ᠰᠢᠶᠣᠣ ᠬᠤᠩ ᠱᠦ ᠠᠴᠠ ᠪᠤᠰᠤᠳ ᠪᠠᠰᠠ ᠬᠠᠮᠢᠭ᠎ᠠ ᠰᠠᠶᠢᠨ ᠰᠠᠶᠢᠬᠠᠨ ᠶᠠᠭᠤᠮ᠎ᠠ ᠶᠢ ᠲᠠᠨᠢᠯᠴᠠᠭᠤᠯᠳᠠᠭ ᠪᠣᠢ
ᠨᠡᠶᠢᠲᠡᠯᠡᠭᠰᠡᠨ ᠴᠠᠭ᠄
2024/11/6
      ᠴᠢᠩᠭᠡᠯᠢᠭ ᠲᠤ ᠡᠪᠡᠰᠦ ᠤᠷᠭᠤᠵᠠᠢ︕ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤ ᠮᠠ ᠭᠧᠦ ᠶᠢᠨ ᠲᠠᠷᠢᠶᠠᠨ ᠭᠠᠵᠠᠷ ᠤᠨ ᠶᠡᠷᠦᠩᠬᠡᠢ ᠴᠣᠭᠴᠠ ᠳᠤ ᠣᠷᠣᠵᠤ᠂ ᠠᠵᠢᠯᠲᠠᠳ ᠢ ᠳᠠᠭᠠᠵᠤ ᠨᠢᠭᠡ ᠴᠢᠩᠭᠡᠯᠢᠭ ᠤᠨ ᠡᠮᠦᠨ᠎ᠡ ᠢᠷᠡᠵᠦ᠂ ᠴᠢᠩᠭᠡᠯᠢᠭ ᠢ ᠨᠡᠭᠡᠭᠡᠬᠦ ᠳᠤ᠂ ᠦᠩᠭᠡᠭ ᠦᠵᠡᠮᠵᠢ ᠨᠢ ᠡᠲᠡᠭᠡᠳ ᠰᠠᠶᠢᠬᠠᠨ ᠪᠠᠶᠢᠯ᠎ᠠ᠃ ᠪᠣᠰᠤᠭ᠎ᠠ ᠪᠡᠶᠡᠲᠦ ᠲᠠᠷᠢᠮᠠᠯ ᠤᠨ ᠲᠠᠯᠪᠢᠭᠤᠷ ᠨᠢ ᠨᠢᠭᠡ ᠮᠦᠷᠦ ᠵᠡᠷᠭᠡᠯᠡᠵᠦ᠂ ᠰᠦᠷᠴᠢᠬᠦ᠂ ᠭᠡᠷᠡᠯ ᠤᠨ ᠲᠤᠰᠤᠯᠲᠠ᠂ ᠠᠷᠢᠭᠤᠳᠬᠠᠬᠤ ᠵᠡᠷᠭᠡ ᠲᠥᠬᠦᠭᠡᠷᠦᠮᠵᠢ ᠨᠢ ᠴᠥᠮ ᠪᠦᠷᠢᠨ ᠪᠠᠶᠢᠵᠤ᠂ ᠰᠠᠭᠤᠷᠢ ᠨᠢᠭᠡᠪᠦᠷᠢ ᠡᠪᠡᠰᠦ ᠨᠣᠭᠤᠭ᠎ᠠ ᠴᠡᠯ ᠨᠣᠭᠤᠭᠠᠨ ᠦᠩᠭᠡᠭ ᠲᠠᠢ ᠪᠠᠶᠢᠵᠤ᠂ ᠤᠷᠭᠤᠴᠠ ᠨᠢ ᠬᠥᠮᠥᠨ ᠢ ᠪᠠᠶᠠᠰᠬᠠᠵᠤ᠂ ᠶᠠᠭ ᠯᠠ ᠨᠢᠭᠡᠨ ︽ᠦᠢᠯᠡᠳᠪᠦᠷᠢᠯᠡᠯ ᠤᠨ ᠲᠠᠰᠤᠭ︾ ᠰᠢᠭ᠋ ᠪᠠᠶᠢᠳᠠᠭ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠮᠠᠨ ᠤ ᠤᠯᠤᠰ ᠤᠨ ᠲᠤᠭ᠎ᠠ ᠲᠠᠢ ᠬᠢᠯᠢ ᠬᠢᠵᠠᠭᠠᠷ ᠤᠨ ᠮᠠᠯᠵᠢᠬᠤ ᠬᠤᠰᠢᠭᠤᠨ ᠤ ᠨᠢᠭᠡ ᠪᠣᠯᠤᠨ᠎ᠠ᠃ ᠪᠦᠬᠦ ᠬᠤᠰᠢᠭᠤᠨ ᠳᠤ ᠲᠠᠯ᠎ᠠ ᠨᠤᠲᠤᠭ ᠨᠡᠶᠢᠲᠡ 2341.46 ᠲᠦᠮᠡᠨ ᠮᠦ ᠪᠠᠶᠢᠵᠤ᠂ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠢ ᠨᠢ 2229.77 ᠲᠦᠮᠡᠨ ᠮᠦ᠃ ᠨᠤᠲᠤᠭ ᠪᠡᠯᠴᠢᠭᠡᠷ ᠪᠣᠯ ᠮᠠᠯ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ ᠪᠠ ᠮᠠᠯᠵᠢᠬᠤ ᠣᠷᠣᠨ ᠤ ᠮᠠᠯᠴᠢᠨ ᠲᠠᠷᠢᠶᠠᠴᠢᠳ ᠤᠨ ᠣᠷᠣᠰᠢᠨ ᠠᠮᠢᠳᠤᠷᠠᠵᠤ ᠪᠠᠶᠢᠭ᠎ᠠ ᠦᠨᠳᠦᠰᠦᠨ ᠦᠢᠯᠡᠳᠪᠦᠷᠢᠯᠡᠯ ᠤᠨ ᠬᠡᠷᠡᠭᠰᠡᠯ ᠮᠥᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢ ᠬᠡᠷᠬᠢᠨ ᠤᠶᠠᠯᠳᠤᠭᠤᠯᠬᠤ ᠪᠣᠶ︖ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠴᠢᠨ ᠲᠠᠷᠢᠶᠠᠴᠢᠳ ᠢᠳᠡᠪᠬᠢᠲᠡᠢ ᠣᠷᠣᠯᠳᠤᠯᠭ᠎ᠠ ᠬᠢᠪᠡ᠃      ︽ᠨᠢᠳᠤᠨᠤᠨ 7 ᠳ᠋ᠤᠭᠠᠷ ᠰᠠᠷ᠎ᠠ ᠳᠤ᠂ ᠪᠢᠳᠡ ᠾᠧᠨᠠᠨ ᠠᠴᠠ ᠴᠢᠩᠭᠡᠯᠢᠭ ᠵᠢᠴᠢ ᠲᠦᠭᠦᠷᠵᠢᠭᠰᠡᠨ ᠲᠥᠬᠦᠭᠡᠷᠦᠮᠵᠢ ᠶᠢ ᠬᠤᠳᠠᠯᠳᠤᠨ ᠠᠪᠴᠢᠷᠠᠵᠤ ᠤᠰᠤᠨ ᠲᠡᠵᠢᠭᠡᠯ ᠡᠪᠡᠰᠦ ᠲᠠᠷᠢᠪᠠ᠃ ᠤᠰᠤᠨ ᠲᠡᠵᠢᠭᠡᠯ ᠡᠪᠡᠰᠦ ᠨᠢ ᠨᠢᠭᠡ ᠵᠦᠢᠯ ᠤᠨ ᠬᠥᠷᠥᠰᠥ ᠦᠭᠡᠢ ᠲᠠᠷᠢᠵᠤ ᠣᠷᠭᠤᠭᠤᠯᠬᠤ ᠰᠢᠨ᠎ᠡ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠬᠦᠷᠦᠰᠦᠨ ᠳᠠᠬᠢ ᠬᠤᠷᠣᠬᠠᠢ ᠶᠢᠨ ᠬᠥᠨᠦᠭᠡᠯ ᠪᠤᠶᠤ ᠡᠪᠡᠳᠴᠢᠨ ᠤ ᠨᠥᠯᠥᠭᠡ ᠶᠢ ᠬᠦᠷᠲᠡᠬᠦ ᠦᠭᠡᠢ᠂ ᠡᠶᠢᠮᠦ ᠠᠴᠠ ᠲᠠᠷᠢᠶᠠᠨ ᠡᠮ ᠬᠡᠷᠡᠭᠯᠡᠬᠦ ᠴᠢᠬᠤᠯᠠ ᠦᠭᠡᠢ ᠮᠦᠷᠲᠡᠭᠡᠨ ᠪᠠᠰᠠ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠯᠠᠨ᠎ᠠ᠃ ᠡᠭᠦᠨ ᠤ ᠬᠠᠮᠲᠤ ᠥᠰᠥᠯᠲᠡ ᠶᠢᠨ ᠦᠶᠡᠯᠡᠯ ᠤᠨ ᠬᠤᠭᠤᠴᠠᠭ᠎ᠠ ᠨᠢ ᠣᠬᠤᠷ᠂ ᠵᠥᠪᠬᠡᠨ 7 ᠡᠳᠦᠷ ᠬᠡᠷᠡᠭᠰᠡᠨ᠎ᠡ᠂ ᠳᠠᠷᠢᠬᠤ ᠳᠤ ᠤᠯᠠᠷᠢᠯ ᠤᠨ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ᠂ 365 ᠡᠳᠦᠷ ᠪᠦᠷ ᠲᠠᠷᠢᠵᠤ ᠤᠷᠭᠤᠭᠤᠯᠵᠤ ᠪᠣᠯᠤᠨ᠎ᠠ᠃ ᠰᠢᠮ᠎ᠡ ᠲᠡᠵᠢᠭᠡᠯ ᠡᠯᠪᠡᠭ᠂ ᠦᠨᠳᠦᠰᠦ ᠲᠠᠢ ᠨᠢ ᠢᠳᠡᠵᠦ ᠪᠣᠯᠤᠨ᠎ᠠ᠂ ᠦᠬᠡᠷ ᠬᠤᠨᠢᠨ ᠤ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠪᠠᠷ ᠪᠠᠷᠠᠬᠤ ᠦᠭᠡᠢ᠂ ᠮᠢᠬᠠᠨ ᠤ ᠴᠢᠨᠠᠷ ᠨᠢ ᠴᠦ ᠳᠡᠭᠡᠭᠰᠢᠯᠡᠵᠦ᠂ ᠦᠬᠡᠷ ᠬᠤᠨᠢᠨ ᠤ ᠭᠠᠷᠭᠠᠯᠲᠠ ᠶᠢᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ︾ ᠭᠡᠵᠦ ᠱᠢ ᠪᠣᠤ ᠮᠠᠯ ᠲᠠᠷᠢᠶᠠᠯᠠᠩ ᠵᠢᠭᠠᠰᠤᠨ ᠤ ᠠᠵᠤ ᠦᠢᠯᠡᠰ ᠤᠨ ᠳᠡᠳ᠋ ᠶᠡᠷᠦᠩᠬᠡᠢ ᠵᠠᠬᠢᠷᠤᠯ ᠵᠣᠣ ᠶᠦᠩ ᠵᠢᠶᠦ᠋ᠨ ᠰᠤᠷᠪᠤᠯᠵᠢᠯᠠᠭᠴᠢ ᠳᠤ ᠲᠠᠨᠢᠯᠴᠠᠭᠤᠯᠪᠠ᠃      ᠦᠷ᠎ᠡ ᠶᠢ ᠰᠢᠯᠢᠨ ᠰᠣᠩᠭᠤᠬᠤ ᠠᠴᠠ ᠪᠠᠺᠲ᠋ᠧᠷᠢ ᠠᠯᠠᠵᠤ ᠠᠷᠢᠭᠤᠳᠬᠠᠬᠤ᠂ ᠳᠡᠪᠲᠦᠭᠡᠵᠦ ᠰᠣᠶᠣᠭᠠᠯᠠᠬᠤ ᠠᠴᠠ ᠪᠤᠭᠤᠳᠠᠢ ᠶᠢᠨ ᠨᠠᠬᠢᠶ᠎ᠠ ᠶᠢ ᠳᠡᠪᠢᠰᠬᠦ ᠬᠦᠷᠲᠡᠯ᠎ᠡ ᠵᠥᠪᠬᠡᠨ 7 ᠡᠳᠦᠷ ᠵᠠᠷᠤᠴᠠᠭᠤᠯᠪᠠᠯ ᠰᠢᠨ᠎ᠡ ᠰᠣᠷᠭᠤᠭ ᠲᠡᠵᠢᠭᠡᠯ ᠡᠪᠡᠰᠦ ᠭᠠᠷᠳᠠᠭ᠃ ᠤᠰᠤᠨ ᠲᠡᠵᠢᠭᠡᠯ ᠡᠪᠡᠰᠦ ᠨᠢ ᠬᠥᠮᠦᠨ ᠤ ᠬᠦᠴᠦ ᠪᠠᠷ ᠬᠡᠷᠡᠯ ᠨᠥᠬᠦᠪᠥᠷᠢᠯᠡᠬᠦ᠂ ᠠᠦ᠋ᠲ᠋ᠣ᠋ ᠰᠦᠷᠴᠢᠯ ᠵᠡᠷᠭᠡ ᠣᠶᠤᠨᠴᠢ ᠲᠥᠬᠦᠭᠡᠷᠦᠮᠵᠢ ᠶᠢ ᠬᠡᠷᠡᠭᠯᠡᠨ᠂ ᠳᠤᠯᠠᠭᠠᠨ ᠤ ᠬᠡᠮᠵᠢᠶ᠎ᠡ᠂ ᠴᠢᠭᠢᠭᠲᠦᠴᠡ᠂ ᠬᠡᠷᠡᠯ ᠤᠨ ᠲᠤᠰᠤᠯᠲᠠ ᠶᠢ ᠨᠠᠷᠢᠯᠢᠭ ᠣᠨᠤᠪᠴᠢᠲᠠᠢ ᠪᠠᠷ ᠳᠣᠭᠢᠷᠠᠭᠤᠯᠤᠨ ᠡᠵᠡᠮᠳᠡᠬᠦ ᠶᠢ ᠪᠡᠶᠡᠯᠡᠭᠦᠯᠦᠨ᠎ᠡ ᠃ ︽1 ᠺᠢᠯᠤᠺᠷᠠᠮ ᠦᠷ᠎ᠡ  ᠨᠢ 7 ᠺᠢᠯᠦᠺᠷᠠᠮ ᠰᠣᠷᠭᠤᠭ ᠡᠪᠡᠰᠦ ᠦᠢᠯᠡᠳᠪᠦᠷᠢᠯᠡᠵᠦ ᠳᠡᠶᠢᠯᠳᠡᠭ᠃ ᠴᠢᠩᠭᠡᠯᠢᠭ ᠴᠢᠨᠡᠭᠡ ᠪᠠᠷ ᠢᠶᠠᠨ ᠦᠢᠯᠡᠳᠪᠦᠷᠢᠯᠡᠪᠡᠯ ᠡᠳᠦᠷ ᠪᠥᠷᠢ ᠬᠠᠮᠤᠭ ᠤᠨ ᠠᠷᠪᠢᠨ ᠳᠤ ᠪᠠᠨ 800 ᠺᠢᠯᠤᠺᠷᠠᠮ ᠡᠪᠡᠰᠦ ᠣᠷᠭᠤᠭᠤᠯᠤᠨ᠎ᠠ︾ ᠭᠡᠵᠦ ᠵᠣᠣ ᠶᠦᠩ ᠵᠢᠶᠦ᠋ᠨ ᠬᠡᠯᠡᠵᠦ᠂ ᠤᠯᠠᠮᠵᠢᠯᠠᠯᠲᠤ ᠡᠪᠡᠰᠦ ᠳᠠᠷᠢᠬᠤ ᠠᠷᠭ᠎ᠠ ᠮᠠᠶ᠋ᠢᠭ ᠲᠠᠢ ᠬᠠᠷᠢᠴᠠᠭᠤᠯᠪᠠᠯ᠂ ᠤᠰᠤᠨ ᠲᠡᠵᠢᠭᠡᠯ ᠡᠪᠡᠰᠦ ᠳᠠᠷᠢᠬᠤ ᠨᠢ ᠤᠯᠠᠷᠢᠯ ᠳᠤ ᠬᠢᠵᠠᠭᠠᠷᠯᠠᠭᠳᠠᠬᠤ ᠥᠬᠡᠶ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠳᠤ ᠦᠷᠭᠦᠯᠵᠢᠯᠡᠨ ᠲᠣᠭᠲᠠᠭᠤᠨ᠂ ᠥᠨᠳᠥᠷ ᠪᠦᠲᠦᠮᠵᠢᠲᠡᠶ ᠴᠢᠨᠠᠷ ᠰᠠᠶᠢᠲᠠᠶ ᠲᠡᠵᠢᠭᠡᠯ ᠡᠪᠡᠰᠦ ᠦᠢᠯᠡᠳᠪᠦᠷᠢᠯᠡᠬᠦ ᠪᠠ ᠬᠠᠩᠭᠠᠵᠤ᠂ ᠦᠬᠡᠷ ᠬᠤᠨᠢ ᠶᠢ ᠵᠢᠯ ᠤᠨ ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠲᠡᠵᠢᠭᠡᠯ ᠡᠪᠡᠰᠦ ᠢᠳᠡᠭᠦᠯᠦᠨ᠎ᠡ ᠭᠡᠪᠡ᠃ᠲᠡᠵᠢᠭᠡᠯ ᠡᠪᠡᠰᠦ ᠳᠠᠷᠢᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠠᠶᠢᠵᠢᠷᠠᠭᠤᠯᠬᠤ ᠠᠵᠢᠯ ᠶᠠᠭ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠦᠷᠢᠶᠡᠨ ᠳᠠᠬᠢ ᠭᠦᠨᠵᠡᠭᠡᠶ ᠬᠤᠪᠢᠰᠤᠯᠲᠠ ᠶᠢ ᠠᠯᠬᠤᠮ ᠠᠯᠬᠤᠮ ᠢᠶᠠᠷ ᠬᠥᠲᠥᠯᠥᠨ ᠳᠠᠭᠠᠭᠤᠯᠵᠤ ᠪᠠᠶᠢᠨ᠎ᠠ᠃      ᠰᠠᠶᠢᠨ ᠣᠷᠣᠭᠤᠯᠪᠠᠯ ᠭᠤᠷᠪᠠᠨ ᠮᠧᠲᠷ ᠥᠨᠳᠦᠷ ᠣᠷᠭᠤᠵᠤ ᠳᠡᠶᠢᠯᠦᠨ᠎ᠡ︕ ᠲᠦᠷᠦᠭᠦᠬᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ ᠣᠩᠭᠤᠨ ᠰᠢᠶᠠᠩ ᠤᠨ ᠪᠤᠯᠲᠤ ᠲᠣᠰᠬᠤᠨ ᠤ ᠲᠠᠷᠢᠶᠠᠨ ᠭᠠᠵᠠᠷ ᠲᠤ ᠂ ᠰᠤᠷᠪᠤᠯᠵᠢᠯᠠᠭᠴᠢ᠂ ᠣᠷᠭᠤᠮᠠᠯ ᠮᠠᠰᠢ ᠥᠨᠳᠥᠷ ᠣᠷᠭᠤᠭᠰᠠᠨ᠂ ᠨᠠᠪᠴᠢ ᠨᠢ ᠣᠨᠴᠠᠭᠠᠢ ᠲᠣᠮᠤ᠂ ᠢᠭᠴᠤ ᠰᠠᠬᠤᠯᠢᠭ᠂ ᠰᠠᠯᠬᠢᠨ ᠦᠯᠢᠶᠡᠪᠡᠯ᠂ ᠨᠣᠮᠢᠨ ᠳᠠᠪᠠᠯᠭᠠᠨ ᠳᠠᠪᠠᠯᠭᠠᠯᠠᠨ᠎ᠠ᠃ ︽ᠡᠨᠡ ᠪᠣᠯ ᠬᠦᠶ ᠮᠦ ᠡᠪᠡᠰᠦ ᠮᠥᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠤᠷᠭᠤᠯᠲᠠ ᠳᠤ ᠲᠣᠬᠢᠷᠠᠬᠤ ᠦᠷ᠎ᠡ ᠴᠢᠬᠢ ᠶᠢ ᠬᠠᠩᠭᠠᠵᠤ᠂ ᠡᠨᠡ ᠵᠢᠯ ᠠᠩᠬ᠎ᠠ 80 ᠮᠥ ᠳᠠᠷᠢᠵᠤ᠂ ︿ᠡᠪᠡᠰᠦ ᠪᠠᠷ ᠠᠮᠤ ᠪᠣᠳᠠᠭ᠎ᠠ ᠶᠢ ᠣᠷᠤᠯᠠᠭᠤᠯᠬᠤ﹀ ᠰᠢᠨ᠎ᠡ ᠰᠡᠳᠬᠢᠮᠵᠢ ᠶᠢ ᠲᠤᠷᠰᠢᠨ ᠬᠡᠷᠡᠭᠵᠢᠭᠦᠯᠵᠡᠶ︾ ᠭᠡᠵᠦ ᠪᠣᠭᠤᠲᠤ ᠬᠤᠲᠠ ᠶᠢᠨ ᠹᠧᠢ ᠶᠠᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠾᠧ ᠸᠧᠢ ᠬᠡᠯᠡᠪᠡ᠃      ᠪᠠᠭ᠎ᠠ ᠣᠩᠭᠤᠨ ᠰᠢᠶᠠᠩ ᠬᠥᠬᠡᠬᠤᠲᠠ᠂ ᠪᠤᠭᠤᠲᠤ᠂ ᠤᠯᠠᠭᠠᠨᠴᠠᠪ ᠭᠤᠷᠪᠠᠨ ᠬᠤᠲᠠ ᠶᠢᠨ ᠠᠭᠤᠯᠵᠠᠷ ᠲᠤ ᠪᠠᠶᠢᠷᠢᠯᠠᠵᠤ᠂ ᠭᠠᠵᠠᠷ ᠤᠨ ᠪᠠᠶᠢᠴᠠ ᠶᠢᠨ ᠣᠯᠠᠩᠬᠢ ᠨᠢ ᠠᠭᠤᠯᠠᠨ ᠴᠢᠯᠠᠭᠤᠨ ᠳᠣᠪᠣᠷᠬᠠᠭ᠂ ᠠᠭᠤᠷ ᠠᠮᠢᠰᠬᠤᠯ ᠬᠠᠬᠢᠷ ᠬᠦᠢᠲᠡᠨ᠂ ᠲᠤᠨᠳᠠᠰᠤᠨ ᠤ ᠬᠡᠮᠵᠢᠶ᠎ᠡ ᠪᠠᠭ᠎ᠠ ᠪᠠᠶᠢᠳᠠᠭ᠃ ᠪᠠᠭ᠎ᠠ ᠣᠩᠭᠤᠨ ᠰᠢᠶᠠᠩ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠴᠥᠮ ᠪᠡᠯᠴᠢᠭᠡᠷ ᠤᠨ ᠤᠷᠭᠤᠮᠠᠯ ᠮᠠᠭᠤᠵᠢᠷᠠᠬᠤ᠂ ᠬᠥᠷᠥᠰᠥ ᠰᠢᠷᠣᠶ ᠡᠯᠡᠰᠦᠷᠬᠡᠭᠵᠢᠬᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠡᠪᠡᠰᠦ ᠪᠣᠷᠳᠤᠭ᠎ᠠ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠨ᠎ᠠ᠂ ︽ᠡᠪᠡᠰᠦ ᠪᠠᠷ ᠠᠮᠤ ᠪᠣᠳᠠᠭ᠎ᠠ ᠶᠢ ᠣᠷᠤᠯᠠᠭᠤᠯᠬᠤ︾ ᠨᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠲᠡᠵᠢᠭᠡᠯ ᠡᠪᠡᠰᠦᠨ ᠤ ᠭᠠᠷᠤᠯᠲᠠ᠂ ᠶᠠᠰᠤ ᠴᠢᠨᠠᠷ ᠵᠢᠴᠢ ᠦᠷ᠎ᠡ ᠠᠰᠢᠭ ᠢ ᠳᠡᠭᠡᠭᠰᠢᠯᠡᠭᠦᠯᠬᠦ ᠰᠢᠨ᠎ᠡ ᠬᠦᠰᠡᠯ ᠡᠷᠡᠮᠡᠯᠵᠡᠯ ᠪᠣᠯᠵᠣ ᠪᠠᠶᠢᠨ᠎ᠠ᠃      ᠲᠡᠵᠢᠭᠡᠯ ᠡᠪᠡᠰᠦ ᠪᠠᠷ ᠠᠮᠤ ᠪᠤᠳᠠᠭ᠎ᠠ ᠶᠢ ᠣᠷᠣᠯᠠᠭᠤᠯᠬᠤ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠪᠠᠷ ᠬᠥᠭᠵᠢᠭᠰᠡᠨ ᠲᠥᠷᠥᠯ ᠵᠦᠢᠯ ᠮᠥᠨ᠂ ︽ᠡᠮᠦᠨᠡᠲᠦ ᠣᠷᠣᠨ ᠤ ᠨᠢᠭᠡᠳᠦᠭᠡᠷ ᠡᠪᠡᠰᠦ︾ ᠬᠡᠮᠡᠭᠳᠡᠭᠰᠡᠨ ᠬᠦᠶ ᠮᠦ ᠡᠪᠡᠰᠦ ᠨᠢ ᠰᠣᠩᠭᠤᠨ ᠪᠤᠶᠢᠵᠢᠭᠤᠯᠬᠤ ᠪᠠᠷ ᠳᠠᠮᠵᠢᠨ ᠰᠠᠶᠢᠵᠢᠷᠠᠭᠤᠯᠤᠭᠰᠠᠨ ᠰᠢᠯᠢᠳᠡᠭ ᠡᠭᠦᠯᠳᠡᠷ ᠮᠥᠨ᠃ ᠬᠦᠶ ᠮᠦ ᠶᠢᠨ ᠰᠢᠮ᠎ᠡ ᠲᠡᠵᠢᠭᠡᠯ ᠤᠨ ᠥᠷᠲᠡᠭ ᠨᠢ ᠲᠦᠢᠯ ᠤᠨ ᠥᠨᠳᠥᠷ᠂ ᠰᠢᠬᠢᠷᠯᠢᠭ ᠠᠮᠲᠠ ᠲᠠᠢ᠂ ᠰᠣᠷᠭᠤᠭ ᠡᠪᠡᠰᠦᠨ ᠤ ᠪᠦᠳᠦᠭᠦᠯᠢᠭ ᠤᠭᠤᠷᠠᠭ 4.6%᠂ ᠦᠷ᠎ᠡ ᠶᠢᠨ ᠤᠭᠤᠷᠠᠭ 3%᠂ ᠰᠢᠬᠢᠷ 3.02%᠂ ᠬᠠᠭᠤᠷᠠᠢ ᠡᠪᠡᠰᠦᠨ ᠤ ᠪᠦᠳᠦᠭᠦᠯᠢᠭ ᠤᠭᠤᠷᠠᠭ 18.46%᠂ ᠦᠷ᠎ᠡ ᠶᠢᠨ ᠤᠭᠤᠷᠠᠭ 16.68%᠂ ᠰᠢᠬᠢᠷ 8.3%᠃ ᠬᠦᠶ ᠮᠦ ᠡᠪᠡᠰᠦ ᠶᠢ ᠨᠢᠭᠡ ᠤᠳᠠᠭ᠎ᠠ ᠲᠠᠷᠢᠪᠠᠯ ᠣᠯᠠᠨ ᠵᠢᠯ ᠬᠤᠷᠢᠶᠠᠵᠤ ᠪᠣᠯᠤᠨ᠎ᠠ᠂ ᠮᠦ ᠪᠦᠷᠢ ᠶᠢᠨ ᠭᠠᠷᠤᠯᠲᠠ ᠨᠢ ᠲᠤᠬᠠᠶ ᠶᠢᠨ ᠵᠢᠯ ᠳᠤ ᠪᠠᠨ ᠠᠷᠪᠠᠨ ᠲᠠᠪᠤᠨ ᠲᠣᠨ ᠠᠴᠠ ᠬᠤᠷᠢᠨ ᠲᠣᠨ ᠳᠤ ᠬᠦᠷᠴᠦ᠂ ᠳᠠᠷᠠᠭ᠎ᠠ ᠵᠢᠯ ᠨᠢ ᠬᠤᠷᠢ ᠠᠴᠠ ᠳᠥᠴᠢᠨ ᠲᠣᠨ ᠳᠤ ᠬᠦᠷᠴᠦ᠂ ᠮᠥᠬᠦᠯᠢᠭᠲᠦ ᠪᠣᠷᠳᠤᠭ᠎ᠠ᠂ ᠨᠣᠭᠤᠭᠠᠨ ᠳᠠᠷᠤᠰᠢ ᠶᠢᠨ ᠪᠣᠷᠳᠤᠭ᠎ᠠ᠂ ᠡᠪᠡᠰᠦᠨ ᠨᠤᠨᠲᠠᠭ᠂ ᠬᠠᠭᠤᠷᠠᠶ ᠡᠪᠡᠰᠦ᠂ ᠢᠰᠬᠡᠭᠰᠡᠨ ᠪᠣᠷᠳᠤᠭ᠎ᠠ ᠵᠡᠷᠭᠡ ᠶᠢ ᠡᠳ᠋ᠰᠢᠭᠦᠯᠵᠦ ᠪᠣᠯᠬᠤ ᠪᠦᠭᠡᠳ ᠰᠢᠮ᠎ᠡ ᠲᠡᠵᠢᠭᠡᠯ ᠡᠯᠪᠡᠭ᠂ ᠭᠠᠷᠤᠯᠲᠠ ᠨᠢ ᠥᠨᠳᠥᠷ᠂ ᠭᠠᠭ᠋ᠠᠶ᠂ ᠦᠬᠡᠷ᠂ ᠬᠤᠨᠢ ᠳᠤ ᠲᠣᠬᠢᠷᠠᠬᠤ ᠣᠨᠴᠠᠯᠢᠭ ᠲᠠᠢ᠃      ᠪᠠᠭ᠎ᠠ ᠣᠩᠭᠤᠨ ᠰᠢᠶᠠᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠢᠳᠡᠪᠬᠢᠲᠡᠢ ᠪᠠᠷ ᠦᠢᠯᠡᠳᠬᠦᠨ ᠪᠠ ᠮᠡᠷᠭᠡᠵᠢᠯ ᠤᠨ ᠵᠣᠯᠭᠠᠯᠴᠠᠭ᠎ᠠ ᠥᠷᠨᠢᠭᠦᠯᠵᠦ᠂ ᠬᠦᠢ ᠮᠦ ᠡᠪᠡᠰᠦ ᠶᠢ ᠲᠤᠬᠠᠢ ᠶᠢᠨ ᠭᠠᠵᠠᠷ ᠲᠤ ᠪᠠᠨ ᠣᠷᠣᠭᠤᠯᠤᠨ ᠠᠪᠴᠢᠷᠠᠬᠤ ᠶᠢᠨ ᠬᠠᠮᠲᠤ ᠲᠡᠭᠦᠨ ᠢ ᠲᠤᠬᠠᠢ ᠶᠢᠨ ᠭᠠᠵᠠᠷ ᠤᠨ ᠭᠠᠵᠠᠷ ᠵᠦᠢ᠂ ᠠᠭᠤᠷ ᠠᠮᠢᠰᠬᠤᠯ ᠤᠨ ᠨᠥᠬᠦᠴᠡᠯ ᠯᠦᠭᠡ ᠵᠣᠬᠢᠴᠠᠯᠳᠤᠭᠰᠠᠨ ᠵᠣᠬᠢᠴᠠᠬᠤ ᠴᠢᠨᠠᠷᠲᠠᠢ ᠲᠠᠷᠢᠮᠠᠯ ᠢ ᠲᠤᠷᠰᠢᠨ ᠬᠢᠪᠡ᠃ ᠬᠡᠷᠪᠡ ᠬᠦᠶ ᠮᠦ ᠡᠪᠡᠰᠦ ᠶᠢ ᠠᠮᠵᠢᠯᠲᠠ ᠲᠠᠢ ᠲᠠᠷᠢᠵᠤ ᠳᠡᠯᠭᠡᠷᠡᠭᠦᠯᠪᠡᠯ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠶᠢ ᠠᠬᠢᠭᠤᠯᠵᠤ᠂ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠂ ᠡᠭᠦᠨ ᠤ ᠬᠠᠮᠲᠤ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠪᠣᠯᠤᠨ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠵᠤ᠂ ᠬᠥᠳᠡᠭᠡ ᠲᠣᠰᠬᠤᠨ ᠤ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠴᠢᠳᠠᠨ᠎ᠠ᠃      ᠲᠡᠵᠢᠭᠡᠯ ᠡᠪᠡᠰᠦ ᠶᠢ ᠰᠠᠶᠢᠵᠢᠷᠠᠭᠤᠯᠬᠤ ᠪᠠᠷ ᠰᠠᠭᠤᠷᠢ ᠪᠣᠯᠭᠠᠵᠤ᠂ ᠣᠨᠴᠠᠯᠢᠭ ᠲᠠᠢ᠂ ᠥᠨᠳᠥᠷ ᠪᠦᠲᠦᠮᠵᠢᠲᠡᠢ ᠪᠠᠷ ᠡᠬᠢᠯᠡᠯᠲᠡ ᠶᠢᠨ ᠴᠡᠭ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠠᠭ ᠭᠠᠳᠠᠭᠠᠳᠤ ᠬᠦᠴᠦᠨ ᠳᠤ ᠲᠦᠰᠢᠭᠯᠡᠨ᠂ ᠳᠣᠲᠣᠭᠠᠳᠤ ᠬᠦᠴᠦᠨ ᠢ ᠬᠥᠭᠵᠢᠭᠡᠬᠦ ᠪᠠᠷ ᠳᠠᠮᠵᠢᠭᠤᠯᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠴᠥᠬᠦᠷᠡᠰᠢ ᠦᠭᠡᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号