ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠨᠢᠭᠡᠨ ᠨᠢᠴᠦᠭᠦᠨ ᠬᠠᠳᠠᠨ ᠤ | ᠰᠤᠳᠠᠰᠤ ᠶᠢᠨ ᠭᠦᠳᠦᠭᠦᠷ ᠬᠠᠳᠠᠨ ᠳᠤ ᠵᠣᠭᠰᠤᠵᠤ᠂ ᠡᠷᠲᠡ ᠤᠵᠠᠭᠤᠷ ᠠᠴᠠ ᠬᠤᠪᠢᠷᠠᠭ᠎ᠠ ᠦᠭᠡᠢ ᠰᠠᠯᠬᠢ ᠦᠯᠢᠶᠡᠨ | ᠭᠠᠷᠬᠤ ᠳᠤ᠂ ᠨᠢᠳᠦᠨ ᠡᠮᠦᠨᠡᠬᠢ ᠬᠠᠳᠠᠨ ᠳᠡᠭᠡᠷ᠎ᠡ᠂ ᠮᠣᠷᠢᠨ ᠤ ᠵᠢᠷᠤᠭ ᠲᠣᠪ ᠲᠣᠳᠣᠷᠬᠠᠢ ᠬᠠᠷᠠᠭᠳᠠᠨ᠎ᠠ᠃ ᠡᠨᠡ ᠪᠣᠯ | ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠳᠠᠷᠬᠠᠨ ᠮᠤᠤᠮᠢᠩᠭᠠᠨ ᠤ ᠬᠠᠳᠠᠨ ᠵᠢᠷᠤᠭ ᠮᠥᠨ᠂ ᠬᠠᠳᠠᠨ | ᠬᠠᠨ᠎ᠠ ᠳᠡᠭᠡᠷᠡᠬᠢ ᠮᠣᠷᠢᠨ ᠤ ᠲᠦᠷᠢ ᠪᠠᠶᠢᠳᠠᠯ ᠨᠢ ᠡᠶᠢᠮᠦ ᠠᠮᠢᠳᠤᠯᠢᠭ ᠪᠠᠶᠢᠵᠤ᠂ ︽ᠳ᠋ᠠ ᠳ᠋ᠠ︾ ᠭᠡᠬᠦ ᠮᠣᠷᠢᠨ | ᠲᠤᠭᠤᠷᠠᠢ ᠶᠢᠨ ᠳᠠᠭᠤᠨ ᠴᠠᠭ ᠤᠨ ᠬᠢᠵᠠᠭᠠᠷ ᠢ ᠡᠪᠳᠡᠵᠦ ᠲᠠᠯ᠎ᠠ ᠨᠤᠲᠤᠭ ᠲᠤ ᠲᠠᠰᠤᠷᠠᠯᠲᠠ ᠦᠭᠡᠢ ᠴᠤᠤᠷᠢᠶᠠᠲᠤᠨ᠎ᠠ᠃ | ᠲᠡᠦᠬᠡ ᠶᠢᠨ ᠤᠷᠲᠤ ᠠᠶᠠᠨ ᠳᠤ᠂ ᠮᠣᠷᠢᠨ ᠤ ᠠᠯᠬᠤᠭ᠎ᠠ ᠲᠠᠯ᠎ᠠ ᠨᠣᠲᠤᠭ ᠤᠨ ᠯᠣᠭᠰᠢᠯᠲᠠ ᠲᠠᠢ ᠵᠡᠷᠭᠡᠴᠡᠵᠦ᠂ | ᠥᠨᠦᠳᠦᠷ ᠪᠣᠯᠲᠠᠯ᠎ᠠ᠂ ᠮᠣᠷᠢ ᠬᠢᠭᠡᠳ ᠬᠦᠮᠦᠨ ᠤ ᠬᠤᠭᠤᠷᠣᠠᠲᠣᠭᠢ ᠬᠠᠷᠢᠴᠠᠭ᠎ᠠ ᠶᠡᠷᠦ ᠠᠴᠠ ᠬᠤᠪᠢᠷᠠᠭ᠎ᠠ ᠦᠭᠡᠢ᠂ | ᠤᠳᠤᠬᠠᠨ ᠳᠤ ᠮᠣᠷᠢ ᠪᠣᠯ ᠬᠦᠮᠦᠰ ᠤᠨ ᠠᠮᠢᠳᠤᠷᠠᠯ ᠤᠨ ᠬᠠᠨᠢᠲᠠᠨ ᠪᠦᠭᠡᠳ ᠨᠠᠩ ᠴᠤ ᠬᠦᠮᠦᠨ ᠳᠦᠷᠣᠯᠭᠢᠲᠠᠨ ᠤ | ᠰᠣᠶᠣᠯ ᠤᠨ ᠲᠠᠭᠠᠭᠤᠯᠣᠴᠢ ᠪᠤᠯᠬᠤ ᠶᠣᠮ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠤᠨᠢ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ | ᠪᠠᠶᠢᠭᠠᠯᠢ ᠶᠢᠨ ᠪᠡᠯᠴᠢᠭᠡᠷ ᠶᠢᠨ ᠪᠦᠷᠬᠦᠭᠰᠡᠨ ᠲᠠᠯᠠᠪᠠᠢ ᠨᠢ 90% ᠶᠢ ᠳᠠᠪᠠᠵᠤ᠂ ᠨᠤᠲᠤᠭ ᠤᠨ ᠥᠪᠡᠷᠮᠢᠴᠡ | ᠪᠠᠶᠢᠭᠠᠯᠢ ᠶᠢᠨ ᠡᠬᠢ ᠪᠠᠶᠠᠯᠢᠭ ᠨᠢ ᠠᠳᠡᠬᠢ ᠠᠳᠤᠭᠤᠨ ᠦᠢᠯᠡᠰ ᠢ ᠠᠭᠠᠵᠢᠮ ᠢᠶᠠᠷ ᠬᠥᠭᠵᠢᠭᠦᠯᠵᠡᠶ᠃ | ᠣᠲᠣᠭᠢᠴᠢᠯᠠᠯᠲᠠ ᠶᠢᠨ ᠰᠢᠷᠦᠭᠦᠨ ᠲᠠᠪᠠᠯᠭᠠᠨ ᠳᠣᠮᠲᠠ᠂ ᠲᠠᠷᠬᠠᠨ ᠮᠤᠤᠮᠢᠩᠭᠠᠨ ᠤ ᠠᠳᠤᠭᠤᠨ ᠦᠢᠯᠡᠰ ᠴᠤ | ᠠᠶᠠᠨᠳᠠᠭᠠᠨ ᠬᠤᠪᠢᠷᠠᠵᠤ᠄ ᠣᠲᠣᠭᠢᠴᠢᠯᠠᠬᠰᠠᠨ ᠮᠣᠷᠢᠨ ᠮᠠᠷᠭᠡᠵᠢᠯ ᠤᠨ ᠲᠠᠯᠠᠪᠠᠢ᠂ ᠲᠠᠷᠢᠭᠦᠠ ᠤ ᠦᠷᠡᠵᠢᠭᠦᠯᠭᠦ | ᠣᠢᠵᠠᠯᠲᠠ᠂ ᠤᠯᠤᠰ ᠤᠨ ᠲᠠᠰ ᠤᠨ ᠣᠷᠣᠯᠲᠣᠭᠠᠨ ᠤ ᠠᠵᠢᠯᠯᠠᠭ᠎ᠠ · · · · ᠠᠳᠤᠭᠤᠨ ᠤ ᠦᠢᠯᠡᠰ ᠤᠨ ᠰᠢᠨ᠎ᠡ | ᠳᠦᠷᠰᠦ ᠪᠠᠶᠢᠳᠠᠯ ᠪᠠ ᠠᠭᠤᠯᠤᠭᠳᠠᠬᠤᠨ ᠢ ᠲᠠᠰᠤᠷᠠᠯᠲᠠ ᠦᠭᠡᠢ ᠳᠡᠯᠭᠡᠨ ᠦᠵᠡᠭᠦᠯᠵᠦ ᠪᠠᠶᠢᠨ᠎ᠠ᠃ ᠡᠨᠡ ᠬᠦ | ᠠᠳᠤᠭᠤᠨ ᠦᠢᠯᠡᠰ ᠤᠨ ᠬᠥᠭᠵᠢᠯᠲᠡ ᠶᠢᠨ ᠵᠠᠮ ᠳᠡᠭᠡᠷ᠎ᠡ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ | ᠲᠡᠦᠬᠡ ᠶᠢᠨ ᠤᠬᠢ ᠰᠣᠳᠣ ᠪᠠᠨ ᠦᠯᠡᠳᠡᠭᠡᠭᠰᠡᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠳᠦᠷᠰᠦ ᠪᠠᠶᠢᠳᠠᠯ ᠢᠶᠠᠷ | ᠢᠷᠡᠭᠡᠳᠦᠶ ᠶᠢᠨ ᠥᠷᠢᠰᠥᠯᠳᠦᠭᠡᠨ ᠪᠠ ᠠᠵᠠ ᠲᠣᠬᠢᠶᠠᠯ ᠢ ᠤᠭᠲᠤᠵᠤ᠂ ᠠᠳᠤᠭᠤ ᠲᠡᠵᠢᠭᠡᠵᠦ ᠮᠣᠷᠢ ᠪᠣᠶᠢᠵᠢᠭᠤᠯᠬᠤ᠂ | ᠭᠤᠣᠯ ᠰᠡᠳᠦᠪᠲᠦ ᠣᠷᠤᠯᠳᠤᠭᠠᠨ ᠠᠴᠠ ᠪᠡᠶ᠎ᠡ ᠶᠢᠨ ᠲᠠᠮᠢᠷ ᠰᠣᠶᠣᠯ᠂ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠶᠢ | ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠡᠯᠬᠢᠶ᠎ᠡ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃ | ᠮᠣᠷᠢᠨ ᠤᠷᠤᠯᠳᠤᠭᠠᠨ ᠢᠶᠠᠷ ᠤᠳᠤᠷᠢᠳᠤᠮᠵᠢ ᠪᠣᠯᠭᠠᠭᠰᠠᠨ ᠪᠦᠷᠢᠨ ᠪᠦᠲᠦᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠡᠯᠬᠢᠶ᠎ᠡ ᠶᠢ ᠴᠣᠭᠴᠠᠯᠠᠪᠠ | ᠬᠡᠩᠭᠡᠷᠭᠡ ᠶᠢᠨ ᠠᠶᠢᠵᠠᠮ ᠴᠣᠬᠢᠯᠭ᠎ᠠ ᠮᠡᠲᠦ ᠮᠣᠷᠢᠨ ᠲᠤᠭᠤᠷᠠᠢ ᠶᠢᠨ ᠳᠠᠭᠤᠨ ᠡᠬᠡ ᠭᠠᠵᠠᠷ ᠢ | ᠳᠣᠩᠰᠤᠯᠭᠠᠬᠤ ᠶᠢᠨ ᠬᠠᠮᠲᠤ ᠬᠥᠮᠥᠰ ᠤᠨ ᠰᠡᠳᠬᠢᠯ ᠢ ᠴᠤ ᠬᠥᠨᠳᠡᠵᠦ ᠪᠠᠶᠢᠯ᠎ᠠ᠃ ᠴᠢᠪᠬᠠᠳᠠᠰᠤ ᠠᠴᠠ ᠭᠠᠷᠤᠭᠰᠠᠨ | ᠰᠤᠮᠤ ᠮᠡᠲᠦ ᠠᠵᠢᠨᠠᠶ ᠬᠦᠯᠦᠭ ᠨᠢᠭᠡᠪᠦᠷᠢ ᠠᠯᠤᠰ ᠵᠦᠭ ᠲᠡᠮᠡᠦᠯᠬᠦ ᠶᠢᠨ ᠬᠠᠮᠲᠤ ᠬᠦᠮᠦᠰ ᠤᠨ ᠰᠡᠳᠭᠢᠯ ᠪᠣᠯᠤᠨ | ᠬᠠᠰᠭᠢᠷᠤᠯ ᠢ ᠬᠤᠯᠠ ᠴᠢᠭᠯᠡᠭᠦᠯᠦᠨ᠎ᠡ ᠁ ᠮᠣᠷᠢ ᠤᠷᠤᠯᠳᠤᠬᠤ ᠨᠢ ᠡᠷᠲᠡᠨ ᠠᠴᠠ ᠡᠳᠦᠭᠡ ᠪᠣᠯᠲᠠᠯ᠎ᠠ ᠪᠦᠷ ᠲᠠᠯ᠎ᠠ | ᠨᠤᠲᠤᠭ ᠤᠨ ᠦᠪᠡᠳᠡᠭᠰᠢ ᠶᠠᠪᠤᠳᠠᠯ ᠮᠥᠨ᠂ 2024 ᠣᠨ ᠤ 5 ᠳ᠋ᠤᠭᠠᠷ ᠰᠠᠷ᠎ᠠ ᠶᠢᠨ 1 ᠤ ᠡᠳᠦᠷ᠂ ᠬᠦᠴᠦᠨ | ᠴᠢᠳᠠᠯ᠂ ᠪᠡᠶ᠎ᠡ ᠮᠠᠬᠠᠪᠣᠳ᠂ ᠬᠤᠷᠳᠤᠴᠠ᠂ ᠵᠣᠷᠢᠭ ᠰᠠᠨᠠᠭ᠎ᠠ ᠪᠠᠨ ᠢᠯᠡᠷᠡᠭᠦᠯᠬᠦ ︽ᠨᠢᠬᠡ ᠵᠠᠮ ᠤᠮᠠᠷᠠᠰᠢ · ᠳᠠᠷᠬᠠᠨ | ᠮᠤᠤᠮᠢᠩᠭᠠᠨ ᠤ ᠬᠠᠮᠤᠭ ᠤᠨ ᠭᠤᠶᠤ︾ — ᠠᠯᠤᠰ ᠤᠨ ᠨᠡᠭᠦᠷᠡᠰᠦᠲᠥ᠋ᠷᠥᠭᠴᠢ ᠦᠭᠡᠢ ᠬᠤᠨᠳᠠᠭᠠᠲᠤ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠳᠦ︾ | ᠬᠤᠯᠪᠣᠭᠠᠲᠤ ᠤᠷᠤᠯᠳᠤᠭᠠᠨ ᠪᠠᠲᠤᠬᠠᠭᠠᠯᠭ᠎ᠠ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠳᠤ ᠭᠤᠶᠢᠳᠠ | ᠰᠠᠶᠢᠬᠠᠨ ᠶᠠᠪᠤᠭᠳᠠᠪᠠ᠃ | ᠤᠷᠤᠯᠳᠤᠭᠠᠨ ᠤ ᠲᠠᠯᠠᠪᠤᠷ ᠲᠤ᠂ ᠡᠯ᠎ᠡ ᠵᠦᠢᠯ ᠤᠨ ᠮᠥᠷᠦ᠋ᠢᠴᠡᠭᠡᠨ ᠵᠠᠯᠭᠠᠭ᠎ᠠ ᠪᠠᠷ ᠶᠠᠪᠤᠭᠳᠠᠵᠤ᠂ ᠪᠦᠬᠦ | ᠬᠤᠰᠢᠭᠤᠨ ᠤ 8 ᠰᠤᠮᠤ ᠰᠢᠶᠠᠩ ᠪᠠᠯᠭᠠᠰᠤ᠂ 20 ᠭᠠᠷᠤᠢ ᠭᠠᠴᠠᠭ᠎ᠠ᠂ 150 ᠭᠠᠷᠤᠢ ᠠᠵᠢᠨᠠᠢ ᠬᠦᠯᠦᠭᠴᠢᠳ | ᠨᠢᠭᠡ ᠳᠣᠣᠷ᠎ᠠ ᠴᠤᠭᠯᠠᠷᠠᠵᠤ᠂ ᠥᠷᠭᠡᠨ ᠠᠭᠤᠳᠠᠮ ᠤᠷᠤᠯᠳᠤᠭᠠᠨ ᠤ ᠵᠠᠮ ᠳᠡᠭᠡᠷ᠎ᠡ ᠥᠷᠢᠰᠥᠯᠳᠦᠨ ᠳᠠᠪᠬᠢᠨ᠎ᠠ᠃ | ᠠᠳᠤᠭᠤᠨ ᠰᠦᠷᠦᠭ ᠨᠢᠰᠦᠨ ᠳᠠᠪᠬᠢᠵᠤ᠂ ᠲᠤᠭᠤᠷᠠᠢ ᠶᠢᠨ ᠳᠠᠭᠤᠨ ᠣᠷᠤᠯᠳᠤᠭᠠᠨ ᠤ ᠲᠠᠯᠠᠪᠠᠢ ᠳᠤ ᠴᠣᠣᠷᠢᠶᠠᠳᠤᠵᠤ᠂ | ᠪᠡᠯᠡᠳᠭᠡᠯ ᠪᠦᠷᠢᠨ ᠮᠣᠷᠢ ᠤᠷᠭᠠᠯᠠᠭᠴᠢᠳ ᠤᠷᠭ᠎ᠠ ᠪᠠᠨ ᠪᠠᠷᠢᠵᠤ ᠠᠳᠤᠭᠤᠨ ᠰᠦᠷᠦᠭ ᠲᠤ ᠳᠠᠭᠠᠷᠢᠨ ᠣᠷᠣᠵᠤ᠂ | ᠲᠠᠰᠢᠭᠤᠷ ᠬᠤᠷᠦ᠋ᠢᠯᠠᠨ ᠬᠠᠷᠠᠯᠲᠠ ᠪᠠᠨ ᠳᠠᠭᠠᠷᠢᠵᠤ᠂ ᠮᠣᠷᠢ ᠣᠷᠣᠭᠠᠯᠠᠬᠤ᠂ ᠮᠣᠷᠢ ᠰᠤᠷᠭᠠᠵᠤ ᠲᠤᠭᠯᠠᠬᠤ ᠨᠢ | ᠬᠤᠯᠪᠤᠭᠠᠲᠤ ᠣᠷᠣᠯᠳᠤᠭᠠᠨ ᠳᠤ ᠨᠡᠩ ᠴᠤ ᠠᠮᠢᠵᠢᠷᠠᠯ ᠤᠨ ᠬᠦᠴᠦᠨ ᠪᠠ ᠣᠷᠭᠢᠯᠤᠮ᠎ᠠ ᠰᠡᠳᠬᠢᠯᠭᠡ ᠨᠡᠮᠡᠭᠳᠡᠭᠦᠯᠪᠡ᠃ | ᠣᠶᠢᠷ᠎ᠠ ᠶᠢᠨ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠪᠡᠶ᠎ᠡ ᠶᠢᠨ ᠲᠠᠮᠢᠷ + | ᠵᠢᠭᠤᠯᠴᠢᠯᠠᠯ︾ ᠤᠨ ᠬᠥᠭᠵᠢᠯᠲᠡ ᠶᠢᠨ ᠵᠠᠭᠪᠤᠷ ᠢ ᠬᠦᠴᠦᠯᠡᠨ ᠪᠤᠢ ᠪᠣᠯᠭᠠᠵᠤ᠂ ᠥᠪᠡᠷ ᠤᠨ ᠪᠡᠶ᠎ᠡ ᠪᠠᠨ ᠳᠠᠭᠠᠭᠠᠭᠰᠠᠨ | IP ᠶᠢ ᠡᠭᠦᠳᠴᠦ ᠪᠠᠶᠢᠨ᠎ᠠ᠃ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ ᠶᠢᠨ ᠨᠥᠯᠥᠭᠡᠯᠡᠬᠦ ᠬᠦᠴᠦᠨ ᠢ | ᠦᠷᠭᠦᠯᠵᠢᠯᠡᠨ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠠᠳᠤᠭᠤᠨ ᠦᠢᠯᠡᠰ ᠤᠨ ᠡᠬᠢ ᠪᠠᠶᠠᠯᠢᠭ ᠢ ᠲᠠᠲᠠᠵᠤ | ᠪᠠᠶᠢᠭᠠᠳ ᠠᠳᠤᠭᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠣᠳᠣᠬᠠᠨ ᠳᠤ ᠥᠪᠥᠷ ᠮᠣᠩᠭᠤᠯ ᠤᠨ | ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ | ᠺᠣᠮᠫᠠᠨᠢ ᠠᠴᠠ ᠭᠤᠤᠯᠯᠠᠨ ᠡᠷᠭᠢᠯᠡᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠲᠣᠰᠬᠤᠨ ᠤ ᠬᠡᠲᠦ︾ | ᠬᠤᠯᠪᠤᠭᠠᠲᠤ ᠣᠷᠣᠯᠳᠤᠭᠠᠨ ᠨᠢᠭᠡᠨᠲᠡ 8 ᠲᠠᠯᠠᠪᠤᠷ ᠶᠡᠭᠡ ᠬᠡᠪᠴᠢᠶ᠎ᠡ ᠲᠠᠢ ᠤᠷᠤᠯᠳᠤᠭᠠᠨ ᠡᠷᠭᠢᠯᠡᠵᠦ᠂ | ᠤᠷᠤᠯᠳᠤᠭᠠᠨ ᠠᠴᠠ ᠡᠮᠦᠨ᠎ᠡ ᠴᠥᠮ ᠲᠤᠰᠬᠠᠶ ᠮᠡᠷᠭᠡᠵᠢᠯ ᠤᠨ ᠬᠢᠨᠠᠭᠴᠢ ᠶᠢ ᠤᠷᠢᠵᠤ ᠤᠷᠤᠯᠳᠤᠭᠠᠨ ᠠᠴᠠ ᠡᠮᠦᠨᠡᠬᠢ | ᠪᠣᠯᠪᠠᠰᠤᠷᠠᠯ ᠬᠢᠵᠦ᠂ ᠤᠷᠤᠯᠳᠤᠭᠠᠨ ᠤ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠨ᠎ᠠ᠃ | ︽ᠲᠣᠰᠬᠤᠨ ᠤ ᠬᠡᠲᠦ︾ ᠦᠷᠭᠦᠯᠵᠢᠯᠡᠨ ᠡᠷᠬᠢᠯᠡᠬᠦ ᠶᠢ ᠳᠠᠭᠠᠯᠳᠤᠨ᠂ ᠪᠠᠰᠠ ᠮᠠᠰᠢ ᠣᠯᠠᠨ ᠡᠷᠭᠢᠨ | ᠲᠣᠭᠤᠷᠢᠨ ᠤ ᠬᠤᠰᠢᠭᠤ ᠰᠢᠶᠠᠩ ᠤᠨ ᠮᠣᠷᠢᠨ ᠳᠤ ᠬᠠᠶᠢᠷᠠᠲᠠᠢ ᠬᠦᠮᠦᠰ ᠤᠨ ᠠᠩᠬᠠᠷᠤᠯ ᠢ ᠲᠠᠲᠠᠵᠤ᠂ ᠣᠯᠠᠨ | ᠤᠷᠠᠳ ᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠦᠦᠰᠢᠨ ᠬᠤᠰᠢᠭᠤ᠂ ᠪᠠᠷᠠᠭᠤᠨ ᠦᠵᠦᠮᠦᠴᠢᠨ | ᠬᠤᠰᠢᠭᠤᠨ ᠤ ᠮᠣᠷᠢᠲᠠᠨ ᠪᠣᠯᠤᠨ ᠮᠣᠷᠢᠨ ᠤ ᠡᠵᠡᠳ ᠲᠤᠰᠬᠠᠶᠢᠯᠠᠨ ᠤᠷᠤᠯᠳᠤᠭᠠᠨ ᠦᠵᠡᠬᠦ ᠪᠠᠷ ᠢᠷᠡᠵᠦ᠂ | ᠣᠯᠠᠨ ᠢᠶᠠᠷ ᠢᠶᠠᠨ ︽ᠲᠣᠰᠬᠤᠨ ᠤ ᠬᠡᠲᠦ︾ ᠶᠢᠨ ᠡᠨᠡ ᠬᠦ ᠲᠠᠪᠴᠠᠩ ᠢ ᠠᠰᠢᠭᠯᠠᠨ᠂ ᠠᠳᠤᠭᠤᠨ ᠦᠢᠯᠡᠰ ᠤᠨ | ᠬᠥᠭᠵᠢᠯᠲᠡ ᠶᠢᠨ ᠪᠠᠶᠢᠳᠠᠯ ᠢ ᠬᠠᠷᠢᠯᠴᠠᠨ ᠰᠣᠯᠢᠯᠴᠠᠨ᠎ᠠ᠃ ᠡᠭᠦᠨ ᠤ ᠬᠠᠮᠲᠤ᠂ ᠮᠣᠷᠢᠨ ᠬᠤᠳᠠᠯᠳᠤᠭ᠎ᠠ᠂ | ᠬᠡᠭᠡᠯᠲᠦᠭᠦᠯᠭᠡ ᠬᠢᠭᠡᠳ ᠤᠷᠤᠯᠳᠤᠭᠠᠨ ᠵᠡᠷᠭᠡ ᠪᠠᠷ ᠶᠠᠪᠤᠭᠳᠠᠵᠤ᠂ ᠪᠦᠷᠢᠨ ᠪᠦᠲᠦᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠡᠯᠬᠢᠶ᠎ᠡ ᠶᠠᠭ ᠪᠦᠷᠢᠯᠳᠦᠵᠦ ᠪᠠᠶᠢᠨ᠎ᠠ᠃ | ︽ᠲᠣᠰᠬᠤᠨ ᠤ ᠬᠡᠳᠦ︾ ᠶᠢᠨ ᠠᠩᠬᠠᠷᠤᠯ ᠤᠨ ᠴᠡᠭ ᠨᠢ ᠵᠦᠪᠬᠡᠨ ᠲᠤᠰᠬᠠᠶ ᠮᠡᠷᠭᠡᠵᠢᠯ ᠤᠨ ᠮᠣᠷᠢᠨ | ᠮᠡᠷᠭᠡᠵᠢᠯ ᠤᠨ ᠳᠤᠷ᠎ᠠ ᠪᠠᠭ᠋ᠠᠲᠠᠶ ᠬᠥᠮᠦᠰ ᠲᠤ ᠬᠢᠵᠠᠭᠠᠷᠯᠠᠭᠳᠠᠬᠤ ᠪᠠᠷ ᠪᠠᠷᠠᠬᠤ ᠥᠬᠡᠶ᠂ ᠡᠩ ᠤᠨ ᠵᠣᠭᠠᠴᠠᠭᠰᠠᠳ ᠲᠤ | ᠲᠤᠬᠠᠶ ᠶᠢᠨ ᠭᠠᠵᠠᠷ ᠤᠨ ᠦᠨᠳᠦᠰᠦᠲᠡᠨ ᠤ ᠪᠠᠶᠢᠭᠠᠯᠢᠯᠢᠭ ᠠᠮᠢ ᠠᠬᠤᠶ ᠶᠢᠨ ᠠᠮᠢᠳᠤᠷᠠᠯ ᠢ ᠪᠡᠶᠡᠴᠢᠯᠡᠨ | ᠣᠶᠢᠯᠠᠭᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠩ ᠠᠭᠠᠯᠢ ᠶᠢᠨ ᠬᠠᠶᠢᠷ᠎ᠠ ᠰᠡᠳᠬᠢᠯᠭᠡ ᠶᠢ | ᠪᠣᠰᠤᠭ᠎ᠠ ᠴᠣᠭᠴᠠ ᠪᠠᠷ ᠢᠯᠡᠷᠡᠭᠦᠯᠬᠦ ᠶᠢᠨ ᠲᠥᠯᠥᠭᠡ᠂ 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠲᠣᠰᠬᠤᠨ ᠤ ᠬᠡᠳᠦ︾ ᠠᠵᠢᠯᠯᠠᠭ᠎ᠠ ᠨᠢ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠲᠣᠰᠬᠤᠨ ᠤ ᠬᠡᠳᠦ︾ ᠨᠠᠷᠠᠲᠤ | ᠲᠡᠮᠳᠡᠭᠲᠦ ᠶᠢᠨ ᠦᠢᠯᠡᠳᠦᠯ ᠢ ᠳᠡᠭᠡᠭᠰᠢᠯᠡᠭᠦᠯᠦᠨ᠂ ᠲᠣᠰ ᠭᠠᠵᠠᠷ ᠣᠷᠣᠨ ᠪᠠ ᠡᠷᠬᠢᠨ ᠲᠣᠭᠤᠷᠢᠨ ᠤ ᠭᠠᠵᠠᠷ | ᠣᠷᠣᠨ ᠤ ᠮᠣᠩᠭᠤᠯ ᠮᠣᠷᠢᠨ ᠤ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠪᠠ᠃ ᠭᠠᠷᠠᠭ ᠪᠣᠯᠭᠠᠨ ᠡᠷᠭᠢᠯᠡᠵᠦ᠂ ᠰᠠᠷ᠎ᠠ ᠪᠦᠷᠢ ᠥᠷᠨᠢᠭᠦᠯᠬᠦ ᠶᠢ ᠪᠠᠶᠢᠩᠭᠤᠵᠢᠭᠤᠯᠤᠭᠰᠠᠨ | ᠤᠷᠤᠯᠳᠤᠭᠠᠨ ᠨᠢ ᠲᠤᠬᠠᠶ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠪᠠ᠃ | ︽ᠲᠣᠰᠬᠤᠨ ᠤ ᠬᠡᠳᠦ︾ ᠶᠢ ᠬᠡᠷᠬᠢᠨ ᠨᠡᠩ ᠲᠡᠭᠦᠯᠳᠡᠷᠵᠢᠭᠦᠯᠬᠦ ᠪᠤᠢ︖ ᠬᠡᠷᠬᠢᠨ ᠭᠠᠳᠠᠨ᠎ᠠ ᠣᠷᠣᠨ ᠤ ᠨᠡᠩ | ᠣᠯᠠᠨ ᠮᠣᠷᠢᠳ ᠢ ᠲᠠᠲᠠᠵᠤ ᠤᠷᠤᠯᠳᠤᠭᠠᠨ ᠳᠤ ᠣᠷᠣᠯᠴᠠᠭᠤᠯᠬᠤ ᠶᠢᠨ ᠬᠠᠮᠲᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠮᠣᠷᠢ ᠶᠢ ︽ᠭᠠᠳᠠᠭᠰᠢ ᠭᠠᠷᠬᠤ︾ ᠪᠤᠢ︖ ᠲᠠᠷᠠᠭᠠᠴᠢ ᠶᠢᠨ ᠠᠯᠬᠤᠮ ᠳᠤ᠂ ︽ᠲᠣᠰᠬᠤᠨ ᠬᠡᠲᠦ︾ | ᠤᠷᠤᠯᠳᠤᠭᠠᠨ ᠤ ᠲᠦᠷᠢᠮ ᠢᠶᠠᠨ ᠲᠡᠭᠦᠯᠳᠡᠷᠵᠢᠭᠦᠯᠵᠦ᠂ ᠨᠠᠩ ᠣᠯᠠᠨ ᠤᠷᠤᠯᠳᠤᠭᠠᠨ ᠤ ᠠᠷᠭ᠎ᠠ ᠮᠠᠶ᠋ᠢᠭ ᠢ | ᠣᠷᠣᠭᠤᠯᠤᠨ᠎ᠠ᠃ ᠢᠷᠡᠭᠡᠳᠦᠢ ᠳᠤ ᠪᠠᠰᠠ ᠨᠠᠭᠠᠳᠤᠮ ᠤᠨ ᠬᠤᠷᠠᠯ ᠤᠨ ᠲᠠᠯᠠᠪᠠᠢ ᠳᠤ ᠪᠦᠷᠢᠨ ᠲᠡᠭᠦᠯᠳᠡᠷ ᠮᠣᠷᠢᠨ | ᠤᠷᠤᠯᠳᠤᠭᠠᠨ ᠤ ᠰᠠᠭᠤᠷᠢ ᠲᠥᠬᠦᠭᠡᠷᠦᠮᠵᠢ ᠪᠠ ᠠᠳᠤᠭᠤ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠮᠣᠷᠢᠲᠠᠳ᠂ ᠮᠣᠷᠢ ᠪᠠᠨ ᠨᠠᠭᠠᠳᠤᠮ ᠤᠨ ᠬᠤᠷᠠᠯ ᠤᠨ ᠲᠠᠯᠠᠪᠠᠢ ᠳᠤ | ᠲᠠᠯᠪᠢᠵᠤ᠂ ᠲᠤᠰᠬᠠᠢ ᠮᠡᠷᠭᠡᠵᠢᠯ ᠤᠨ ᠮᠣᠷᠢ ᠰᠤᠶᠢᠭᠴᠢᠳ ᠢᠶᠠᠷ ᠰᠣᠶᠢᠵᠤ ᠪᠣᠯᠪᠠᠰᠤᠷᠠᠭᠤᠯᠬᠤ ᠶᠢᠨ ᠬᠠᠮᠲᠤ ᠪᠠᠰᠠ | ᠵᠤᠭᠠᠴᠠᠭᠰᠠᠳ ᠲᠤ ᠬᠡᠭᠡᠷ᠎ᠡ ᠭᠠᠳᠠᠨ᠎ᠠ ᠮᠣᠷᠢ ᠤᠨᠤᠭᠤᠯᠬᠤ ᠲᠣᠬᠢᠶᠠᠯ ᠬᠠᠩᠭᠠᠵᠤ᠂ ᠮᠣᠷᠢᠨ ᠨᠢᠷᠤᠭᠤᠨ ᠳᠡᠭᠡᠷᠡᠬᠢ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠪᠡᠶᠡᠴᠢᠯᠡᠨ ᠣᠶᠢᠯᠠᠭᠠᠭᠤᠯᠵᠤ᠂ ᠨᠠᠭᠠᠳᠤᠮ ᠤᠨ ᠬᠤᠷᠠᠯ ᠤᠨ | ᠲᠠᠯᠠᠪᠠᠢ ᠶᠢ ᠠᠯᠬᠤᠮ ᠠᠯᠬᠤᠮ ᠢᠶᠠᠷ ᠪᠣᠯᠪᠠᠰᠤᠷᠠᠬᠤ᠂ ᠵᠢᠭᠤᠯᠴᠢᠯᠠᠬᠤ᠂ ᠦᠷᠡᠵᠢᠭᠦᠯᠦᠨ ᠪᠤᠶᠢᠵᠢᠭᠤᠯᠬᠤ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ | ᠤᠯᠤᠰ ᠤᠨ ᠲᠡᠰ ᠤᠨ ᠤᠷᠤᠯᠳᠤᠭᠠᠨ ᠢᠶᠠᠷ ᠬᠥᠳᠡᠯᠭᠡᠭᠦᠷ ᠪᠤᠯᠭᠠᠵᠤ᠂ ᠠᠳᠤᠭᠤᠨ ᠦᠢᠯᠡᠰ ᠤᠨ | ᠬᠦᠭᠵᠢᠯᠳᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ | ᠳᠣᠷᠤᠨᠠᠲᠤ ᠶᠢᠨ ᠦᠷ ᠭᠡᠭᠡᠷᠡᠬᠦ ᠳᠤ᠂ ᠲᠤᠤ ᠮᠠ ᠭᠧᠦ ᠲᠠᠷᠢᠶᠠᠯᠠᠩ ᠤᠨ ᠶᠡᠷᠦᠩᠬᠡᠢᠯᠡᠭᠰᠡᠨ ᠴᠣᠭᠴᠠ ᠠᠯᠲᠠᠨ | ᠰᠢᠷᠭᠠᠯ ᠭᠡᠷᠡᠯ ᠳᠤ ᠰᠡᠷᠡᠭᠡᠭᠳᠡᠵᠦ᠂ ᠮᠣᠷᠢᠨ ᠲᠤᠭᠤᠷᠠᠢ ᠶᠢᠨ ᠳᠠᠭᠤᠨ ᠦᠷ ᠴᠠᠶᠢᠬᠤ ᠨᠠᠮ ᠵᠢᠮ ᠢ ᠡᠪᠳᠡᠵᠦ᠂ ᠤᠳᠠᠯ | ᠦᠭᠡᠢ ᠶᠠᠪᠤᠭᠳᠠᠬᠤ ᠭᠡᠵᠦ ᠪᠠᠶᠢᠭ᠎ᠠ ᠨᠢ ᠵᠦᠪᠬᠡᠨ ᠮᠣᠷᠢᠳ ᠤᠨ ᠬᠤᠭᠤᠷᠣᠨᠳᠣᠬᠢ ᠲᠡᠮᠡᠴᠡᠯ ᠢᠶᠠᠷ ᠪᠠᠷᠠᠬᠤ ᠦᠭᠡᠢ ᠨᠡᠩ | ᠴᠦ ᠡᠯ᠎ᠡ ᠭᠠᠵᠠᠷ ᠤᠨ ᠰᠣᠶᠣᠯ᠂ ᠵᠠᠩ ᠦᠢᠯᠡ ᠪᠣᠯᠤᠨ ᠨᠥᠬᠦᠷᠯᠡᠯ ᠤᠨ ᠰᠣᠯᠢᠯᠴᠠᠭ᠎ᠠ ᠪᠣᠯᠤᠨ᠎ᠠ ᠭᠡᠳᠡᠭ ᠢ | ᠬᠠᠷᠠᠭᠤᠯᠤᠨ᠎ᠠ᠃ 8 ᠳ᠋ᠤᠭᠠᠷ ᠰᠠᠷ᠎ᠠ ᠶᠢᠨ 24 ᠤ ᠡᠳᠦᠷ᠂ 2024 ᠣᠨ ᠤ ᠲᠤᠤ ᠮᠠ ᠭᠧᠦ · ᠰᠢᠯᠦᠭ ᠵᠢᠷᠤᠭ ᠤᠨ | ᠲᠠᠯ᠎ᠠ ᠨᠤᠲᠤᠭ ᠤᠨ ᠪᠦᠬᠦ ᠤᠯᠤᠰ ᠤᠨ ᠮᠣᠷᠢᠨ ᠮᠡᠷᠭᠡᠵᠢᠯ ᠤᠨ ᠲᠡᠰᠪᠦᠷᠢ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ | ᠵᠢᠩᠬᠢᠨᠢ ᠪᠠᠷ ᠡᠬᠢᠯᠡᠵᠦ᠂ ᠪᠦᠬᠦ ᠤᠯᠤᠰ ᠤᠨ ᠡᠯ᠎ᠡ ᠭᠠᠵᠠᠷ ᠤᠨ ᠮᠣᠷᠢᠨ ᠮᠡᠷᠭᠡᠵᠢᠯ ᠤᠨ ᠳᠤᠷ᠎ᠠ ᠪᠠᠭ᠋ᠠᠲᠠᠳ ᠬᠤᠶᠢᠨ᠎ᠠ | ᠬᠤᠶᠢᠨ᠎ᠠ ᠠᠴᠠ ᠪᠠᠨ ᠢᠷᠡᠵᠦ ᠡᠨᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠦᠪᠡᠳᠡᠭᠰᠢ | ᠴᠤᠭᠯᠠᠭᠠᠨ ᠳᠤ ᠣᠷᠣᠯᠴᠠᠪᠠ᠃ | ᠮᠣᠷᠢᠨ ᠮᠡᠷᠭᠡᠵᠢᠯ ᠤᠨ ᠲᠡᠰᠪᠦᠷᠢᠲᠦ ᠤᠷᠤᠯᠳᠤᠭᠠᠨ ᠪᠣᠯ ᠨᠢᠭᠡ ᠤᠳᠠᠭᠠᠨ ᠤ ᠬᠥᠮᠦᠨ ᠪᠠ ᠮᠣᠷᠢ ᠲᠠᠢ ᠬᠠᠮᠲᠤ | ᠪᠡᠶᠡᠯᠡᠭᠦᠯᠬᠦ ᠥᠷᠢᠰᠥᠯᠳᠦᠭᠡᠨ ᠪᠣᠯᠤᠨ᠎ᠠ᠂ ᠬᠡᠰᠡᠭ ᠵᠠᠮ ᠨᠢᠭᠡᠪᠦᠷᠢ ᠳᠤ ᠴᠥᠮ ᠲᠡᠳᠡᠨ ᠤ ᠲᠡᠰᠪᠦᠷᠢ ᠲᠡᠪᠴᠢᠶᠡᠷᠢ ᠪᠠ | ᠨᠢᠭᠤᠴᠠ ᠪᠣᠯᠵᠠᠭ᠎ᠠ ᠶᠢ ᠰᠢᠯᠭᠠᠵᠤ ᠪᠠᠶᠢᠳᠠᠭ᠃ ᠪᠠᠶᠢᠭᠠᠯᠢ ᠬᠢᠭᠡᠳ ᠬᠡᠭᠡᠷᠡᠯᠡᠨ ᠶᠠᠪᠤᠬᠤ ᠶᠢ ᠤᠶᠠᠯᠳᠤᠭᠤᠯᠤᠨ᠂ | ᠮᠤᠷᠤᠢ ᠰᠠᠷᠤᠢ ᠠᠭᠤᠯᠠᠨ ᠵᠠᠮ ᠢ ᠰᠢᠪᠲᠤᠯᠤᠨ᠂ ᠠᠰᠬ᠎ᠠ ᠠᠭᠤᠯᠠ ᠶᠢᠨ ᠣᠷᠣᠢ ᠳᠤ ᠭᠠᠷᠴᠤ᠂ ᠳᠠᠬᠢᠨ ᠭᠤᠣᠯ | ᠭᠤᠷᠤᠬ᠎ᠠ ᠶᠢ ᠦᠩᠭᠡᠷᠡᠨ᠎ᠡ᠃ ᠡᠨᠡ ᠤᠳᠠᠭᠠᠨ ᠤ ᠬᠡᠳᠦᠨ ᠴᠠᠭ ᠤᠨ ᠲᠡᠰᠪᠦᠷᠢᠲᠦ ᠤᠷᠤᠯᠳᠤᠭᠠᠨ ᠳᠤ ᠮᠣᠷᠢᠲᠠᠨ | ᠮᠣᠷᠢᠨ ᠤ ᠪᠠᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠤᠷᠳᠤᠴᠠ ᠪᠣᠯᠤᠨ ᠠᠶᠢᠵᠠᠮ ᠤᠨ ᠲᠡᠩᠴᠡᠭᠦᠷᠢ ᠶᠢ | ᠪᠠᠲᠤᠯᠠᠬᠤ ᠪᠠᠷ ᠪᠠᠷᠠᠬᠤ ᠦᠭᠡᠶ ᠪᠠᠰᠠ ᠡᠬᠡ ᠪᠠᠶᠢᠭᠠᠯᠢ ᠶᠢᠨ ᠬᠤᠪᠢᠷᠠᠯᠲᠠ ᠲᠠᠢ ᠲᠡᠮᠡᠴᠡᠬᠦ ᠬᠡᠷᠡᠭᠲᠡᠶ᠃ ᠮᠣᠷᠢ ᠬᠢᠭᠡᠳ | ᠮᠣᠷᠢᠲᠠᠨ ᠤ ᠠᠮᠢᠰᠬᠤᠭ᠎ᠠ ᠨᠡᠶᠢᠯᠡᠨ ᠳᠠᠪᠬᠤᠴᠠᠬᠤ ᠨᠢ ᠪᠠᠢᠭᠠᠯᠢ ᠲᠠᠢ ᠶᠠᠷᠢᠯᠴᠠᠭᠰᠠᠨ ᠳᠠᠭᠤᠨ ᠦᠭᠡᠢ ᠶᠠᠷᠢᠯᠴᠠᠭ᠎ᠠ | ᠪᠣᠯᠣᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤ ᠮᠠ ᠭᠧᠤ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠲᠠᠯ᠎ᠠ ᠨᠤᠲᠤᠭ ᠤᠨ ᠭᠦᠨ ᠳᠤ ᠪᠠᠶᠢᠷᠢᠯᠠᠵᠤ᠂ 5 ᠲᠦᠮᠡᠨ ᠮᠦ ᠪᠠᠶᠢᠭᠠᠯᠢ ᠶᠢᠨ ᠪᠡᠯᠴᠢᠭᠡᠷ ᠪᠠ 3000 | ᠮᠦ ᠡᠷᠭᠢᠯᠲᠡ ᠶᠢᠨ ᠭᠠᠵᠠᠷ ᠰᠢᠷᠣᠢ ᠲᠠᠢ ᠶᠤᠮ᠃ ᠠᠳᠡᠬᠢ ᠶᠢᠨ ᠨᠤᠲᠤᠭ ᠪᠡᠯᠴᠢᠭᠡᠷ ᠬᠥᠪᠡᠭᠡ ᠬᠢᠵᠠᠭᠠᠷ ᠦᠭᠡᠶ᠂ | ᠨᠣᠭᠤᠭᠠᠨ ᠳᠠᠯᠠᠶ ᠰᠠᠯᠬᠢᠨ ᠳᠤ ᠬᠥᠪᠪᠥᠨ᠂ ᠨᠠᠷᠠᠨ ᠬᠤᠸᠠᠷ᠂ ᠰᠢᠯᠢᠮᠳᠡᠭ ᠤᠨ ᠴᠡᠴᠡᠭ ᠲᠡᠭᠦᠨ ᠤ ᠳᠤᠮᠳᠠ ᠴᠢᠮᠡᠨ᠎ᠡ᠃ | 2024 ᠣᠨ ᠤ ᠲᠤᠤ ᠮᠠ ᠭᠧᠦ · ᠰᠢᠯᠦᠭ ᠵᠢᠷᠤᠭ ᠤᠨ ᠲᠠᠯ᠎ᠠ ᠨᠤᠲᠤᠭ ᠤᠨ ᠪᠦᠬᠦ ᠤᠯᠤᠰ ᠤᠨ ᠮᠣᠷᠢᠨ | ᠮᠡᠷᠭᠡᠵᠢᠯ ᠤᠨ ᠤᠨ ᠲᠡᠰᠪᠦᠷᠢ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠡᠷᠬᠢᠯᠡᠭᠰᠡᠨ ᠲᠠᠯᠠᠪᠤᠷ ᠪᠣᠯᠤᠭᠰᠠᠨ ᠤ | ᠬᠤᠪᠢ ᠳᠤ᠂ ᠥᠷᠭᠡᠨ ᠠᠭᠤᠳᠠᠮ ᠲᠠᠯ᠎ᠠ ᠨᠤᠲᠤᠭ ᠪᠣᠯᠤᠨ ᠰᠦᠯᠵᠢᠯᠳᠦᠭᠰᠡᠨ ᠠᠭᠤᠯᠠ ᠬᠠᠶᠢᠷᠬᠠᠨ᠂ ᠠᠶᠢᠯ | ᠲᠣᠰᠬᠤᠨ ᠨᠢ ᠤᠷᠤᠯᠳᠤᠭᠠᠨ ᠤ ᠵᠠᠮ ᠤᠨ ᠠᠷᠤ ᠦᠵᠡᠭᠳᠡᠯ ᠪᠣᠯᠤᠭᠰᠠᠨ ᠪᠠᠶᠢᠨ᠎ᠠ᠃ | ᠡᠨᠡ ᠤᠳᠠᠭᠠᠨ ᠤ ᠮᠣᠷᠢᠨ ᠮᠡᠷᠭᠡᠵᠢᠯ ᠤᠨ ᠲᠡᠰᠪᠦᠷᠢ ᠶᠢᠨ ᠮᠠᠩᠯᠠᠢ ᠱᠢᠯᠭᠠᠷᠠᠭᠤᠯᠬᠤ ᠤᠷᠤᠯᠳᠤᠭᠠᠨ ᠤ ᠨᠢᠭᠡ | ᠭᠢᠯᠠᠰ ᠴᠡᠭ ᠪᠣᠯ ᠳᠠᠷᠤᠢ ᠡᠨᠡ ᠬᠦ ᠤᠷᠤᠯᠳᠤᠭᠠᠨ ᠤ ᠵᠠᠮ ᠥᠷᠭᠡᠨ ᠲᠡᠭᠰᠢ ᠪᠠᠶᠢᠵᠤ᠂ ᠭᠤᠣᠯ ᠤᠨ ᠵᠠᠮ ᠲᠠᠢ᠂ ᠲᠠᠯ᠎ᠠ | ᠨᠤᠲᠤᠭ ᠲᠠᠢ᠂ ᠴᠡᠴᠡᠭ ᠡᠪᠡᠰᠦ ᠢᠭᠴᠤ ᠰᠠᠬᠤᠯᠢᠭ᠂ ᠡᠯᠡᠰᠦ ᠬᠦᠷᠦᠰᠦᠨ ᠤ ᠵᠥᠭᠡᠯᠡᠨ ᠬᠠᠲᠠᠭᠤ ᠨᠢ ᠲᠣᠬᠢᠷᠠᠮᠵᠢᠲᠠᠢ | ᠂ ᠮᠣᠷᠢᠳ ᠬᠦᠶᠦᠬᠦ ᠳᠤ ᠬᠦᠴᠦ ᠠᠷᠪᠢᠯᠠᠵᠤ᠂ ᠠᠮᠠᠷᠬᠠᠨ ᠰᠢᠷᠬᠠᠳᠤᠬᠤ ᠦᠭᠡᠢ᠂ ᠮᠣᠷᠢ ᠶᠢ ᠬᠠᠮᠠᠭᠠᠯᠠᠬᠤ ᠳᠤ | ᠠᠰᠢᠭᠲᠠᠢ᠂ ᠡᠭᠦᠨ ᠤ ᠬᠠᠮᠲᠤ ᠠᠶᠠᠨᠳᠠᠭᠠᠨ ᠪᠦᠷᠢᠯᠳᠦᠭᠰᠡᠨ ᠭᠤᠣᠯ ᠤᠨ ᠵᠠᠮ ᠨᠢ ᠮᠤᠷᠤᠢ ᠰᠠᠷᠤᠢ᠂ ᠬᠤᠳᠤᠭᠤᠷ | ᠭᠦᠳᠦᠭᠡᠷ ᠲᠠᠢ᠂ ᠡᠪᠡᠰᠦᠲᠦ ᠲᠠᠯ᠎ᠠ ᠲᠡᠭᠰᠢ ᠭᠠᠵᠠᠷ ᠲᠠᠢ᠂ ᠬᠥᠲᠥᠯ ᠲᠠᠢ᠂ ᠮᠣᠷᠢᠨ ᠮᠡᠷᠭᠡᠵᠢᠯ ᠤᠨ ᠲᠡᠰᠪᠦᠷᠢ ᠶᠢᠨ | ᠤᠷᠤᠯᠳᠤᠭᠠᠨ ᠬᠢᠬᠦ ᠬᠠᠮᠤᠭ ᠤᠨ ᠰᠠᠶᠢᠨ ᠲᠠᠯᠠᠪᠤᠷ ᠪᠣᠯᠬᠤ ᠪᠥᠭᠡᠳ ᠪᠠᠰᠠ ᠤᠯᠤᠰ ᠤᠨ ᠳᠣᠲᠣᠭᠠᠳᠤ ᠶᠢᠨ ᠬᠠᠮᠤᠭ | ᠰᠠᠶᠢᠨ ᠮᠣᠷᠢᠨ ᠮᠡᠷᠭᠡᠵᠢᠯ ᠤᠨ ᠲᠡᠰᠪᠦᠷᠢ ᠶᠢᠨ ᠤᠷᠤᠯᠳᠤᠭᠠᠨ ᠤ ᠵᠠᠮ ᠤᠨ ᠨᠢᠭᠡ ᠪᠠᠶᠢᠵᠤ᠂ ᠮᠣᠷᠢᠨ ᠮᠡᠷᠭᠡᠵᠢᠯ ᠤᠨ | ᠲᠡᠰᠪᠦᠷᠢ ᠶᠢᠨ ᠤᠷᠤᠯᠳᠤᠭᠠᠨ ᠬᠢᠬᠦ ᠳᠤ ᠮᠠᠰᠢ ᠲᠣᠬᠢᠷᠠᠮᠵᠢᠲᠠᠢ ᠶᠤᠮ᠃ ᠤᠷᠤᠯᠳᠤᠭᠠᠨ ᠤ ᠭᠦᠢᠴᠡᠳᠬᠡᠬᠦ ᠲᠠᠯ᠎ᠠ ᠶᠢᠨ | ᠪᠡᠭᠡᠵᠢᠩ ᠤᠨ ᠵᠢᠦᠵᠸᠦ ᠠᠯᠲᠠᠨ ᠮᠣᠷᠢ ᠣᠯᠠᠨ ᠤᠯᠤᠰ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠾᠧ ᠢ ᠰᠢᠤᠸᠠᠨ᠄ ︽ᠬᠡᠳᠦ᠋ᠢᠪᠡᠷ ᠣᠯᠠᠨ ᠤᠯᠤᠰ ᠤᠨ ᠮᠣᠷᠢᠨ ᠤ | ᠬᠤᠯᠪᠣᠭ᠎ᠠ ᠨᠢ ᠡᠭᠦᠨ ᠳᠤ ᠬᠠᠲᠠᠭᠤ ᠲᠣᠭᠲᠠᠭᠠᠯ ᠪᠠᠶᠢᠬᠤ ᠦᠭᠡᠢ ᠪᠣᠯᠪᠠᠴᠤ ᠲᠤᠤ ᠮᠠ ᠭᠧᠦ ᠶᠢᠨ ᠦᠵᠡᠮᠵᠢ ᠨᠢ | ᠮᠥᠨ ᠴᠦ ᠪᠢᠳᠡᠨ ᠤ ᠪᠣᠳᠣᠯᠬᠢᠯᠠᠭᠰᠠᠨ ᠬᠦᠴᠦᠨ ᠵᠦᠢᠯ ᠤᠨ ᠨᠢᠭᠡ ᠪᠣᠯᠤᠨ᠎ᠠ᠂ ᠮᠣᠷᠢᠲᠠᠨ ᠣᠷᠣᠯᠳᠤᠬᠤ | ᠶᠠᠪᠤᠴᠠ ᠳᠠᠭᠠᠨ ᠠᠳᠡᠬᠢ ᠣᠯᠠᠨ ᠡᠰᠢᠲᠦ ᠦᠵᠡᠮᠵᠢ ᠪᠠ ᠭᠠᠵᠠᠷ ᠤᠨ ᠪᠠᠶᠢᠴᠠ ᠶᠢ ᠰᠡᠷᠡᠵᠦ ᠮᠡᠳᠡᠬᠦ ᠶᠢ ᠪᠢᠳᠡ | ᠬᠦᠰᠡᠵᠦ ᠪᠠᠶᠢᠨ᠎ᠠ᠃ ᠪᠢᠳᠡ ᠠᠳᠡᠬᠢ ᠶᠢᠨ ᠣᠨᠴᠠᠯᠢᠭ ᠪᠥᠬᠦᠢ ᠳᠣᠯᠣᠭᠠᠨ ᠥᠩᠭᠡᠲᠦ ᠲᠤᠲᠤᠷᠭᠠᠨ ᠲᠠᠷᠢᠶ᠎ᠠ ᠶᠢ | ᠣᠷᠣᠯᠳᠤᠭᠠᠨ ᠤ ᠵᠠᠮ ᠳᠤ ᠣᠨᠴᠠᠭᠠᠶᠢᠯᠠᠨ ᠵᠢᠷᠤᠵᠤ ᠲᠥᠯᠥᠪᠯᠡᠯᠡ︾ ᠭᠡᠪᠡ᠃ ᠨᠢᠭᠡᠨ ᠤᠷᠤᠯᠳᠤᠭᠠᠨ ᠤ ᠵᠠᠮ ᠨᠢ ᠡᠨᠡ | ᠬᠦ ᠵᠢᠵᠢᠭ ᠬᠤᠲᠠ ᠶᠢᠨ ᠠᠭᠤᠯᠠ ᠤᠰᠤ᠂ ᠲᠡᠦᠬᠡ᠂ ᠰᠣᠶᠣᠯ ᠢ ᠬᠤᠯᠪᠣᠵᠤ᠂ ᠬᠥᠮᠦᠨ ᠪᠠ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠶᠢᠨ ᠬᠠᠮᠲᠤ ᠪᠠᠰᠠ ᠪᠡᠶ᠎ᠡ ᠶᠢᠨ ᠲᠠᠮᠢᠷ ᠤᠨ ᠤᠷᠤᠯᠳᠤᠭᠠᠨ | ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠣᠰ ᠴᠢᠭᠯᠡᠯ ᠢᠶᠠᠷ ᠤᠷᠤᠭᠰᠢᠯᠠᠬᠤ ᠶᠢ ᠪᠡᠶᠡᠯᠡᠭᠦᠯᠪᠡ᠃ | ᠤᠷᠤᠯᠳᠤᠭᠠᠨ ᠤ ᠬᠦᠷᠢᠶᠡᠨ ᠠᠴᠠ ᠭᠠᠷᠤᠭᠰᠠᠨ ᠬᠠᠯᠠᠮᠰᠢᠯ ᠳᠤ ᠲᠦᠰᠢᠭᠯᠡᠨ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠴᠦ ᠪᠦᠬᠦ ᠤᠯᠤᠰ ᠤᠨ ᠨᠠᠶᠢᠵᠠ ᠨᠠᠷ ᠤᠨ ᠡᠮᠦᠨ᠎ᠡ | ᠲᠣᠳᠣᠷᠬᠠᠶ ᠳᠤᠰᠬᠠᠭᠳᠠᠪᠠ᠃ ᠡᠨᠡ ᠬᠡᠳᠦᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2023 | ᠣᠨ ᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠪᠠᠭᠠᠲᠤᠷ ᠳᠠᠷᠬᠠᠨ ᠮᠤᠤᠮᠢᠩᠭᠠᠨ ᠤ ᠪᠤᠬ᠎ᠠ ᠲᠡᠷᠭᠡᠨ ᠤ | ᠲᠠᠨ᠎ᠠ ᠶᠢᠨ ᠤᠷᠤᠯᠳᠤᠭᠠᠨ᠂ 2023 ᠣᠨ ᠤ ᠳᠤᠮᠳᠠᠳᠤ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠢᠯᠡ | ᠤᠷᠤᠯᠳᠤᠭᠠᠨ ︵ᠪᠤᠭᠤᠲᠤ · ᠳᠠᠷᠬᠠᠨ ᠮᠤᠤᠮᠢᠩᠭᠠᠨ ᠤ ᠬᠤᠰᠢᠭᠤᠨ ᠤ ᠥᠷᠲᠡᠭᠡ︶ ᠵᠢᠴᠢ 2023 ᠣᠨ ᠤ ᠪᠥᠬᠦ | ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ | ᠰᠢᠯᠭᠠᠷᠠᠭᠤᠯᠬᠤ ᠤᠷᠤᠯᠳᠤᠭᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢ ᠤᠷᠤᠯᠳᠤᠬᠤ ︽ | ᠲᠣᠰᠬᠤᠨ ᠤ ᠬᠡᠳᠦ︾ ᠬᠤᠯᠪᠣᠭᠠᠲᠤ ᠤᠷᠤᠯᠳᠤᠭᠠᠨ ᠵᠡᠷᠭᠡ ᠠᠯᠢ ᠣᠯᠠᠨ ᠰᠣᠳᠣᠨ ᠤᠷᠤᠯᠳᠤᠭᠠᠨ ᠢ ᠠᠮᠵᠢᠯᠲᠠ ᠲᠠᠢ | ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠡᠷᠮᠢᠴᠡ ᠬᠡᠪ ᠨᠠᠮᠪᠠ ᠶᠢ ᠪᠦᠷᠢᠯᠳᠦᠭᠦᠯᠵᠦ᠂ | ᠪᠠᠰᠠ ︽ᠤᠷᠤᠯᠳᠤᠭᠠᠨ ᠤ ᠶᠠᠪᠤᠳᠠᠯ + ᠵᠢᠭᠤᠯᠴᠢᠯᠠᠯ︾ ᠤᠨ ᠦᠢᠯᠡᠰ ᠤᠨ ᠬᠥᠭᠵᠢᠯᠲᠡ ᠳᠤ ᠥᠷᠨᠢᠭᠦᠨ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠬᠦᠴᠦ ᠪᠠᠨ ᠲᠥᠪᠯᠡᠷᠡᠭᠦᠯᠦᠨ ᠬᠦᠴᠦᠯᠡᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠲᠠᠯᠠᠪᠤᠷ ᠭᠠᠵᠠᠷ ᠤᠨ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ᠂ | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠭᠦᠨᠵᠡᠭᠡᠶ ᠲᠠᠨᠢᠯᠴᠠᠭᠤᠯᠵᠤ᠂ ︽ | ᠤᠷᠤᠯᠳᠤᠭᠠᠨ ᠤ ᠶᠠᠪᠤᠳᠠᠯ ᠢ ᠳᠠᠭᠠᠵᠤ ᠲᠠᠷᠬᠠᠨ ᠮᠤᠤᠮᠢᠩᠭᠠᠨ ᠢᠶᠠᠷ ᠠᠶᠠᠯᠠᠬᠤ︾ ᠶᠢ ᠰᠢᠯᠢᠳᠡᠭ ᠰᠣᠩᠭᠤᠯᠲᠠ ᠶᠢᠨ | ᠵᠦᠢᠯ ᠪᠣᠯᠭᠠᠵᠤ᠂ ︽ᠤᠷᠤᠯᠳᠤᠭᠠᠨ ᠤ ᠶᠠᠪᠤᠳᠠᠯ + ᠵᠢᠭᠤᠯᠴᠢᠯᠠᠯ︾ ᠤᠨ ᠬᠢᠯᠢ ᠠᠯᠤᠰᠯᠠᠭᠰᠠᠨ ᠪᠠ ᠥᠷᠭᠡᠳᠬᠡᠯ ᠳᠤ | ᠨᠠᠩ ᠥᠷᠭᠡᠨ ᠠᠭᠤᠳᠠᠮ ᠲᠥᠰᠦᠭᠡᠯᠡᠬᠦ ᠣᠷᠣᠨ ᠵᠠᠶ ᠬᠠᠩᠭᠠᠪᠠ᠃ | ᠠᠯᠢ ᠣᠯᠠᠨ ᠤᠯᠤᠰ ᠤᠨ ᠲᠡᠰ ᠤᠨ ᠤᠷᠤᠯᠳᠤᠭᠠᠨ ᠢ ᠡᠷᠬᠢᠯᠡᠭᠰᠡᠨ ᠨᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠠᠭᠤᠷᠢ ᠲᠥᠬᠦᠭᠡᠷᠦᠮᠵᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠠᠬᠢᠭᠤᠯᠵᠤ᠂ ᠬᠤᠲᠠ ᠶᠢᠨ | ᠳᠦᠷᠰᠦ ᠪᠠᠶᠢᠳᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠤᠷᠤᠰᠬᠠᠯ ᠤᠨ ᠬᠡᠮᠵᠢᠶ᠎ᠡ ᠪᠠᠨ ᠨᠡᠩ | ᠢᠯᠡᠭᠦᠦ ︽ᠦᠯᠡᠳᠡᠬᠦ︾ ᠪᠣᠯᠭᠠᠨ ᠬᠤᠪᠢᠷᠠᠭᠤᠯᠵᠤ᠂ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠪᠠ᠃ ᠬᠤᠲᠠ ᠶᠢᠨ | ᠨᠡᠷᠡᠲᠦ ᠲᠡᠮᠳᠡᠭᠲᠦ ᠶᠢ ᠳᠡᠭᠡᠭᠰᠢᠯᠡᠭᠦᠯᠬᠦ ᠤᠷᠤᠯᠳᠤᠭᠠᠨ ᠤ ᠠᠵᠢᠯᠯᠠᠭ᠎ᠠ ᠶᠢ ᠨᠠᠩ ᠰᠠᠶᠢᠲᠤᠷ ᠡᠷᠬᠢᠯᠡᠬᠦ ᠪᠠᠷ | ᠳᠠᠮᠵᠢᠭᠤᠯᠤᠨ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠨᠠᠩ | ᠣᠯᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠢᠯᠡᠰ ᠴᠣᠭᠴᠠᠯᠠᠬᠤ ᠲᠣᠬᠢᠶᠠᠯ ᠬᠠᠩᠭᠠᠵᠤ᠂ ᠬᠤᠲᠠ ᠶᠢᠨ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠣᠯᠠᠨ ᠠᠵᠤ ᠠᠬᠤᠶ ᠶᠢᠨ ᠨᠡᠮᠡᠭᠳᠡᠯ ᠤᠨ ᠴᠡᠭ ᠢ | ᠠᠭᠤᠳᠠᠯᠬᠤ ᠶᠢᠨ ᠬᠠᠮᠲᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠬᠡᠬᠡᠵᠦ᠂ ᠯᠠᠪᠲᠠᠶ ᠳᠠᠷᠬᠠᠨ ᠮᠤᠤᠮᠢᠩᠭᠠᠨ | ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | ᠡᠭᠦᠯᠳᠡᠷ ᠢ ᠬᠠᠮᠠᠭᠠᠯᠠᠵᠤ ᠦᠷᠡᠵᠢᠭᠦᠯᠦᠨ ᠪᠣᠶᠢᠵᠢᠭᠤᠯᠬᠤ ᠪᠠᠷ ᠭᠠᠷᠳᠠᠴᠠ ᠪᠤᠯᠭᠠᠨ ᠮᠤᠩᠭᠤᠯ ᠮᠤᠷᠢᠨ ᠤ | ᠦᠨ᠎ᠡ ᠦᠷᠲᠡᠭ ᠢ ᠨᠡᠭᠡᠭᠡᠨ ᠬᠦᠭᠵᠢᠬᠦᠯᠬᠦ ᠶᠢ ᠰᠠᠶᠢᠳᠤᠷ ᠠᠳᠬᠤᠨ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠥᠷᠭᠡᠨ ᠠᠭᠤᠳᠠᠮ ᠦᠵᠡᠰᠬᠦᠯᠡᠩᠲᠦ | ᠰᠠᠶᠢᠬᠠᠨ᠂ ᠡᠬᠡ ᠪᠠᠶᠢᠭᠠᠯᠢ ᠮᠣᠷᠢᠳ ᠲᠤ ᠪᠡᠯᠡᠳᠭᠡᠭᠰᠡᠨ ᠳ᠋ᠧᠪᠠᠵᠠᠨ ᠪᠣᠯᠤᠨ᠎ᠠ᠂ ᠥᠷᠭᠡᠨ ᠠᠭᠤᠳᠠᠮ ᠡᠪᠡᠰᠦᠲᠦ ᠲᠠᠯ᠎ᠠ | ᠪᠠ ᠤᠰᠤ ᠪᠡᠯᠴᠢᠭᠡᠷ᠂ ᠠᠳᠤᠭᠤᠨ ᠦᠢᠯᠡᠰ ᠤᠨ ᠬᠥᠭᠵᠢᠯᠲᠡ ᠳᠤ ᠭᠦᠢᠴᠡᠳ ᠣᠷᠣᠨ ᠵᠠᠢ ᠪᠠ ᠴᠢᠨᠠᠷ ᠰᠠᠶᠢᠲᠠᠢ ᠡᠬᠢ | ᠪᠠᠶᠠᠯᠢᠭ ᠬᠠᠩᠭᠠᠭᠰᠠᠨ ᠪᠠᠶᠢᠨ᠎ᠠ᠃ ᠡᠯ᠎ᠡ ᠲᠥᠷᠥᠯ ᠤᠨ ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠵᠤ᠂ | ᠠᠳᠤᠭᠤᠨ ᠦᠢᠯᠡᠰ ᠤᠨ ᠥᠷᠨᠢᠨ ᠬᠥᠭᠵᠢᠬᠦ ᠶᠢ ᠠᠭᠠᠵᠢᠮ ᠢᠶᠠᠷ ᠠᠬᠢᠭᠤᠯᠵᠠᠢ᠃ | ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠢ ᠪᠥᠬᠦ ᠲᠠᠯ᠎ᠠ ᠪᠠᠷ | ᠬᠠᠮᠠᠭᠠᠯᠠᠵᠤ᠂ ᠤᠰᠠᠳᠬᠤ ᠣᠶᠢᠷᠠᠳᠤᠭᠰᠠ ᠮᠣᠩᠭᠤᠯ ᠮᠣᠷᠢᠳ ᠢ ᠲᠠᠯ᠎ᠠ ᠨᠤᠲᠤᠭ ᠲᠤ ᠳᠠᠬᠢᠨ ᠳᠠᠪᠬᠢᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠶᠠᠷ ᠵᠢᠯ ᠤᠨ ᠴᠠᠭ ᠢ ᠠᠰᠢᠭᠯᠠᠨ ᠪᠥᠬᠦ ᠬᠤᠰᠢᠭᠤᠨ ᠤ ᠮᠣᠩᠭᠤᠯ | ᠮᠣᠷᠢ ᠳᠤ ᠬᠢᠨᠠᠨ ᠲᠣᠭᠲᠠᠭᠠᠬᠤ ᠠᠵᠢᠯ ᠥᠷᠨᠢᠭᠦᠯᠬᠦ ᠪᠠᠷ ᠲᠥᠯᠥᠪᠯᠡᠵᠦ ᠪᠣᠶ᠃ ᠮᠣᠩᠭᠤᠯ ᠮᠣᠷᠢ ᠶᠢ ᠬᠢᠨᠠᠨ | ᠲᠣᠭᠲᠠᠭᠠᠬᠤ ᠶᠢ ᠭᠤᠣᠯᠳᠠᠭᠤ ᠮᠣᠩᠭᠤᠯ ᠮᠣᠷᠢᠨ ᠤ ᠡᠷᠦᠬᠡ ᠰᠣᠩᠭᠤᠬᠤ᠂ ᠲᠤᠬᠠᠢ ᠶᠢᠨ ᠭᠠᠵᠠᠷ ᠲᠤᠨᠢ ᠬᠢᠨᠠᠨ | ᠲᠣᠭᠲᠠᠭᠠᠬᠤ ᠶᠢᠨ ᠬᠠᠮᠲᠤ ᠴᠢᠫ ᠵᠡᠭᠦᠯᠭᠡᠬᠦ᠂ ᠰᠡᠭᠦᠯᠴᠢ ᠶᠢᠨ ᠬᠤᠭᠤᠴᠠᠭᠠᠨ ᠤ ᠳᠠᠩᠰᠠ ᠡᠪᠬᠡᠮᠡᠯ ᠵᠣᠬᠢᠶᠠᠬᠤ 3 | ᠠᠯᠬᠤᠮ ᠳᠠᠷᠠᠭ᠎ᠠ ᠬᠤᠪᠢᠶᠠᠨ᠎ᠠ᠃ ᠣᠳᠣᠬᠠᠨ ᠪᠣᠯᠲᠠᠯ᠎ᠠ᠂ 2213 ᠮᠣᠩᠭᠤᠯ ᠮᠣᠷᠢ ᠶᠢ ᠬᠢᠨᠠᠨ ᠲᠣᠭᠲᠠᠭᠠᠬᠤ ᠪᠠ | ᠴᠢᠫ ᠵᠡᠭᠦᠯᠭᠡᠬᠦ ᠠᠵᠢᠯ ᠢ ᠪᠡᠶᠡᠯᠡᠭᠦᠯᠵᠦ᠂ 800 ᠮᠣᠩᠭᠤᠯ ᠮᠣᠷᠢᠨ ᠤ ᠲᠠᠩᠰᠠ ᠡᠪᠬᠡᠮᠡᠯ ᠪᠠᠶᠢᠭᠤᠯᠬᠤ ᠠᠵᠢᠯ ᠢ | ᠪᠡᠶᠡᠯᠡᠭᠦᠯᠵᠦ᠂ ᠪᠤᠰᠤᠳ ᠲᠠᠩᠰᠠ ᠡᠪᠬᠡᠮᠡᠯ ᠢ ᠪᠠᠰᠠ ᠪᠠᠶᠢᠭᠤᠯᠵᠤ ᠪᠣᠶ᠃ ᠮᠣᠩᠭᠤᠯ ᠮᠣᠷᠢᠨ ᠳᠤ ᠡᠯᠧᠺᠳ᠋ᠷᠣᠨ ᠴᠢᠫ | ᠳᠠᠷᠢᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠢ ᠦᠷᠨᠢᠭᠦᠯᠬᠦ ᠪᠠᠷ ᠳᠠᠮᠵᠢᠭᠤᠯᠤᠨ᠂ ᠪᠥᠬᠦ | ᠬᠤᠰᠢᠭᠤᠨ ᠤ ᠮᠣᠩᠭᠤᠯ ᠮᠣᠷᠢᠨ ᠤ ᠲᠠᠷᠬᠠᠯᠲᠠ᠂ ᠲᠤᠭ᠎ᠠ ᠬᠡᠮᠵᠢᠶ᠎ᠡ᠂ ᠪᠡᠶ᠎ᠡ ᠮᠠᠬᠠᠪᠣᠳ ᠤᠨ ᠣᠨᠴᠠᠯᠢᠭ᠂ | ᠦᠢᠯᠡᠳᠪᠦᠷᠢᠯᠡᠯ ᠤᠨ ᠰᠢᠨᠵᠢ ᠴᠢᠨᠠᠷ ᠨᠢ ᠴᠥᠮ ᠠᠩᠬ᠎ᠠ ᠠᠯᠬᠤᠮ ᠤᠨ ᠲᠤᠭ᠎ᠠ ᠪᠠᠷᠢᠮᠲᠠ ᠶᠢᠨ ᠲᠡᠮᠳᠡᠭᠯᠡᠯ ᠲᠠᠢ | ᠪᠣᠯᠤᠭᠰᠠᠨ ᠪᠠᠶᠢᠨ᠎ᠠ᠃ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠣᠯ ᠮᠠᠯ ᠠᠵᠤ ᠠᠬᠤᠶ ᠶᠢᠨ | ᠬᠥᠭᠵᠢᠯᠲᠡ ᠶᠢᠨ ᠠᠯᠤᠰ ᠬᠡᠳᠦ ᠶᠢᠨ ᠪᠠᠶᠢᠯᠳᠤᠬᠤ ᠪᠣᠳᠣᠯᠭ᠎ᠠ ᠮᠥᠨ᠂ ᠣᠶᠢᠷ᠎ᠠ ᠶᠢᠨ ᠬᠡᠳᠦᠨ ᠵᠢᠯ ᠳᠤ | ᠭᠠᠳᠠᠨ᠎ᠠ ᠠᠴᠠ ᠢᠷᠡᠭᠰᠡᠨ ᠠᠳᠤᠭᠤᠨ ᠤ ᠡᠭᠦᠯᠳᠡᠷ ᠢ ᠣᠷᠣᠭᠤᠯᠬᠤ ᠶᠢ ᠳᠠᠭᠠᠯᠳᠤᠨ᠂ ᠮᠣᠩᠭᠤᠯ ᠮᠣᠷᠢᠨ ᠤ ᠪᠤᠰᠤᠳ | ᠡᠭᠦᠯᠳᠡᠷ ᠤᠨ ᠮᠣᠷᠢ ᠲᠠᠢ ᠡᠷᠯᠢᠰᠡᠵᠢᠭᠰᠡᠨ ᠪᠠᠶᠢᠳᠠᠯ ᠨᠢᠭᠡᠨᠲᠡ ᠮᠠᠰᠢ ᠲᠦᠭᠡᠮᠡᠯ ᠪᠣᠯᠵᠠᠢ᠂ ᠡᠨᠡ ᠨᠢ ᠮᠣᠩᠭᠤᠯ | ᠮᠣᠷᠢᠨ ᠤ ᠡᠭᠦᠯᠳᠡᠷ ᠢ ᠬᠠᠮᠠᠭᠠᠯᠠᠨ ᠦᠷ᠎ᠡ ᠰᠣᠩᠭᠤᠵᠤ ᠪᠤᠶᠢᠵᠢᠭᠤᠯᠬᠤ ᠳᠤ ᠮᠠᠰᠢ ᠶᠡᠭᠡ ᠳᠠᠭᠠᠷᠢᠯᠲᠠ ᠪᠣᠯᠤᠭᠰᠠᠨ | ᠪᠠᠶᠢᠨ᠎ᠠ᠃ ᠡᠶᠢᠮᠦ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠠᠳᠤᠭᠤᠨ ᠤ ᠲᠤᠰᠬᠠᠶ ᠮᠡᠷᠭᠡᠵᠢᠯᠲᠡᠨ | ᠤᠷᠢᠵᠤ ᠴᠢᠩᠭ᠎ᠠ ᠬᠢᠨᠠᠨ ᠲᠣᠭᠲᠠᠭᠠᠯᠲᠠ ᠬᠢᠬᠦ ᠶᠢᠨ ᠬᠠᠮᠲᠤ ᠡᠭᠦᠯᠳᠡᠷ ᠬᠠᠮᠠᠭᠠᠯᠠᠬᠤ ᠡᠷᠦᠬᠡ ᠲᠠᠢ ᠠᠮᠠᠯᠠᠯᠲᠠ ᠶᠢᠨ | ᠪᠢᠴᠢᠭ ᠲᠣᠭᠲᠠᠵᠤ᠂ ᠲᠡᠵᠢᠭᠡᠨ ᠦᠷᠡᠵᠢᠭᠦᠯᠬᠦ ᠡᠷᠦᠬᠡ ᠶᠢ 5 ᠵᠢᠯ ᠤᠨ ᠳᠣᠲᠣᠷ᠎ᠠ ᠡᠭᠦᠯᠳᠡᠷ ᠬᠠᠮᠠᠭᠠᠯᠠᠬᠤ | ᠠᠳᠤᠭᠤ ᠪᠠᠨ ᠬᠤᠳᠠᠯᠳᠤᠵᠤ ᠪᠣᠯᠬᠤ ᠥᠬᠡᠶ ᠭᠡᠵᠦ ᠱᠠᠭᠠᠷᠳᠠᠵᠤ᠂ ᠮᠣᠩᠭᠤᠯ ᠮᠣᠷᠢᠨ ᠤ ᠴᠡᠪᠡᠷ ᠡᠭᠦᠯᠳᠡᠷ ᠢ | ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃ ᠡᠭᠦᠨ ᠤ ᠬᠠᠮᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ | ᠣᠲᠣ ᠶᠢᠨ ᠰᠠᠭᠤᠷᠢ ᠪᠠ ᠣᠨᠴᠠᠯᠢᠭ ᠲᠠᠭᠠᠨ ᠰᠠᠭᠤᠷᠢᠯᠠᠨ᠂ ᠮᠣᠩᠭᠤᠯ ᠮᠣᠷᠢ ᠶᠢ ᠨᠡᠭᠡᠭᠡᠨ ᠬᠥᠭᠵᠢᠭᠦᠯᠬᠦ ᠶᠢ | ᠲᠣᠪᠤᠶᠢᠮ᠎ᠠ ᠰᠠᠶᠢᠲᠤᠷ ᠠᠳᠬᠤᠵᠤ᠂ ᠣᠲᠣ ᠦᠶ᠎ᠡ ᠶᠢᠨ ᠮᠣᠩᠭᠤᠯ ᠮᠣᠷᠢ ᠶᠢ ᠰᠠᠶᠢᠵᠢᠷᠠᠭᠤᠯᠤᠨ ᠦᠷᠡᠵᠢᠭᠦᠯᠦᠨ | ᠪᠤᠶᠢᠵᠢᠭᠤᠯᠬᠤ᠂ ᠤᠷᠤᠯᠳᠤᠭᠠᠨ ᠤ ᠠᠷᠠᠯᠵᠢᠶ᠎ᠠ ᠶᠢ ᠲᠤᠰᠬᠠᠶᠢᠵᠢᠭᠤᠯᠤᠨ ᠵᠢᠷᠤᠮᠵᠢᠭᠤᠯᠬᠤ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠲᠥᠯᠥᠪᠵᠢᠭᠦᠯᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ | ᠲᠡᠭᠦᠯᠳᠡᠷᠵᠢᠭᠦᠯᠪᠡ᠃ | ᠠᠳᠤᠭᠤᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ | ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ ᠠᠯᠬᠤᠴᠠ ᠤᠯᠠᠮ | ᠨᠢᠭᠡ ᠠᠯᠬᠤᠮ ᠲᠦᠷᠭᠡᠳᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2016 ᠣᠨ ᠠᠴᠠ ᠡᠬᠢᠯᠡᠨ | ᠵᠢᠷᠮᠦᠰᠦᠨ ᠠᠳᠤᠭᠤᠨ ᠤ ᠴᠢᠰᠤᠨ ᠴᠠᠶᠢᠪᠠᠩ ᠤᠨ ᠠᠵᠤ ᠦᠢᠯᠡᠰ ᠢ ᠬᠥᠭᠵᠢᠭᠦᠯᠵᠦ᠂ ᠣᠳᠣ ᠵᠢᠷᠮᠦᠰᠦᠨ | ᠠᠳᠤᠭᠤᠨ ᠤ ᠴᠢᠰᠤᠨ ᠴᠠᠶᠢᠪᠠᠩ ᠤᠨ ᠴᠤᠭᠯᠠᠭᠤᠯᠬᠤ ᠲᠠᠯᠠᠪᠠᠢ 6 ᠪᠣᠯᠵᠤ ᠪᠠᠶᠢᠨ᠎ᠠ᠃ 2022 ᠣᠨ ᠳᠤ ᠴᠢᠰᠤ | ᠠᠪᠬᠤ ᠮᠣᠷᠢ 1.1 ᠲᠦᠮᠡᠨ ᠲᠣᠯᠣᠭᠠᠢ ᠪᠣᠯᠵᠤ᠂ ᠵᠢᠯ ᠳᠤ 220 ᠲᠣᠨ ᠴᠢᠰᠤᠨ ᠴᠠᠶᠢᠪᠠᠩ ᠤᠨ ᠲᠦᠭᠦᠬᠡᠢ | ᠮᠠᠲ᠋ᠧᠷᠢᠶᠠᠯ ᠢ ᠦᠢᠯᠡᠳᠪᠦᠷᠢᠯᠡᠨ᠎ᠡ᠃ ᠣᠳᠣᠬᠠᠨ ᠳᠤ᠂ ᠲᠦᠭᠦᠬᠡᠶ ᠮᠠᠲ᠋ᠧᠷᠢᠶᠠᠯ ᠴᠤᠭᠯᠠᠭᠤᠯᠬᠤ ᠲᠠᠯᠠᠪᠠᠶ 7 ᠪᠠᠶᠢᠵᠤ᠂ | ᠴᠢᠰᠤ ᠠᠪᠬᠤ ᠠᠳᠤᠭᠤ 6000 ᠲᠣᠯᠤᠭᠠᠢ᠂ 140 ᠲᠣᠨ ᠴᠢᠰᠤᠨ ᠴᠠᠶᠢᠪᠠᠩ ᠦᠢᠯᠡᠳᠪᠦᠷᠢᠯᠡᠨ᠎ᠡ᠃ ᠡᠭᠦᠨ ᠤ | ᠬᠠᠮᠲᠤ ᠪᠦᠬᠦ ᠬᠤᠰᠢᠭᠤᠨ ᠳᠤ ᠴᠡᠭᠡ ᠪᠣᠯᠪᠠᠰᠤᠷᠠᠭᠤᠯᠬᠤ ᠠᠵᠤ ᠠᠬᠤᠶᠢᠯᠠᠯ ᠬᠤᠶᠠᠷ ᠪᠠᠶᠢᠵᠤ᠂ ᠳᠠᠷᠬᠠᠨ ᠤ ᠴᠡᠭᠡ | 2000 ᠵᠢᠩ ᠡᠳ᠋ᠰᠢᠭᠦᠯᠦᠨ ᠪᠣᠯᠪᠠᠰᠤᠷᠠᠭᠤᠯᠵᠤ᠂ ᠮᠢᠩᠭᠠᠨᠲᠤ ᠪᠠᠯᠭᠠᠰᠤᠨ ᠤ ᠴᠡᠭᠡ 5600 ᠵᠢᠩ ᠡᠳ᠋ᠰᠢᠭᠦᠯᠦᠨ | ᠪᠣᠯᠪᠠᠰᠤᠷᠠᠭᠤᠯᠵᠤ ᠪᠤᠢ︔ ᠴᠡᠭᠡ ᠦᠢᠯᠡᠳᠪᠦᠷᠢᠯᠡᠬᠦ ᠠᠵᠤ ᠠᠬᠤᠶᠢᠯᠠᠯ 1 ᠪᠠᠶᠢᠵᠤ᠂ ᠪᠠᠷᠤᠭ 300 ᠭᠡᠭᠦᠦ᠂ | ᠵᠢᠯ ᠳᠤ ᠪᠠᠷᠤᠭ 30 ᠲᠣᠨ ᠰᠦ ᠭᠠᠷᠳᠠᠭ᠃ | ᠡᠩ ᠤᠨ ᠮᠣᠷᠢᠨ ᠤᠷᠤᠯᠳᠤᠭᠠᠨ ᠠᠴᠠ ᠮᠣᠷᠢ ᠣᠷᠣᠯᠳᠣᠬᠤ ︽ᠲᠣᠰᠬᠤᠨ ᠤ ᠬᠡᠲᠦ︾ ᠬᠤᠯᠪᠣᠭᠠᠲᠤ | ᠤᠷᠤᠯᠳᠤᠭᠠᠨ ᠬᠦᠷᠬᠦ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠠᠴᠠ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠠᠭᠤᠰᠤᠯᠴᠠᠨ ᠬᠦᠭᠵᠢᠭᠦᠯᠬᠦ ᠬᠦᠷᠲᠡᠯ᠎ᠡ᠂ ᠥᠷᠭᠡᠨ ᠠᠭᠤᠳᠠᠮ ᠲᠠᠯ᠎ᠠ ᠨᠤᠲᠤᠭ ᠬᠥᠭᠵᠢᠯᠲᠡ ᠶᠢᠨ | ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠰᠣᠶᠣᠯ ᠤᠨ ᠠᠵᠤ ᠦᠢᠯᠡᠰ ᠢᠶᠠᠷ ᠬᠤᠯᠪᠣᠭᠠᠰᠤ ᠪᠣᠯᠭᠠᠵᠤ᠂ ᠲᠠᠷᠢᠶᠠᠯᠠᠩ ᠰᠣᠶᠣᠯ ᠵᠤᠭᠠᠴᠠᠯ ᠢ | ᠠᠭᠤᠰᠤᠯᠴᠠᠭᠤᠯᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠥᠪᠥᠷ ᠮᠣᠩᠭᠤᠯ ᠤᠨ ᠪᠠᠷᠠᠭᠤᠨ ᠣᠷᠣᠨ ᠤ | ᠬᠠᠮᠤᠭ ᠤᠨ ᠶᠡᠭᠡ ᠨᠠᠭᠠᠳᠤᠮ ᠤᠨ ᠬᠤᠷᠠᠯ ᠤᠨ ᠲᠠᠯᠠᠪᠠᠢ ᠶᠢ ᠪᠠᠶᠢᠭᠤᠯᠵᠤ᠂ 1600 ᠮᠧᠲᠷ ᠤᠨ ᠪᠠᠷᠢᠮᠵᠢᠶᠠᠲᠤ | ᠮᠣᠷᠢᠨ ᠤᠷᠤᠯᠳᠤᠭᠠᠨ ᠤ ᠵᠠᠮ ᠲᠠᠢ᠂ ᠪᠠᠰᠠ ᠰᠠᠯᠬᠢ ᠵᠢᠪᠠᠷ ᠨᠡᠪᠲᠡᠷᠡᠭᠦᠯᠵᠤ ᠳᠤᠯᠠᠭᠠᠯᠠᠬᠤ ᠲᠦᠭᠦᠷᠵᠢᠭᠰᠡᠨ 800 | ᠺᠦᠸᠠᠲ ᠮᠧᠲᠷ ᠤᠨ ᠮᠣᠷᠢᠨ ᠫᠸᠡᠭ ᠪᠤᠢ︔ ᠤᠯᠠᠨ ᠵᠢᠯ ᠳᠠᠷᠠᠭᠠᠯᠠᠨ ᠰᠣᠶᠣᠯ ᠵᠢᠭᠤᠯᠴᠢᠯᠠᠯ ᠤᠨ ᠨᠠᠶᠢᠷ ᠪᠠ | ᠨᠠᠭᠠᠳᠤᠮ ᠤᠨ ᠬᠤᠷᠠᠯ ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠮᠣᠷᠢ ᠤᠷᠤᠯᠳᠤᠬᠤ ᠪᠠ ᠮᠣᠷᠢᠨ | ᠮᠡᠷᠭᠡᠵᠢᠯ ᠤᠨ ᠤᠷᠤᠯᠳᠤᠭᠠᠨ ᠢ ᠤᠯᠠᠨ ᠤᠳᠠᠭ᠎ᠠ ᠳᠠᠭᠠᠭᠠᠴᠢᠯᠠᠨ ᠡᠷᠬᠢᠯᠡᠵᠦ᠂ ᠤᠯᠠᠮᠵᠢᠯᠠᠯᠲᠤ ᠮᠣᠷᠢᠨ ᠣᠷᠣᠯᠳᠤᠭᠠᠨ | ᠨᠢ ᠨᠢᠭᠡᠨᠲᠡ ᠬᠠᠩᠭᠢᠨᠠᠮ᠎ᠠ ︽ᠨᠡᠷ᠎ᠡ ᠶᠢᠨ ᠬᠠᠭᠤᠳᠠᠰᠤ︾ ᠪᠣᠯᠤᠭᠰᠠᠨ ᠪᠠᠶᠢᠨ᠎ᠠ᠃ 2019 ᠤᠨ ᠳᠤ ᠦᠪᠡᠷᠲᠡᠭᠡᠨ | ᠵᠠᠰᠠᠬᠤ ᠤᠷᠤᠨ ᠤ ᠠᠳᠤᠭᠤᠨ ᠤ ᠡᠷᠳᠡᠮ ᠰᠢᠨᠵᠢᠯᠡᠭᠡᠨ ᠤ ᠨᠡᠶᠢᠭᠡᠮᠯᠢᠭ ᠠᠴᠠ ᠤᠯᠭᠤᠭᠰᠠᠨ ︽ᠦᠪᠦᠷ ᠮᠤᠩᠭᠤᠯ ᠤᠨ | ᠠᠳᠤᠭᠤᠨ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠮᠤᠩᠭᠤᠯ ᠮᠤᠷᠢᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ | ᠪᠠ ᠤᠷᠤᠯᠳᠤᠭᠠᠨ ᠤ ᠰᠠᠭᠤᠷᠢᠨ ᠭᠠᠵᠠᠷ︾ ︽ᠦᠪᠦᠷ ᠮᠤᠩᠭᠤᠯ ᠤᠨ ᠠᠳᠤᠭᠤᠨ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠳᠠᠷᠬᠠᠨ ᠮᠣᠣᠮᠢᠩᠭᠠᠨ ᠤ ᠬᠤᠪᠢᠶᠠᠷᠢ ᠨᠡᠶᠢᠭᠡᠮᠯᠢᠭ ᠦᠨᠮᠤᠩᠭᠤᠯ ᠮᠤᠷᠢᠨ ᠤ ᠤᠳᠤᠮᠯᠠᠯ ᠤᠨ ᠡᠭᠦᠯᠳᠡᠷ | ᠪᠤᠶᠢᠵᠢᠭᠤᠯᠬᠤ ᠪᠠ ᠤᠷᠤᠯᠳᠤᠭᠠᠨ ᠤ ᠰᠠᠭᠤᠷᠢᠨ ᠭᠠᠵᠠᠷ︾ ᠭᠡᠬᠦ ᠦᠨᠡᠮᠯᠡᠯ ᠢ ᠬᠦᠷᠲᠡᠪᠡ᠃ ︽ᠠᠳᠤᠭᠤᠨ ᠤ | ᠦᠢᠯᠡᠰ︾ ᠤᠨ ᠨᠡᠷᠡᠲᠦ ᠲᠡᠮᠳᠡᠭᠲᠦ ᠶᠢ ᠪᠤᠢ ᠪᠣᠯᠭᠠᠬᠤ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ | ᠰᠠᠶᠢᠨ ᠰᠠᠶᠢᠬᠠᠨ ᠰᠠᠭᠤᠷᠢ ᠪᠠ ᠨᠥᠬᠦᠴᠡᠯ ᠲᠠᠢ ᠶᠤᠮ ᠭᠡᠵᠦ ᠬᠡᠯᠡᠵᠦ ᠪᠣᠯᠤᠨ᠎ᠠ᠃ | ᠠ᠊ ᠳ᠋ᠤᠭᠤᠨ ᠰᠣᠶᠣᠯ ᠨᠢ ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠤ ᠲᠡᠦᠬᠡ ᠶᠢ ᠬᠤᠯᠪᠣᠵᠤ᠂ ᠪᠠᠯᠠᠷ | ᠡᠷᠲᠡᠨ ᠠᠴᠠ ᠪᠣᠯᠪᠠᠰᠤᠨ ᠳᠤ ᠬᠦᠷᠴᠦ᠂ ᠭᠡᠷᠡᠯ ᠰᠠᠴᠤᠷᠠᠩᠭᠤᠢ ᠲᠡᠦᠬᠡ ᠰᠣᠶᠣᠯ ᠢ ᠡᠭᠦᠳᠴᠡᠢ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠡᠯᠪᠡᠭ ᠪᠠᠶᠠᠯᠢᠭ ᠠᠳᠤᠭᠤᠨ ᠰᠣᠶᠣᠯ ᠨᠢ ᠤᠷᠤᠯᠳᠤᠭᠠᠨ ᠤ ᠲᠠᠯᠠᠪᠤᠷ ᠲᠤ | ᠢᠯᠡᠷᠡᠭᠰᠡᠨ ᠢᠶᠠᠷ ᠪᠠᠷᠠᠬᠤ ᠥᠬᠡᠶ᠂ ᠨᠠᠩ ᠴᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠠᠰᠤᠷᠠᠯᠲᠠ ᠥᠬᠡᠶ | ᠰᠢᠨ᠎ᠡ ᠶᠢ ᠡᠭᠦᠳᠬᠦ ᠪᠠ ᠬᠥᠭᠵᠢᠬᠦ ᠳᠤᠮᠳᠠ ᠢᠯᠡᠷᠡᠵᠦ ᠪᠠᠶᠢᠨ᠎ᠠ᠃ | ᠠᠭᠲᠠ ᠮᠣᠷᠢ ᠲᠦᠢᠪᠡᠭᠡᠨ ᠳᠣᠪᠲᠣᠯᠵᠤ᠂ ᠬᠠᠷᠪᠤᠭᠰᠠᠨ ᠨᠣᠮᠤ ᠳᠤᠤᠭᠠᠷᠴᠤ᠂ ᠮᠣᠷᠢᠨ ᠲᠤᠭᠤᠷᠠᠢ ᠶᠢᠨ | ᠠᠶᠠᠨ ᠤ ᠳᠤᠮᠳᠠ ᠨᠢᠭᠡ ᠨᠢᠭᠡ ᠪᠠᠷ ᠢᠶᠠᠨ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠲᠡᠦᠬᠡ ᠶᠢᠨ ᠦᠵᠡᠭᠳᠡᠯ | ᠢᠯᠡᠷᠡᠨ᠎ᠡ ᠁ ᠡᠨᠡ ᠪᠣᠯ ᠲᠣᠮᠣ ᠬᠡᠯᠪᠡᠷᠢ ᠶᠢᠨ ᠲᠡᠦᠬᠡ ᠶᠢᠨ ᠮᠣᠷᠢᠨ ᠮᠡᠷᠭᠡᠵᠢᠯ ᠤᠨ ᠪᠣᠳᠠᠲᠤ ᠦᠵᠡᠭᠳᠡᠯᠲᠦ | ᠵᠦᠴᠦᠭᠡ ︽ᠭᠤᠪᠢ ᠶᠢᠨ ᠡᠮᠦᠨᠡᠬᠢ ᠦᠯᠢᠭᠡᠷ ᠵᠢᠱᠢᠶ᠎ᠡ︾ ᠭᠡᠬᠦ ᠲᠣᠭᠯᠠᠯᠲᠠ ᠶᠢᠨ ᠠᠬᠤᠢ ᠲᠠᠯᠠᠪᠠᠢ ᠳᠤ᠂ ᠣᠬᠤᠷᠬᠠᠨ | 40 ᠮᠢᠨᠦ᠋ᠲ ᠤᠨ ᠬᠤᠭᠤᠴᠠᠭᠠᠨ ᠳᠤ᠂ ᠲᠣᠭᠯᠠᠭᠴᠢᠳ ᠠᠭᠲᠠ ᠮᠣᠷᠢ ᠳᠠᠪᠬᠢᠭᠤᠯᠵᠤ᠂ ᠳᠠᠶᠢᠨ ᠤ ᠲᠠᠯᠠᠪᠠᠢ ᠳᠤ | ᠳᠠᠪᠬᠢᠵᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠭᠰᠡᠨ ᠪᠠᠭᠠᠲᠤᠷᠯᠢᠭ ᠦᠵᠡᠭᠳᠡᠯ ᠢ ᠲᠠᠬᠢᠨ ᠢᠯᠡᠷᠡᠭᠦᠯᠪᠡ᠃ ᠲᠣᠮᠣ | ᠬᠡᠯᠪᠡᠷᠢ ᠶᠢᠨ ᠪᠣᠳᠠᠲᠤ ᠦᠵᠡᠭᠳᠡᠯ ᠤᠨ ᠲᠣᠭᠯᠠᠯᠲᠠ ᠨᠢ ᠵᠢᠭᠤᠯᠴᠢᠳ ᠤᠨ ᠣᠶᠢᠯᠠᠭᠠᠯᠲᠠ ᠶᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠤᠯᠠᠮ ᠠᠴᠠ ᠤᠯᠠᠮ ᠣᠯᠠᠨ ᠬᠥᠮᠦᠰ ᠲᠤ ︽ᠠᠳᠤᠭᠤᠨ ᠰᠣᠶᠣᠯ︾ | ᠤᠨ ᠥᠪᠡᠷᠮᠢᠴᠡ ᠲᠠᠲᠠᠬᠤ ᠬᠦᠴᠦᠨ ᠢ ᠣᠶᠢᠯᠠᠭᠠᠭᠤᠯᠵᠠᠢ᠃ | ᠡᠭᠦᠨ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠣᠶᠣᠯ ᠤᠨ ᠮᠣᠷᠢᠨ ᠤ ᠭᠤᠤᠯ | ᠰᠡᠳᠦᠪ ᠤᠨ ᠲᠣᠭᠤᠷᠢᠨ ᠳᠤ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠪᠡ᠄ 2015 ᠣᠨ ᠳᠤ ᠠᠳᠤᠭᠤᠨ ᠤ | ᠭᠤᠤᠯ ᠰᠡᠳᠦᠪᠲᠦ ᠨᠣᠮ ︽ᠮᠣᠷᠢᠨ ᠸᠠᠩ︾ ᠢ ᠬᠡᠪᠯᠡᠵᠦ᠂ ᠬᠡᠷᠡᠯ ᠵᠢᠷᠤᠭᠴᠢᠨ ᠸᠠᠩ ᠵᠧᠩ ᠫᠢᠩ ᠤᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠵᠣᠬᠢᠶᠠᠨ ᠪᠦᠲᠦᠭᠡᠵᠦ ᠰᠡᠭᠦᠳᠡᠷᠯᠡᠭᠰᠡᠨ ᠬᠡᠷᠡᠯ ᠵᠢᠷᠤᠭ ᠤᠨ ᠪᠦᠲᠦᠭᠡᠯ ︽ | ᠮᠣᠷᠢᠨ ᠬᠡᠯᠡᠲᠡᠨ︾ ᠫᠢᠩᠶᠣᠣ ᠶᠢᠨ ᠣᠯᠠᠨ ᠤᠯᠤᠰ ᠤᠨ ᠬᠡᠷᠡᠯ ᠵᠢᠷᠤᠭ ᠤᠨ ᠪᠠᠶᠠᠷ ᠤᠨ ᠠᠯᠲᠠᠨ ᠮᠧᠳᠠᠯ ᠢ ᠭᠥᠷᠳᠡᠪᠡ᠃ | ︽ᠠᠳᠤᠭᠤ ᠲᠠᠯ᠎ᠠ ᠨᠤᠲᠤᠭ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠭᠡᠷᠡᠯ | ᠵᠢᠷᠤᠭ ᠤᠨ ᠦᠵᠡᠰᠬᠦᠯᠡᠩ ᠢ ᠡᠷᠬᠢᠯᠡᠵᠦ᠂ ᠠᠳᠤᠭᠤᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠢᠩᠬᠢᠮ ᠢ | ᠪᠠᠶᠢᠭᠤᠯᠵᠤ᠂ ᠠᠳᠠᠯᠢ ᠪᠣᠰᠤ ᠴᠠᠭ ᠦᠶ᠎ᠡ᠂ ᠠᠳᠠᠯᠢ ᠪᠤᠰᠤ ᠭᠠᠵᠠᠷ ᠣᠷᠣᠨ ᠤ ᠡᠮᠡᠭᠡᠯ ᠢᠶᠠᠷ ᠭᠤᠣᠯ ᠪᠣᠯᠭᠠᠭᠰᠠᠨ | ᠡᠯ᠎ᠡ ᠲᠦᠷᠦᠯ ᠤᠨ ᠪᠠᠷᠠᠭ᠎ᠠ ᠶᠢ 100 ᠭᠠᠷᠤᠢ ᠳᠡᠯᠭᠡᠨ ᠦᠵᠡᠭᠦᠯᠪᠡ᠃ ᠮᠣᠷᠢᠨ ᠤ ᠭᠤᠣᠯ ᠰᠡᠳᠦᠪᠲᠦ ᠳᠠᠭᠤᠤ | ᠬᠥᠭᠵᠢᠮ ᠤᠨ ᠲᠡᠭᠦᠪᠦᠷᠢ ︽ᠲᠦᠪᠡᠷᠭᠡᠨ︾ ᠢ ᠵᠣᠬᠢᠶᠠᠨ ᠪᠦᠲᠦᠭᠡᠵᠦ᠂ ᠮᠣᠷᠢᠨ ᠤ ᠭᠤᠣᠯ ᠰᠡᠳᠦᠪᠲᠦ ᠳᠠᠭᠤᠤ | ᠬᠥᠭᠵᠢᠮ ᠤᠨ ᠴᠤᠭᠯᠠᠭᠠᠨ ᠢ ᠡᠷᠬᠢᠯᠡᠵᠦ᠂ ︽ᠠᠳᠤᠭᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ | ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠲ᠊ ᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠳᠤᠭᠤᠨ ᠦᠢᠯᠡᠰ ᠤᠨ ᠣᠳᠣᠬᠢ ᠪᠠᠶᠢᠳᠠᠯ ᠳᠤ ᠪᠠᠨ | ᠰᠠᠭᠤᠷᠢᠯᠠᠨ᠂ ᠨᠡᠩ ᠰᠠᠶᠢᠨ ᠰᠠᠶᠢᠬᠠᠨ ᠢᠷᠡᠭᠡᠳᠦᠢ ᠶᠢ ᠪᠠᠷᠠᠯᠠᠵᠤ᠂ ᠲᠠᠯ᠎ᠠ ᠨᠤᠲᠤᠭ ᠤᠨ ᠢᠷᠠᠭᠤ ᠠᠯᠳᠠᠷ ᠠᠴᠠ | ᠮᠣᠷᠢᠨ ᠮᠡᠷᠭᠡᠵᠢᠯ ᠤᠨ ᠤᠷᠤᠯᠳᠤᠭᠠᠨ ᠤ ᠬᠤᠷᠴᠠ ᠰᠢᠷᠦᠭᠦᠨ ᠰᠢᠢᠳᠪᠦᠷᠢ ᠬᠦᠷᠲᠡᠯ᠎ᠡ᠂ ᠤᠯᠠᠮᠵᠢᠯᠠᠯᠲᠤ ᠮᠣᠷᠢᠨ | ᠡᠭᠦᠯᠳᠡᠷ ᠢ ᠬᠠᠮᠠᠭᠠᠯᠠᠬᠤ ᠠᠴᠠ ᠣᠳᠣ ᠦᠶ᠎ᠡ ᠶᠢᠨ ᠠᠳᠤᠭᠤᠨ ᠦᠢᠯᠡᠰ ᠤᠨ ᠰᠢᠨ᠎ᠡ ᠶᠢ ᠡᠭᠦᠳᠬᠦ ᠬᠦᠷᠲᠡᠯ᠎ᠡ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠷᠲᠡᠨ ᠤ ᠪᠠ ᠣᠳᠣ ᠦᠶ᠎ᠡ ᠶᠢᠨ ᠬᠤᠭᠤᠷᠣᠨᠳᠣ ᠮᠣᠷᠢᠨ | ᠮᠡᠷᠭᠡᠵᠢᠯ ᠤᠨ ᠬᠥᠭᠦᠷᠭᠡ ᠪᠣᠰᠬᠠᠬᠤ ᠶᠢ ᠬᠠᠶᠢᠨ ᠰᠦᠪᠡᠭᠴᠢᠯᠡᠪᠡ᠃ ᠢᠷᠡᠭᠡᠳᠦᠢ ᠳᠤ᠂ ᠮᠣᠷᠢᠨ | ᠲᠤᠭᠤᠷᠠᠢ ᠨᠠᠭᠠᠳᠤᠮ ᠤᠨ ᠬᠤᠷᠠᠯ ᠤᠨ ᠮᠣᠷᠢᠨ ᠮᠡᠷᠭᠡᠵᠢᠯ ᠤᠨ ᠤᠷᠤᠯᠳᠤᠭᠠᠨ ᠤ ᠲᠠᠯᠠᠪᠤᠷ ᠲᠤ ᠳᠡᠭᠳᠡᠬᠦ ᠲᠣᠭᠤᠰᠣ ᠶᠢ | ᠲᠠᠰᠤᠷᠠᠯᠲᠠ ᠦᠭᠡᠢ ᠬᠤᠷᠦ᠋ᠢᠯᠠᠵᠤ᠂ ᠥᠷᠨᠢᠨ ᠬᠥᠭᠵᠢᠵᠦ ᠪᠠᠶᠢᠭ᠎ᠠ ᠮᠣᠷᠢᠨ ᠮᠡᠷᠭᠡᠵᠢᠯ ᠤᠨ ᠤᠷᠤᠯᠳᠤᠭᠠᠨ ᠳᠤ | ᠮᠣᠩᠭᠤᠯ ᠮᠣᠷᠢᠨ ᠤ ᠪᠠᠯᠠᠷᠠᠰᠢ ᠦᠭᠡᠢ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠰᠤᠳᠠᠰᠤ ᠶᠢ ᠲᠠᠰᠤᠷᠠᠯᠲᠠ ᠦᠭᠡᠢ ᠲᠣᠳᠣᠷᠬᠠᠢ ᠪᠣᠯᠤᠨ᠎ᠠ ᠁ | ︵ᠬᠡᠰᠡᠭ ᠠᠭᠤᠯᠭ᠎ᠠ ᠶᠢ ︽ᠵᠤᠭ᠎ᠠ ᠴᠡᠩᠭᠡᠯ ᠪᠡᠶ᠎ᠡ ᠶᠢᠨ ᠲᠠᠮᠢᠷ · ᠮᠣᠷᠢᠨ ᠮᠡᠷᠭᠡᠵᠢᠯ︾ ᠤᠨ 8 ᠳ᠋ᠤᠭᠠᠷ ᠰᠠᠷ᠎ᠠ ᠠᠴᠠ | ᠡᠮᠬᠢᠯᠡᠪᠡ︶ |