡᠨ᠎ᠡ︾  ᠭᠡᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号