2023 ᠣᠨ ᠤ ᠡᠬᠢ ᠪᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠾᠧ ᠰᠢᠶᠠᠩ ᠤᠨ | ᠰᠢ ᠾᠧ ᠲᠣᠰᠬᠤᠨ ᠤ ᠠᠷᠠᠳ ᠶᠠᠩ ᠱᠸᠤ ᠴᠢᠤᠸᠠᠨ ᠠᠩᠬ᠎ᠠ ᠤᠳᠠᠭ᠎ᠠ ᠥᠪᠡᠷ ᠤᠨ 50 ᠭᠠᠷᠤᠢ ᠮᠦ ᠲᠠᠷᠢᠶᠠᠨ | ᠭᠠᠵᠠᠷ ᠢᠶᠠᠨ ᠰᠢ ᠾᠧ ᠲᠣᠰᠬᠤᠨ ᠤ ᠨᠠᠮ ᠤᠨ ᠡᠭᠦᠷ ᠤᠨ ᠳᠠᠭᠠᠭᠤᠯᠤᠭᠰᠠᠨ ᠬᠠᠮᠲᠤ ᠶᠢᠨ ᠡᠵᠡᠩᠨᠡᠯᠲᠡ ᠶᠢᠨ | ᠬᠤᠷᠰᠢᠶ᠎ᠠ ᠳᠤ ᠬᠤᠪᠢ ᠣᠷᠣᠭᠤᠯᠵᠤ᠂ ᠪᠠᠰᠠ ᠭᠠᠵᠠᠷ ᠰᠢᠷᠣᠢ ᠶᠢᠨ ᠬᠠᠮᠢᠶᠠᠷᠤᠭᠴᠢ ᠪᠠᠷ ᠲᠠᠨᠢᠯᠴᠠᠭᠤᠯᠤᠭᠳᠠᠵᠤ᠂ | ᠨᠢᠭᠡ ᠵᠢᠯ ᠤᠨ ᠳᠣᠲᠣᠷ᠎ᠠ ᠠᠰᠢᠭ ᠬᠤᠪᠢᠶᠠᠷᠢᠯᠠᠭᠰᠠᠨ ᠪᠠ ᠴᠠᠯᠢᠩ ᠪᠠᠷᠤᠭ 7 ᠲᠦᠮᠡᠨ ᠲᠥᠭᠦᠷᠢᠭ ᠰᠢᠬᠠᠮ ᠣᠯᠪᠠ︔ | ᠡᠭᠦᠨ ᠤ ᠬᠠᠮᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠷᠬᠠᠨ ᠮᠤᠤᠮᠢᠩᠭᠠᠨ ᠰᠤᠮᠤᠨ ᠤ | ᠰᠢᠷᠠᠬᠠᠳᠠ ᠭᠠᠴᠠᠭᠠᠨ ᠤ ᠮᠠᠯᠴᠢᠨ ᠯᠦᠸᠧ ᠶᠢᠨ ᠬᠦᠢ ᠠᠩᠬ᠎ᠠ ᠤᠳᠠᠭ᠎ᠠ ᠲᠦᠮᠡᠨ ᠲᠥᠭᠦᠷᠢᠭ ᠤᠨ ᠪᠡᠯᠡᠨ | ᠵᠣᠭᠤᠰ ᠢᠶᠠᠷ ᠮᠦᠨ ᠨᠠᠮ ᠤᠨ ᠡᠭᠦᠷ ᠤᠨ ᠳᠠᠭᠠᠭᠤᠯᠤᠭᠰᠠᠨ ᠠᠷᠠᠳ ᠢ ᠪᠠᠶᠠᠵᠢᠭᠤᠯᠬᠤ ᠲᠡᠵᠢᠭᠡᠨ ᠦᠷᠡᠵᠢᠭᠦᠯᠬᠦ | ᠲᠤᠰᠬᠠᠢ ᠬᠤᠷᠰᠢᠶ᠎ᠠ ᠳᠤ ᠪᠡᠯᠡ ᠣᠷᠤᠭᠤᠯᠵᠤ᠂ ᠬᠠᠭᠠᠰ ᠵᠢᠯ ᠤᠨ ᠬᠤᠭᠤᠴᠠᠭ᠎ᠠ ᠪᠣᠯᠤᠭᠰᠠᠨ ᠦᠭᠡᠢ ᠪᠠᠷ 3000 | ᠭᠠᠷᠤᠢ ᠲᠥᠭᠦᠷᠢᠭ ᠤᠨ ᠣᠷᠣᠯᠭ᠎ᠠ ᠣᠯᠵᠠᠢ᠃ | 2023 ᠣᠨ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠥᠳᠡᠭᠡ ᠲᠣᠰᠬᠤᠨ᠂ | ᠮᠠᠯᠵᠢᠬᠤ ᠣᠷᠣᠨ ᠵᠡᠷᠭᠡ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠨᠠᠮ ᠤᠨ | ᠡᠭᠦᠷ ᠤᠨ ᠳᠠᠭᠠᠭᠤᠯᠤᠨ ᠡᠷᠬᠢᠯᠡᠬᠦ ᠬᠤᠷᠰᠢᠶ᠎ᠠ ᠶᠢᠨ ᠵᠠᠭᠪᠤᠷ ᠢ ᠠᠬᠢᠭᠤᠯᠬᠤ ᠶᠢᠨ ᠬᠠᠮᠲᠤ᠂ ᠬᠤᠷᠰᠢᠶ᠎ᠠ ᠶᠢᠨ ᠲᠦᠷᠦᠯ | ᠵᠦᠢᠯ ᠳᠤ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠢ ᠲᠡᠵᠢᠭᠡᠵᠦ ᠬᠠᠮᠲᠤ ᠪᠠᠷ | ᠪᠠᠶᠠᠵᠢᠬᠤ︾ ᠵᠡᠷᠭᠡ ᠶᠢ ᠢᠳᠡᠪᠬᠢᠲᠡᠢ ᠠᠭᠤᠰᠤᠯᠴᠠᠪᠠ᠃ ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠰᠢᠭᠤᠨ ᠳᠤ | ᠨᠢᠭᠡᠨᠲᠡ 23 ᠬᠤᠷᠰᠢᠶ᠎ᠠ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠲᠥᠷᠥᠯ ᠵᠦᠢᠯ ᠢ ᠥᠷᠨᠢᠭᠦᠯᠵᠦ᠂ | 2000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ 3000 ᠭᠠᠷᠤᠶ ᠮᠠᠯᠴᠢᠨ ᠲᠠᠷᠢᠶᠠᠴᠢᠨ ᠢ | ᠣᠷᠤᠭᠤᠯᠤᠨ ᠠᠪᠴᠤ᠂ 4 ᠲᠦᠮᠡ ᠭᠠᠷᠤᠢ ᠭᠠᠷᠤᠶ ᠰᠢᠷᠣᠶ ᠶᠢ ︽ᠨᠢᠭᠡᠳᠦᠯᠲᠡᠶ ᠲᠠᠷᠢᠵᠤ︾ ᠪᠤᠢ︔ 8 ᠬᠤᠷᠰᠢᠶ᠎ᠠ | ︽ᠨᠢᠭᠡᠳᠦᠯᠲᠠᠢ ᠲᠡᠵᠢᠭᠡᠵᠦ ᠬᠠᠮᠲᠤ ᠪᠠᠷ ᠪᠠᠶᠠᠵᠢᠬᠤ︾ ᠲᠦᠷᠦᠯ ᠵᠦᠢᠯ ᠦᠷᠨᠢᠭᠦᠯᠵᠦ᠂ 400 ᠭᠠᠷᠤᠶ ᠲᠦᠮᠡᠨ | ᠲᠥᠭᠦᠷᠢᠭ ᠤᠨ ᠪᠠᠯᠠ ᠣᠷᠣᠭᠤᠯᠵᠤ᠂ 700 ᠭᠠᠷᠤᠶ ᠮᠠᠯᠴᠢᠨ ᠲᠠᠷᠢᠶᠠᠴᠢᠨ ᠢ ᠣᠷᠤᠭᠤᠯᠤᠨ ᠠᠪᠴᠤ᠂ 4235 | ᠲᠣᠯᠤᠭᠠᠢ ᠮᠠᠯ ᠤᠨᠤᠭ᠎ᠠ ᠶᠢ ︽ᠨᠢᠭᠡᠳᠦᠯᠲᠡᠶ ᠲᠡᠵᠢᠭᠡᠵᠦ︾ ᠪᠤᠢ᠃ | ᠲᠠᠷᠢᠶᠠᠨ ᠭᠠᠵᠠᠷ ᠢ ᠬᠠᠮᠲᠤ ᠪᠠᠷ ᠳᠠᠷᠢᠵᠤ᠂ ᠮᠠᠯ ᠤᠨᠤᠭ᠎ᠠ ᠶᠢ ᠬᠠᠮᠲᠤ ᠪᠠᠷ ᠲᠡᠵᠢᠭᠡᠵᠦ᠂ ᠭᠠᠴᠠᠭ᠎ᠠ | ᠲᠣᠰᠬᠤᠨ ᠬᠠᠮᠲᠤ ᠶᠢᠨ ᠠᠰᠢᠭ ᠬᠤᠨᠵᠢᠪᠤᠷᠢ ᠲᠠᠢ᠂ ᠮᠠᠯᠴᠢᠨ ᠲᠠᠷᠢᠶᠠᠴᠢᠨ ᠠᠰᠢᠭ ᠣᠷᠣᠯᠭ᠎ᠠ ᠲᠠᠢ ᠰᠠᠶᠢᠨ ᠰᠠᠶᠢᠬᠠᠨ | ᠬᠤᠷᠰᠢᠯᠴᠠᠭ᠎ᠠ ᠶᠢ ᠪᠡᠶᠡᠯᠡᠭᠦᠯᠵᠦ᠂ ︽ᠨᠢᠭᠡᠳᠦᠯᠲᠡᠶ ᠲᠠᠷᠢᠵᠤ︾᠂ ︽ᠨᠢᠭᠡᠳᠦᠯᠲᠡᠶ ᠲᠡᠵᠢᠭᠡᠬᠦ︾ ᠬᠤᠤᠰ ᠬᠦᠷᠳᠦ ᠪᠠᠷ | ᠬᠥᠳᠡᠯᠭᠡᠭᠦᠷ ᠪᠣᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ ᠢ ᠬᠦᠴᠦᠯᠡᠨ ᠪᠣᠶ | ᠪᠣᠯᠭᠠᠪᠠ᠃ | ᠪᠠᠭ᠎ᠠ ᠲᠠᠷᠢᠶ᠎ᠠ ᠶᠢ ᠲᠣᠮᠤ ᠲᠠᠷᠢᠶ᠎ᠠ ᠪᠣᠯᠭᠠᠵᠤ ᠨᠢᠭᠡᠳᠦᠯᠲᠠᠢ ᠲᠠᠷᠢᠵᠤ ᠭᠠᠵᠠᠷ ᠰᠢᠷᠤᠢ ᠠᠴᠠ ᠦᠷ᠎ᠡ ᠠᠰᠢᠭ | ᠤᠯᠬᠤ | ᠵᠠᠯᠭᠠᠯᠳᠤᠭᠤᠯᠤᠨ ᠲᠠᠷᠢᠭᠰᠠᠨ ᠡᠷᠳᠡᠨᠢ ᠰᠢᠰᠢ ᠶᠢᠨ ᠲᠠᠷᠢᠶᠠᠨ ᠳᠤ ᠵᠣᠭᠰᠣᠵᠤ᠂ ᠤᠷᠭᠤᠯᠲᠠ ᠨᠢ ᠬᠥᠮᠦᠨ ᠢ | ᠪᠠᠶᠠᠰᠬᠠᠭᠰᠠᠨ ᠡᠷᠳᠡᠨᠢ ᠰᠢᠰᠢ ᠶᠢ ᠦᠵᠡᠭᠡᠳ ᠳᠠᠷᠦ᠋ᠢᠬᠠᠨ ᠬᠠᠳᠤᠵᠤ ᠪᠣᠯᠬᠤ ᠪᠣᠯᠵᠠᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠢ ᠾᠧ ᠰᠢᠶᠠᠩ ᠤᠨ ᠰᠢ ᠾᠧ ᠲᠣᠰᠬᠤᠨ ᠤ ᠨᠠᠮ ᠤᠨ ᠡᠭᠦᠷ ᠤᠨ ᠱᠦᠵᠢ ᠵᠠᠩ | ᠭᠤᠸᠠᠨ ᠱᠸᠧ ᠥᠪᠡᠷ ᠤᠨ ᠡᠷᠬᠡ ᠦᠭᠡᠢ ᠪᠠᠶᠠᠷᠯᠠᠵᠤ᠂ 2023 ᠣᠨ ᠳᠤ ᠴᠢᠯᠠᠭᠤ ᠲᠡᠮᠲᠡᠷᠢᠵᠦ ᠭᠤᠣᠯ ᠭᠡᠲᠦᠯᠵᠦ | ᠪᠠᠶᠢᠭᠰᠠᠨ ᠲᠠᠢ ᠬᠠᠷᠢᠴᠠᠭᠤᠯᠪᠠᠯ ᠡᠨᠡ ᠵᠢᠯ ᠲᠡᠷᠡ ᠨᠡᠩ ᠭᠦᠢᠴᠡᠳ ᠢᠲᠡᠭᠡᠯ ᠲᠠᠢ ᠪᠣᠯᠵᠠᠢ᠃ ︽ᠨᠢᠳᠤᠨᠤᠨ ᠪᠢᠳᠡ | ᠠᠩᠬ᠎ᠠ ᠤᠳᠠᠭ᠎ᠠ ᠨᠢᠭᠡᠳᠦᠯᠲᠡᠶ ᠳᠠᠷᠢᠬᠤ ᠶᠢ ᠲᠤᠷᠰᠢᠵᠤ᠂ ᠪᠥᠬᠦ ᠲᠣᠰᠬᠤᠨ ᠳᠤ ᠵᠥᠪᠬᠡᠨ 22 ᠡᠷᠦᠬᠡ ᠲᠣᠰᠬᠤᠨ ᠤ | ᠠᠷᠠᠳ ᠬᠤᠪᠢ ᠣᠷᠣᠵᠤ᠂ 343 ᠮᠥ ᠭᠠᠵᠠᠷ ᠰᠢᠷᠣᠶ ᠳᠤ ᠬᠤᠪᠢ ᠣᠷᠣᠭᠤᠯᠵᠤ᠂ ᠬᠤᠷᠰᠢᠶ᠎ᠠ ᠠᠴᠠ ᠨᠢᠭᠡᠳᠦᠯᠲᠡᠶ | ᠬᠠᠮᠢᠶᠠᠷᠴᠤ᠂ ᠮᠥ ᠪᠦᠷᠢ ᠭᠠᠵᠠᠷ ᠲᠤ 500 ᠭᠠᠷᠤᠶ ᠲᠥᠭᠦᠷᠢᠭ ᠣᠷᠣᠭᠤᠯᠵᠤ᠂ ᠵᠢᠯ ᠤᠨ ᠡᠴᠦᠰ ᠪᠣᠯᠬᠤ ᠳᠤ ᠮᠥ | ᠪᠦᠷᠢ 1300 ᠲᠥᠭᠦᠷᠢᠭ ᠰᠢᠬᠠᠮ ᠪᠣᠯᠵᠤ᠂ ᠮᠥ ᠪᠦᠷᠢ ᠠᠴᠠ 790 ᠭᠠᠷᠤᠶ ᠲᠥᠭᠦᠷᠢᠭ ᠠᠰᠢᠭ ᠬᠤᠪᠢᠶᠠᠷᠢᠯᠠᠪᠠ︾ | ᠭᠡᠵᠦ ᠵᠠᠩ ᠭᠤᠸᠠᠨ ᠱᠸᠧ ᠲᠠᠨᠢᠯᠴᠠᠭᠤᠯᠪᠠ᠂ ᠡᠨᠡ ᠵᠢᠯ ᠤᠨ ᠬᠤᠪᠢ ᠣᠷᠣᠭᠤᠯᠤᠭᠰᠠᠨ ᠭᠠᠵᠠᠷ ᠰᠢᠷᠣᠶ ᠨᠢ | 2000 ᠭᠠᠷᠤᠶ ᠮᠥ ᠳᠤ ᠬᠦᠷᠴᠦ᠂ 217 ᠡᠷᠦᠬᠡ ᠲᠣᠰᠬᠤᠨ ᠤ ᠠᠷᠠᠳ ᠪᠦᠬᠦᠨ ᠢᠶᠠᠷ ᠢᠶᠠᠨ ᠣᠷᠣᠯᠴᠠᠵᠤ᠂ | ᠬᠥᠬᠡ ᠨᠥᠭᠡᠴᠡᠯᠡᠵᠦ ᠡᠷᠳᠡᠨᠢ ᠰᠢᠰᠢ ᠶᠢ ᠶᠡᠭᠡ ᠬᠡᠪᠴᠢᠶ᠎ᠡ ᠪᠠᠷ ᠵᠠᠯᠭᠠᠯᠳᠤᠭᠤᠯᠤᠨ ᠲᠠᠷᠢᠬᠤ ᠶᠢ ᠪᠡᠶᠡᠯᠡᠭᠦᠯᠵᠦ᠂ | ᠣᠳᠣᠬᠠᠨ ᠤ ᠤᠷᠭᠤᠴᠠ ᠶᠢᠨ ᠪᠠᠶᠢᠳᠠᠯ ᠠᠴᠠ ᠦᠵᠡᠪᠡᠯ᠂ ᠡᠨᠡ ᠵᠢᠯ ᠤᠨ ᠮᠦ ᠪᠦᠷᠢ ᠶᠢᠨ ᠤᠨᠠᠯᠲᠠ ᠦᠷ᠎ᠡ | ᠠᠰᠢᠭ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠥᠨᠳᠥᠷ ᠪᠣᠯᠤᠨ᠎ᠠ ᠭᠡᠵᠦ ᠵᠢᠱᠢᠵᠦ ᠪᠤᠢ᠃ | ᠡᠭᠦᠨ ᠤ ᠬᠠᠮᠲᠤ᠂ ᠰᠢ ᠾᠧ ᠲᠣᠰᠬᠤᠨ ᠤ ᠨᠠᠮ ᠤᠨ ᠡᠭᠦᠷ ᠪᠠᠰᠠ ᠰᠠᠨ ᠾᠧ ᠢ ᠲᠠᠷᠢᠶᠠᠯᠠᠩ ᠤᠨ | ᠮᠠᠰᠢᠨ ᠤ ᠲᠤᠰᠬᠠᠢ ᠬᠤᠷᠰᠢᠶ᠎ᠠ ᠶᠢ ᠳᠠᠭᠠᠭᠤᠯᠤᠨ ᠡᠷᠬᠢᠯᠡᠵᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ | ᠦᠷᠨᠢᠭᠦᠯᠵᠦ᠂ ᠨᠠᠮ ᠤᠨ ᠡᠭᠦᠷ ᠢᠶᠠᠷ ᠠᠴᠢᠶᠠᠯᠠᠪᠤᠷᠢ ᠪᠣᠯᠭᠠᠵᠤ᠂ ᠬᠤᠷᠰᠢᠶ᠎ᠠ ᠪᠠᠷ ᠬᠤᠯᠪᠣᠭᠠᠰᠤ ᠪᠣᠯᠭᠠᠵᠤ᠂ | ᠲᠠᠷᠢᠶᠠᠴᠢᠳ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ | ᠲᠠᠷᠢᠶᠠᠴᠢᠨ ᠡᠷᠦᠬᠡ ᠳᠤ ︽ᠲᠠᠷᠢᠶᠠᠯᠠᠬᠤ᠂ ᠲᠠᠷᠢᠬᠤ᠂ ᠰᠡᠷᠭᠡᠶᠢᠯᠡᠬᠦ᠂ ᠬᠠᠮᠢᠶᠠᠷᠬᠤ᠂ ᠬᠤᠷᠢᠶᠠᠬᠤ︾ ᠨᠢᠭᠡ ᠬᠡᠯᠬᠢᠶ᠎ᠡ | ᠮᠠᠶ᠋ᠢᠭ ᠤᠨ ᠦᠢᠯᠡᠴᠢᠯᠡᠭᠡ ᠬᠠᠩᠭᠠᠪᠠ᠃ ᠬᠡᠪᠴᠢᠶᠡᠵᠢᠭᠦᠯᠦᠨ ᠳᠠᠷᠢᠬᠤ ᠪᠠᠷ ᠳᠠᠮᠵᠢᠭᠤᠯᠤᠨ᠂ ︽ᠲᠥᠪᠯᠡᠷᠡᠨ | ᠵᠠᠯᠭᠠᠯᠳᠤᠭᠰᠠᠨ︾ ᠳᠠᠪᠠᠭᠤᠯᠢᠭ ᠢᠶᠠᠷ ᠲᠠᠷᠢᠶᠠᠯᠠᠩ ᠤᠨ ᠮᠠᠰᠢᠨ ᠤ ᠨᠢᠭᠡᠳᠦᠯᠲᠡᠶ ᠲᠣᠬᠢᠷᠠᠭᠤᠯᠤᠯᠲᠠ ᠶᠢ ᠪᠡᠶᠡᠯᠡᠭᠦᠯᠵᠦ᠂ | ᠡᠭᠦᠷᠭᠡ ᠶᠢ ᠵᠦᠶ ᠵᠣᠬᠢᠰᠲᠠᠶ ᠳᠣᠭᠢᠷᠠᠭᠤᠯᠤᠨ᠂ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠠᠵᠢᠯᠯᠠᠬᠤ ᠴᠠᠭ ᠢ | ᠬᠠᠨᠲᠠᠯ᠎ᠠ ᠬᠡᠷᠡᠭᠯᠡᠵᠦ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠦᠲᠦᠮᠵᠢᠲᠡᠶ ᠠᠰᠢᠭᠯᠠᠵᠤ᠂ ᠮᠠᠰᠢᠨ ᠢᠶᠠᠷ | ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠳᠤᠮᠳᠠᠴᠢ ᠪᠠᠷ ᠮᠥ ᠪᠦᠷᠢ ᠠᠴᠠ 70 | ᠲᠥᠭᠦᠷᠢᠭ ᠤᠨ ᠣᠷᠤᠯᠭ᠎ᠠ ᠣᠯᠵᠤ᠂ ᠬᠤᠷᠰᠢᠶ᠎ᠠ ᠶᠢᠨ ᠲᠣᠮᠣ ᠬᠤᠪᠢ ᠣᠷᠣᠭᠤᠯᠤᠭᠴᠢᠳ ᠪᠣᠯᠤᠭᠰᠠᠨ ᠲᠣᠰᠬᠤᠨ ᠤ | ᠬᠠᠮᠲᠤ 30 ᠭᠠᠷᠤᠶ ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠷᠢᠯᠠᠵᠤ᠂ ᠪᠤᠵᠠᠭᠠᠶᠢᠷᠠᠭᠤᠯᠤᠭᠰᠠᠨ | ᠬᠠᠮᠲᠤ ᠶᠢᠨ ᠠᠵᠤ ᠠᠬᠤᠶ ᠨᠢ ᠴᠦ ᠲᠣᠰᠬᠤᠨ ᠤ ᠠᠷᠠᠳ ᠲᠤ ᠴᠢᠩᠭ᠎ᠠ ᠬᠦᠴᠦᠲᠡᠶ ᠠᠵᠤ ᠠᠬᠤᠶ ᠶᠢᠨ ᠰᠠᠭᠤᠷᠢ ᠶᠢ | ᠬᠠᠩᠭᠠᠭᠰᠠᠨ ᠪᠠᠶᠢᠨ᠎ᠠ᠃ | ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠵᠦ᠂ ᠲᠣᠰᠬᠤᠨ ᠤ ᠠᠷᠠᠳ ᠭᠠᠵᠠᠷ ᠰᠢᠷᠣᠶ ᠪᠠᠷ | ᠬᠤᠪᠢ ᠣᠷᠣᠭᠤᠯᠬᠤ᠂ ᠵᠢᠵᠢᠭ ᠲᠠᠷᠢᠶ᠎ᠠ ᠶᠢ ᠲᠣᠮᠣ ᠲᠠᠷᠢᠶᠠᠨ ᠭᠠᠵᠠᠷ ᠪᠣᠯᠵᠤ᠂ ︽ᠵᠠᠬᠢᠶᠠᠯᠠᠭ᠎ᠠ ᠶᠢᠨ ᠮᠠᠶ᠋ᠢᠭ︾ ᠤᠨ | ᠦᠢᠯᠡᠳᠪᠦᠷᠢᠯᠡᠯ ᠪᠣᠷᠣᠯᠠᠭᠤᠯᠤᠯᠲᠠ ᠪᠠᠷ ᠳᠠᠮᠵᠢᠭᠤᠯᠤᠨ᠂ ︽ᠭᠠᠵᠠᠷ ᠰᠢᠷᠣᠶ ᠶᠢᠨ ᠰᠠᠭᠤᠷᠢ ᠶᠢ ᠪᠠᠲᠤᠯᠠᠬᠤ + ᠦᠷ᠎ᠡ | ᠠᠰᠢᠭ ᠤᠨ ᠠᠰᠢᠭ ᠬᠤᠪᠢᠶᠠᠷᠢᠯᠠᠬᠤ︾ ᠵᠡᠷᠭᠡ ᠣᠯᠠᠨ ᠲᠥᠷᠥᠯ ᠤᠨ ᠠᠰᠢᠭ ᠬᠤᠪᠢᠶᠠᠬᠤ ᠵᠠᠭᠪᠤᠷ ᠢ ᠪᠣᠶ ᠪᠣᠯᠭᠠᠵᠤ᠂ | ᠮᠠᠯᠴᠢᠨ ᠲᠠᠷᠢᠶᠠᠴᠢᠨ ᠢ ᠬᠠᠪᠰᠤᠷᠤᠨ ᠲᠠᠷᠢᠮᠠᠯ ᠤᠨ ᠲᠦᠭᠰᠢᠭᠦᠷᠢ ᠠᠴᠠ ᠵᠠᠶᠢᠯᠠᠭᠤᠯᠵᠤ᠂ ᠬᠤᠪᠢᠶᠠᠷᠢᠯᠠᠯᠲᠠ ᠶᠢᠨ | ᠲᠠᠯ᠎ᠠ ᠪᠠᠷ ᠲᠠᠷᠢᠶᠠᠴᠢᠨ ᠲᠡᠶᠢᠰᠢ ᠬᠡᠯᠪᠡᠶᠢᠵᠦ᠂ ᠡᠯ᠎ᠡ ᠲᠠᠯ᠎ᠠ ᠶᠢᠨ ᠣᠷᠣᠯᠭ᠎ᠠ ᠶᠢ ᠨᠢ ᠨᠡᠮᠡᠭᠳᠡᠭᠦᠯᠦᠨ᠂ ᠬᠠᠮᠲᠤ ᠪᠠᠷ | ᠬᠥᠭᠵᠢᠬᠦ ᠶᠢ ᠠᠬᠢᠭᠤᠯᠪᠠ᠃ ᠰᠢ ᠾᠧ ᠲᠣᠰᠬᠤᠨ ᠤ ᠵᠢᠱᠢᠶ᠎ᠠ ᠪᠣᠯ ᠵᠥᠪᠬᠡᠨ ᠳᠠᠷᠬᠠᠨ ᠮᠤᠤᠮᠢᠩᠭᠠᠨ ᠬᠤᠯᠪᠤᠭᠠᠲᠤ | ᠬᠤᠰᠢᠭᠤᠨ ᠤ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠤᠨ ᠬᠤᠷᠢᠶᠠᠩᠭᠤᠢ ᠳᠦᠷᠰᠦ ᠪᠣᠯᠤᠨ᠎ᠠ᠂ | ᠦᠬᠡᠷ ᠬᠤᠳᠳᠤᠭ ᠪᠠᠯᠭᠠᠰᠤᠨ ᠤ ᠳ᠋ᠦᠩ ᠾᠧ ᠲᠣᠰᠬᠤᠨ 38 ᠲᠠᠷᠢᠶᠠᠴᠢᠨ ᠡᠷᠦᠬᠡ ᠲᠠᠢ ᠬᠠᠮᠲᠤᠷᠠᠨ 500 ᠮᠦ | ᠭᠠᠵᠠᠷ ᠰᠢᠷᠣᠢ ᠶᠢ ᠬᠤᠪᠢ ᠣᠷᠣᠭᠤᠯᠤᠨ ᠬᠤᠨᠴᠢᠷ ᠲᠠᠷᠢᠵᠤ᠂ ᠱᠢ ᠪᠦᠦ ᠪᠠᠯᠭᠠᠰᠤᠨ ᠤ ᠰᠢᠩ ᠹᠦ᠋ ᠲᠣᠰᠬᠤᠨ ᠤ 40 | ᠭᠠᠷᠤᠢ ᠡᠷᠦᠬᠡ ᠲᠠᠷᠢᠶᠠᠴᠢᠳ ᠢ ᠳᠠᠶᠢᠴᠢᠯᠠᠨ 600 ᠮᠦ ᠣᠷᠭᠠᠨᠢᠭ ᠤᠯᠠᠭᠠᠨ ᠪᠤᠭᠤᠳᠠᠢ ᠲᠠᠷᠢᠵᠠᠢ᠃ | ︽ᠬᠡᠨ ᠲᠠᠷᠢᠶ᠎ᠠ ᠲᠠᠷᠢᠬᠤ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠠᠬᠠᠶ | ᠪᠤᠲᠠᠷᠬᠠᠶ ᠵᠢᠵᠢᠭ ᠲᠠᠷᠢᠶᠠᠴᠢᠨ ᠡᠷᠦᠬᠡ ᠶᠢ ᠠᠯᠬᠤᠮ ᠠᠯᠬᠤᠮ ᠢᠶᠠᠷ ᠵᠣᠬᠢᠶᠠᠨ ᠪᠠᠶᠢᠭᠤᠯᠤᠯᠵᠢᠭᠰᠠᠨ᠂ | ᠲᠤᠰᠬᠠᠶᠢᠵᠢᠭᠰᠠᠨ᠂ ᠣᠳᠣᠬᠢᠴᠢᠯᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠠᠮᠲᠤ ᠶᠢᠨ ᠴᠣᠭᠴᠠ ᠪᠣᠯᠭᠠᠪᠠ᠃ ︽ | ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠨᠢ ᠶᠠᠭ ᠲᠠᠷᠢᠶᠠᠨ ᠭᠠᠵᠠᠷ ᠢ ᠨᠠᠷᠢᠨ ᠬᠡᠮᠬᠡᠷᠡᠭᠰᠡᠨ᠂ ᠲᠠᠷᠢᠶᠠᠨ | ᠭᠠᠵᠠᠷ ᠤᠨ ᠦᠷ᠎ᠡ ᠠᠰᠢᠭ ᠳᠣᠤᠷ᠎ᠠ᠂ ᠲᠠᠷᠢᠶᠠᠴᠢᠳ ᠤᠨ ᠨᠠᠰᠤᠵᠢᠯᠲᠠ᠂ ᠲᠣᠰᠬᠤᠨ ᠤ ᠬᠠᠮᠲᠤ ᠶᠢᠨ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠵᠠᠮ ᠲᠠᠩ ᠴᠤᠯᠭᠤᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠰᠢᠨ᠎ᠡ | ᠵᠠᠭᠪᠤᠷ ᠪᠣᠯᠵᠣ ᠪᠠᠶᠢᠨ᠎ᠠ᠃ | ᠪᠦᠳᠦᠭᠦᠯᠢᠭ ᠲᠠᠯᠪᠢᠬᠤ ᠶᠢ ᠡᠷᠴᠢᠮᠵᠢᠭᠦᠯᠦᠨ ᠨᠢᠭᠡᠳᠦᠯᠲᠡᠢ ᠲᠡᠵᠢᠭᠡᠵᠦ ᠨᠤᠲᠤᠭ ᠪᠡᠯᠴᠢᠭᠡᠷ ᠤᠨ ᠳᠠᠷᠤᠭᠠᠰᠤ ᠶᠢ | ᠬᠦᠩᠭᠡᠯᠡᠬᠦ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠮᠢᠩᠭᠠᠨ ᠪᠠᠯᠭᠠᠰᠤᠨ ᠤ ᠪᠠᠶᠠᠨᠲᠠᠯ᠎ᠠ ᠭᠠᠴᠠᠭᠠᠨ ᠤ ᠵᠢᠷᠦᠬᠡ | ︽ᠣᠶᠤᠨᠲᠤ ᠮᠠᠯᠵᠢᠯ ᠤᠨ ᠲᠠᠯᠠᠪᠠᠢ︾ ᠳᠤ ᠬᠥᠯᠥᠨ ᠪᠤᠶᠢᠷ ᠠᠴᠠ ᠢᠷᠡᠭᠰᠡᠨ 400 ᠭᠠᠷᠤᠢ ᠭᠤᠪᠢ ᠶᠢᠨ ᠣᠬᠤᠷ | ᠰᠡᠭᠦᠯᠲᠦ ᠬᠤᠨᠢ ᠠᠳᠡ ᠰᠠᠭᠤᠷᠢᠰᠢᠪᠠ᠃ ᠵᠢᠷᠦᠬᠡ ︽ᠣᠶᠤᠨᠲᠤ ᠮᠠᠯᠵᠢᠯ ᠤᠨ ᠲᠠᠯᠠᠪᠠᠶ︾ ᠶᠢᠨ ᠡᠵᠡᠯᠡᠬᠦ ᠲᠠᠯᠠᠪᠠᠶ ᠨᠢ | 1 ᠲᠦᠮᠡᠨ ᠮᠥ ᠪᠠᠶᠢᠵᠤ᠂ ᠨᠠᠮ ᠤᠨ ᠡᠭᠦᠷ ᠠᠴᠠ ᠳᠠᠭᠠᠭᠤᠯᠤᠨ ᠡᠷᠭᠢᠯᠡᠬᠦ᠂ ᠮᠠᠯᠴᠢᠳ ᠤᠨ ᠮᠠᠯ ᠪᠡᠯᠴᠢᠭᠡᠷ ᠢᠶᠠᠷ | ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ 100 ᠬᠤᠴᠠ᠂ 300 ᠡᠮ᠎ᠡ ᠬᠤᠨᠢ ᠶᠢ ᠣᠷᠣᠭᠤᠯᠤᠨ | ᠠᠪᠴᠢᠷᠠᠵᠤ᠂ ᠣᠳᠣᠬᠠᠨ ᠳᠤ ᠨᠢᠭᠡᠨᠲᠡ 624 ᠲᠣᠯᠤᠭᠠᠢ ᠪᠣᠯᠭᠠᠨ ᠦᠷᠡᠵᠢᠭᠦᠯᠦᠨ ᠪᠤᠶᠢᠵᠢᠭᠤᠯᠪᠠ᠃ | ᠮᠠᠯ ᠤᠨᠤᠭ᠎ᠠ ᠬᠤᠪᠢ ᠣᠷᠣᠬᠤ ᠪᠠᠷ ᠳᠠᠮᠵᠢᠭᠤᠯᠤᠨ᠂ ᠳᠠᠷᠬᠠᠨ ᠰᠤᠮᠤ ᠮᠠᠯ ᠪᠡᠯᠴᠢᠭᠡᠷ ᠢ ᠡᠷᠦᠬᠡ ᠳᠤ | ᠣᠷᠣᠭᠤᠯᠬᠤ ᠲᠥᠷᠥᠯ ᠵᠦᠢᠯ ᠢ ᠠᠰᠢᠭᠯᠠᠨ 69 ᠡᠷᠦᠬᠡ ᠮᠠᠯᠴᠢᠨ ᠢ ᠣᠷᠤᠭᠤᠯᠵᠤ᠂ ᠰᠢ ᠾᠧ ᠰᠢᠶᠠᠩ ᠨᠢᠭᠡᠳᠦᠯᠲᠡᠶ | ᠲᠡᠵᠢᠭᠡᠵᠦ ᠬᠠᠮᠲᠤ ᠪᠠᠷ ᠪᠠᠶᠠᠵᠢᠬᠤ ᠲᠡᠵᠢᠭᠡᠨ ᠦᠷᠡᠵᠢᠭᠦᠯᠬᠦ ᠲᠥᠷᠥᠯ ᠵᠦᠢᠯ ᠢ ᠠᠰᠢᠭᠯᠠᠨ 100 ᠡᠷᠦᠬᠡ | ᠮᠠᠯᠴᠢᠳ ᠢ ᠲᠠᠲᠠᠨ ᠣᠷᠣᠭᠤᠯᠵᠤ ᠮᠠᠯ ᠤᠨᠤᠭ᠎ᠠ ᠪᠠᠷ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠨᠢᠭᠡᠳᠦᠯᠲᠡᠶ | ᠬᠡᠪᠴᠢᠶᠡᠵᠢᠭᠰᠡᠨ ᠦᠢᠯᠡᠳᠪᠦᠷᠢᠯᠡᠯ ᠤᠨ ᠬᠠᠮᠢᠶᠠᠷᠤᠯᠲᠠ ᠶᠠᠪᠤᠭᠤᠯᠪᠠ᠃ ᠮᠢᠩᠭᠠᠨ ᠪᠠᠯᠭᠠᠰᠤᠨ ᠤ ᠰᠢᠷᠠᠴᠢᠯᠠᠭᠤ | ᠭᠠᠴᠠᠭᠠᠨ ᠤ 4 ᠡᠷᠦᠬᠡ ᠮᠠᠯᠴᠢᠳ ᠮᠠᠯ ᠢᠶᠠᠨ ᠨᠢᠭᠡᠳᠦᠯᠲᠡᠶ ᠬᠠᠮᠢᠶᠠᠷᠴᠤ᠂ ᠡᠷᠦᠬᠡ ᠬᠤᠯᠪᠣᠭᠠᠯᠠᠭᠰᠠᠨ ᠮᠠᠯᠵᠢᠯ ᠤᠨ | ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠨᠤᠲᠤᠭ ᠪᠡᠯᠴᠢᠭᠡᠷ ᠢ ᠬᠠᠮᠲᠤ ᠪᠠᠷ ᠬᠡᠷᠡᠭᠯᠡᠵᠦ᠂ | ᠤᠯᠠᠷᠢᠯ ᠤᠨ ᠴᠢᠨᠠᠷᠲᠠᠶ ᠰᠡᠯᠭᠦᠨ ᠮᠠᠯᠵᠢᠬᠤ ᠶᠢ ᠬᠡᠷᠡᠭᠵᠢᠭᠦᠯᠪᠡ᠃ ᠪᠠᠲᠤᠬᠠᠭᠠᠯᠭ᠎ᠠ ᠪᠠᠯᠭᠠᠰᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠠᠰᠢᠭᠯᠠᠵᠤ᠂ ᠠᠯᠠᠰᠢᠨ ᠬᠤᠨᠢ ᠶᠢ ᠪᠤᠶᠢᠵᠢᠭᠤᠯᠬᠤ | ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠬᠴᠠᠵᠢᠭᠤᠯᠤᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ᠂ ᠠᠯᠠᠰᠢᠨ | ᠬᠤᠨᠢ ᠶᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠤᠸᠠᠩ ᠬᠤᠸᠠ ᠲᠠᠨ ᠲᠣᠰᠬᠤᠨ ᠤ 26 | ᠡᠷᠦᠬᠡ ᠶᠢᠨ 1300 ᠬᠤᠨᠢ ᠶᠢ ᠨᠢᠭᠡᠳᠦᠯᠲᠡᠢ ᠠᠷᠠᠴᠢᠯᠠᠨ ᠲᠡᠵᠢᠭᠡᠵᠦ᠂ ᠵᠢᠯ ᠤᠨ ᠡᠴᠦᠰ ᠲᠤ ᠠᠰᠢᠭ | ᠬᠤᠪᠢᠶᠠᠷᠢᠯᠠᠨ᠎ᠠ᠃ ᠮᠠᠨᠳᠤᠯ ᠪᠠᠯᠭᠠᠰᠤᠨ ᠤ ᠬᠤᠷᠰᠢᠶᠠᠵᠢᠯ ᠠᠴᠠ 50 ᠡᠷᠦᠬᠡ ᠮᠠᠯᠴᠢᠳ ᠤᠨ ᠬᠤᠨᠢ ᠶᠢ | ᠵᠠᠬᠢᠶᠠᠯᠠᠭ᠎ᠠ ᠪᠠᠷ ᠬᠤᠷᠢᠶᠠᠨ ᠠᠪᠴᠤ᠂ ᠬᠤᠪᠢᠶᠠᠨ ᠲᠡᠵᠢᠭᠡᠵᠦ ᠬᠠᠮᠲᠤ ᠪᠠᠷ ᠪᠣᠷᠣᠯᠠᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ | ᠪᠤᠭᠤᠲᠤ ᠬᠤᠲᠠ ᠶᠢᠨ ᠴᠤᠷ ᠤᠨ ᠭᠠᠭᠴᠠ ᠮᠠᠯᠵᠢᠬᠤ ᠬᠤᠰᠢᠭᠤ᠂ ᠤᠯᠤᠰ ᠤᠨ ᠨᠤᠲᠤᠭ ᠪᠡᠯᠴᠢᠭᠡᠷ ᠤᠨ ᠮᠠᠯ | ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠪᠠ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠢ ᠳᠡᠮᠵᠢᠨ ᠮᠠᠯᠵᠢᠬᠤ ᠲᠤᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠲᠣᠭᠤᠷᠢᠭ | ᠪᠣᠯᠤᠭᠰᠠᠨ ᠤ ᠬᠤᠪᠢ ᠳᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠢᠯᠢ ᠳᠣᠲᠣᠷᠠᠬᠢ ᠨᠤᠲᠤᠭ | ᠪᠡᠯᠴᠢᠭᠡᠷ ᠤᠨ ᠶᠡᠷᠦᠩᠬᠡᠶ ᠲᠠᠯᠠᠪᠠᠶ ᠨᠢ 2462.79 ᠲᠦᠮᠡᠨ ᠮᠥ ᠪᠠᠶᠢᠵᠤ᠂ 2024 ᠣᠨ ᠤ 8 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠶ 139.72 ᠲᠦᠮᠡ ᠬᠦᠷᠴᠦ᠂ | 55.79 ᠲᠦᠮᠡᠨ ᠲᠣᠯᠣᠭᠠᠶ ᠪᠣᠷᠣᠯᠠᠭᠤᠯᠵᠤ᠂ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ ᠨᠢ 1.54 ᠲᠦᠮᠡᠨ | ᠲᠣᠨ ᠬᠦᠷᠪᠡ᠃ 2008 ᠣᠨ ᠠᠴᠠ ᠡᠬᠢᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠤᠯᠤᠰ ᠲᠤ | ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠬᠡᠷᠡᠭᠵᠢᠭᠦᠯᠵᠦ᠂ | 2020 ᠣᠨ ᠳᠤ ᠲᠥᠷᠥ ᠶᠢᠨ ᠪᠣᠳᠣᠯᠭ᠎ᠠ ᠶᠢ ᠮᠠᠯ ᠪᠡᠯᠴᠢᠭᠡᠷ ᠤᠨ ᠲᠡᠩᠴᠡᠭᠦᠷᠢ ᠪᠠᠷ ᠭᠤᠤᠯ ᠪᠣᠯᠭᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷ ᠬᠠᠪᠰᠤᠷᠤᠮᠵᠢ ᠪᠣᠯᠭᠠᠵᠤ᠂ ᠤᠶᠤᠨᠲᠤ ᠮᠠᠯᠵᠢᠯ ᠤᠨ ᠲᠠᠯᠠᠪᠠᠶ ᠶᠢ ᠪᠥᠲᠥᠭᠡᠨ | ᠪᠠᠶᠢᠭᠤᠯᠬᠤ᠂ ︽ᠡᠷᠦᠬᠡ ᠬᠤᠯᠪᠣᠭᠠᠯᠠᠨ ᠡᠵᠡᠩᠨᠡᠬᠦ︾ ᠶᠢ ᠰᠦᠪᠡᠭᠴᠢᠯᠡᠬᠦ ᠪᠠᠷ ᠳᠠᠮᠵᠢᠭᠤᠯᠤᠨ᠂ ︽ᠲᠣᠰᠬᠤᠨ ᠤ | ᠬᠠᠮᠲᠤ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ ᠶᠢᠨ ᠠᠰᠢᠭ ᠲᠤᠰᠠ ᠶᠢ ᠬᠤᠯᠪᠣᠬᠤ ᠠᠷᠭ᠎ᠠ | ᠮᠠᠶ᠋ᠢᠭ ᠢᠶᠠᠷ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠶᠢ ᠠᠬᠢᠭᠤᠯᠵᠤ᠂ ᠮᠠᠯ ᠠᠵᠤ ᠠᠬᠤᠶ ᠶᠢ | ᠴᠢᠯᠥᠭᠡᠲᠡᠶ ᠪᠡᠯᠴᠢᠭᠡᠷᠯᠡᠭᠦᠯᠬᠦ ᠠᠴᠠ ᠡᠷᠴᠢᠮᠯᠢᠭ ᠲᠡᠵᠢᠭᠡᠨ ᠦᠷᠡᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠶ ᠶᠢᠨ ᠦᠷ᠎ᠡ ᠠᠰᠢᠭ ᠢ | ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠢᠴᠢ ᠲᠠᠯ᠎ᠠ ᠨᠤᠲᠤᠭ ᠢᠶᠠᠷ ᠮᠠᠯᠵᠢᠬᠤ ᠶᠢ | ᠰᠢᠢᠳᠪᠦᠷᠢᠯᠡᠬᠦ᠂ ᠡᠪᠡᠰᠦ ᠪᠡᠯᠴᠢᠭᠡᠷ ᠤᠨ ᠲᠡᠩᠴᠡᠭᠦᠷᠢ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠨᠤᠲᠤᠭ | ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠵᠠᠭᠪᠤᠷ︾ ᠢ ᠢᠳᠡᠪᠬᠢᠲᠡᠶ ᠬᠠᠶᠢᠨ ᠰᠦᠪᠡᠭᠴᠢᠯᠡᠪᠡ᠃ | ᠬᠤᠣᠰ ᠬᠦᠷᠳᠦ ᠶᠢᠨ ᠬᠠᠮᠲᠤ ᠬᠦᠳᠡᠯᠭᠡᠭᠦᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠢᠨ᠎ᠡ ᠵᠠᠭᠪᠤᠷ ᠢ ᠴᠣᠭᠴᠠᠯᠠᠨ ᠪᠠᠶᠢᠭᠤᠯᠬᠤ | ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠭᠢᠯᠡᠵᠦ ︽ᠨᠢᠭᠡᠳᠦᠯᠲᠡᠶ ᠳᠠᠷᠢᠵᠤ ᠬᠠᠮᠲᠤ ᠪᠠᠷ | ᠪᠠᠶᠠᠵᠢᠬᠤ︾᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠪᠣᠯ ᠮᠠᠯᠴᠢᠨ ᠲᠠᠷᠢᠶᠠᠴᠢᠨ ᠤ ᠨᠠᠰᠤᠵᠢᠯᠲᠠ᠂ | ᠲᠠᠷᠢᠶᠠᠨ ᠭᠠᠵᠠᠷ ᠢ ᠨᠠᠷᠢᠨ ᠬᠡᠮᠬᠡᠷᠡᠭᠰᠡᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠥᠨᠳᠥᠷ᠂ ᠬᠡᠲᠦᠷᠬᠡᠢ | ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠰᠢᠭᠲᠠᠶ ᠰᠦᠪᠡᠭᠴᠢᠯᠡᠯᠲᠡ ᠮᠥᠨ᠂ ᠪᠠᠰᠠ ᠴᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ︽ | ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠨᠢ ᠰᠢᠯᠢᠳᠡᠭ ᠮᠠᠯ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ᠂ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ᠂ ᠮᠠᠯ ᠤᠨ ᠠᠰᠢᠭ ᠰᠢᠮ᠎ᠡ ᠶᠢᠨ | ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠶᠢᠨ ᠨᠠᠷᠢᠯᠢᠭ ᠡᠳ᠋ᠰᠢᠭᠦᠯᠬᠦ ᠵᠡᠷᠭᠡ ᠪᠠᠷ | ᠳᠠᠮᠵᠢᠭᠤᠯᠤᠨ᠂ ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ | ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠲᠡᠩᠴᠡᠭᠦᠷᠢ ᠶᠢᠨ ᠴᠡᠭ ᠢ ᠪᠦᠲᠦᠮᠵᠢᠲᠡᠶ ᠣᠨᠣᠪᠴᠢᠲᠠᠶ ᠡᠷᠢᠵᠦ ᠣᠯᠬᠤ | ᠶᠠᠪᠤᠳᠠᠯ ᠶᠤᠮ᠃ | ᠳᠠᠷᠬᠠᠨ ᠰᠤᠮᠤ ᠶᠢᠨ ᠨᠠᠮ ᠤᠨ ᠬᠤᠷᠢᠶᠠᠨ ᠤ ᠱᠦᠵᠢ ᠰᠡᠴᠡᠨᠳᠣᠶᠠᠭᠠ ︽ᠨᠢᠭᠡᠳᠦᠯᠲᠡᠢ ᠲᠡᠵᠢᠭᠡᠵᠦ | ᠬᠠᠮᠲᠤ ᠪᠠᠷ ᠪᠠᠶᠠᠵᠢᠬᠤ︾ ᠵᠠᠭᠪᠤᠷ ᠤᠨ ᠲᠤᠬᠠᠢ ᠢᠲᠡᠭᠡᠯ ᠲᠡᠭᠦᠯᠳᠡᠷ ᠪᠠᠶᠢᠵᠤ᠄ ︽ᠳᠠᠷᠬᠠᠨ ᠰᠤᠮᠤ ᠨᠢ ᠨᠠᠮ ᠤᠨ | ᠡᠭᠦᠷ ᠤᠨ ᠬᠤᠷᠰᠢᠶᠠᠵᠢᠯ ᠢ ᠪᠦᠬᠦ ᠣᠷᠣᠨ ᠪᠦᠰᠡ ᠪᠠᠷ ᠳᠠᠭᠠᠭᠤᠯᠤᠨ ᠡᠷᠬᠢᠯᠡᠬᠦ ᠬᠠᠷᠠᠯᠲᠠ ᠶᠢ ᠦᠷᠭᠦᠯᠵᠢᠯᠡᠨ | ᠠᠬᠢᠭᠤᠯᠵᠤ᠂ ᠵᠠᠭᠤᠨ ᠲᠦᠮᠡᠨ ᠮᠦ ᠣᠷᠭᠠᠨᠢᠭ ᠪᠡᠯᠴᠢᠭᠡᠷ ᠢᠶᠠᠷ ᠲᠦᠰᠢᠭ ᠪᠣᠯᠭᠠᠵᠤ᠂ ᠣᠷᠭᠠᠨᠢᠭ ᠦᠬᠡᠷ ᠬᠤᠨᠢ ᠪᠠᠷ | ᠭᠠᠷᠳᠠᠴᠠ ᠪᠣᠯᠭᠠᠵᠤ᠂ ᠭᠠᠴᠠᠭᠠᠨ ᠤ ᠬᠥᠭᠵᠢᠯᠲᠡ ᠶᠢᠨ ᠵᠠᠭᠠᠭ ᠢ ᠡᠪᠳᠡᠵᠦ᠂ ᠪᠦᠯᠦᠭᠯᠡᠨ ᠬᠥᠭᠵᠢᠭᠦᠯᠵᠦ | ᠳᠠᠪᠠᠭᠤᠯᠢᠭ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠮᠠᠯ ᠠᠵᠤ ᠠᠬᠤᠢ ᠲᠡᠵᠢᠭᠡᠨ ᠦᠷᠡᠵᠢᠭᠦᠯᠬᠦ | ᠦᠯᠢᠭᠡᠷ ᠳᠠᠭᠤᠷᠢᠶᠠᠯ ᠤᠨ ᠢᠨᠵᠧᠨᠧᠷᠢᠩ ᠢ ᠢᠳᠡᠪᠬᠢᠲᠡᠢ ᠰᠦᠪᠡᠭᠴᠢᠯᠡᠵᠦ᠂ ᠦᠬᠡᠷ ᠬᠤᠨᠢ ᠵᠡᠷᠭᠡ ᠮᠠᠯ ᠤᠨ ᠭᠠᠷᠤᠯᠲᠠ | ᠂ ᠬᠤᠳᠠᠯᠳᠤᠨ ᠠᠪᠬᠤ᠂ ᠪᠣᠷᠣᠯᠠᠭᠤᠯᠬᠤ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠳᠡᠯᠭᠡᠷᠡᠭᠦᠯᠵᠦ᠂ ᠮᠠᠯᠴᠢᠨ | ᠲᠠᠷᠢᠶᠠᠴᠢᠨ ᠤ ᠪᠠᠶᠠᠵᠢᠯ ᠤᠨ ᠵᠠᠮ ᠳᠡᠭᠡᠷᠡᠬᠢ ᠰᠢᠨ᠎ᠡ ᠦᠷ ᠤᠨ ᠲᠤᠶᠠᠭ᠎ᠠ ᠶᠢ ᠭᠡᠷᠡᠯᠳᠦᠬᠦᠯᠵᠦ᠂ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠪᠣᠯᠤᠨ ᠤᠯᠠᠨ ᠲᠦᠮᠡᠨ ᠤ ᠪᠠᠶᠠᠵᠢᠯ ᠤᠨ ᠬᠤᠣᠰ | ᠠᠮᠵᠢᠯᠲᠠ ᠶᠢᠨ ᠵᠠᠮ ᠢᠶᠠᠷ ᠵᠠᠮᠨᠠᠨ᠎ᠠ︾ ᠭᠡᠪᠡ᠃ | 2023 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ 22 ᠭᠠᠴᠠᠭ᠎ᠠ ᠲᠣᠰᠬᠤᠨ ᠤ ᠨᠠᠮ ᠤᠨ ᠡᠭᠦᠷ ᠤᠨ ᠬᠤᠷᠰᠢᠶᠠᠵᠢᠯ ᠢ ᠳᠠᠭᠠᠭᠤᠯᠤᠨ ᠡᠷᠭᠢᠯᠡᠬᠦ | ᠲᠥᠷᠥᠯ ᠵᠦᠢᠯ ᠤᠨ ᠲᠤᠷᠰᠢᠯᠲᠠ ᠶᠢ ᠠᠬᠢᠭᠤᠯᠵᠤ᠂ 2024 ᠣᠨ ᠳᠤ᠂ ᠨᠠᠮ ᠤᠨ ᠡᠭᠦᠷ ᠠᠴᠠ ᠳᠠᠭᠠᠭᠤᠯᠤᠨ | ᠡᠷᠭᠢᠯᠡᠵᠦ ᠬᠤᠷᠰᠢᠶᠠᠵᠢᠯ ᠢ ᠠᠬᠢᠭᠤᠯᠵᠤ ︽ᠨᠢᠭᠡᠳᠦᠯᠲᠡᠶ ᠲᠠᠷᠢᠵᠤ︾᠂ ︽ᠨᠢᠭᠡᠳᠦᠯᠲᠡᠶ ᠲᠡᠵᠢᠭᠡᠬᠦ︾ ᠭᠠᠴᠠᠭ᠎ᠠ | ᠲᠣᠰᠬᠤᠨ ᠢ 33 ᠪᠣᠯᠭᠠᠨ ᠨᠡᠮᠡᠭᠳᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ ᠲᠣᠪᠴᠢᠶᠠᠨ ᠤ ᠳᠠᠷᠤᠭ᠎ᠠ ᠵᠠᠩ ᠴᠢᠶᠠᠩ᠂ ᠨᠠᠮ ᠤᠨ ᠡᠭᠦᠷ ᠠᠴᠠ | ᠬᠤᠷᠰᠢᠶ᠎ᠠ ᠳᠠᠬᠢ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠶ ᠲᠡᠵᠢᠭᠡᠵᠦ ᠬᠠᠮᠲᠤ ᠪᠠᠷ | ᠪᠠᠶᠠᠵᠢᠬᠤ︾ ᠵᠠᠭᠪᠤᠷ ᠢ ᠳᠠᠭᠠᠭᠤᠯᠤᠨ ᠡᠷᠭᠢᠯᠡᠵᠦ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠯᠤᠰ ᠲᠥᠷᠥ ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠪᠣᠯᠭᠠᠨ ᠳᠠᠮᠵᠢᠭᠤᠯᠵᠤ᠂ ᠨᠢᠭᠡᠳᠦᠯᠲᠡᠶ ᠡᠭᠦᠯᠳᠡᠷ᠂ ᠨᠢᠭᠡᠳᠦᠯᠲᠡᠶ ᠬᠠᠮᠢᠶᠠᠷᠬᠤ᠂ | ᠨᠢᠭᠡᠳᠦᠯᠲᠡᠶ ᠪᠣᠷᠣᠯᠠᠭᠤᠯᠬᠤ ᠡᠵᠡᠩᠨᠡᠯᠲᠡ ᠶᠢᠨ ᠵᠠᠭᠪᠤᠷ ᠵᠢᠴᠢ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ᠂ ᠠᠶᠤᠯ | ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠡᠵᠡᠩᠨᠡᠯᠲᠡ ᠶᠢᠨ ᠵᠠᠭᠪᠤᠷ ᠢ ᠪᠣᠶ ᠪᠣᠯᠭᠠᠵᠤ᠂ ᠵᠢᠵᠢᠭ ᠮᠠᠯᠵᠢᠬᠤ | ᠲᠠᠷᠢᠶᠠᠯᠠᠬᠤ ᠡᠷᠦᠬᠡ ᠶᠢᠨ ᠡᠬᠢ ᠪᠠᠶᠠᠯᠢᠭ ᠲᠥᠪᠯᠡᠷᠡᠭᠰᠡᠨ ᠥᠬᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ | ᠂ ᠬᠡᠪᠴᠢᠶᠡᠵᠢᠭᠰᠡᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠡᠷ ᠤᠨ | ᠡᠭᠦᠳᠡᠨ ᠳᠠᠬᠢ ᠬᠠᠮᠲᠤ ᠪᠠᠷ ᠪᠠᠶᠠᠵᠢᠬᠤ ᠤᠶᠢᠯᠡᠳᠬᠡᠯ ᠤᠨ ᠭᠠᠵᠠᠷ ᠢ ᠦᠷᠭᠦᠯᠵᠢᠯᠡᠨ ᠪᠠᠶᠢᠭᠤᠯᠵᠤ᠂ ᠬᠠᠮᠲᠤ ᠨᠡᠶᠢᠲᠡ | ᠪᠠ ᠮᠠᠯᠴᠢᠨ ᠲᠠᠷᠢᠶᠠᠴᠢᠨ ᠲᠦᠮᠡᠨ ᠤ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠡᠶᠡᠯᠡᠭᠦᠯᠵᠡᠶ ᠭᠡᠵᠦ | ᠲᠠᠨᠢᠯᠴᠠᠭᠤᠯᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠮ ᠤᠨ ᠡᠭᠦᠷ ᠤᠨ ᠳᠠᠭᠠᠭᠤᠯᠤᠨ | ᠡᠷᠬᠢᠯᠡᠭᠰᠡᠨ ᠬᠤᠷᠰᠢᠶ᠎ᠠ ᠪᠠᠷ ᠳᠠᠮᠵᠢᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠢ | ᠨᠢᠭᠲᠠᠷᠠᠭᠤᠯᠵᠤ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠳᠠᠬᠢ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ | ᠦᠷᠭᠦᠯᠵᠢᠯᠡᠨ ᠴᠢᠩᠭᠠᠳᠬᠠᠵᠤ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠳᠠᠬᠢ ᠲᠦᠷᠦ ᠪᠠᠷᠢᠬᠤ ᠰᠠᠭᠤᠷᠢ ᠶᠢ | ᠴᠢᠨᠠᠭᠰᠢᠳᠠ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ | ᠶᠡᠭᠡ ᠬᠠᠮᠲᠤᠷᠠᠯ ᠤᠨ ᠬᠦᠴᠦᠨ ᠢ ᠪᠦᠲᠦᠮᠵᠢᠲᠡᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ︾ ᠭᠡᠵᠦ ᠵᠠᠩ ᠴᠢᠶᠠᠩ ᠬᠡᠯᠡᠪᠡ᠃ | |