ᠲᠠ ᠰᠥᠨᠢ ᠳᠤᠮᠳᠠ ᠲᠦᠷ ᠴᠠᠭ ᠡᠮ ᠬᠡᠷᠡᠭᠯᠡᠬᠦ ᠥᠩᠭᠡᠷᠡᠯᠲᠡ ᠲᠠᠢ ᠦᠦ︖ ᠡᠮ ᠤᠨ ᠳᠡᠯᠭᠡᠭᠦᠷ | ᠡᠭᠦᠳᠡ ᠪᠠᠨ ᠬᠠᠭᠠᠭᠰᠠᠨ ᠦᠶ᠎ᠡ ᠳᠤ᠂ ᠰᠠᠭᠤᠭᠠᠯᠢ ᠠᠷᠠᠳ ᠤᠨ ᠪᠠᠶᠢᠩᠭᠤ ᠬᠡᠷᠡᠭᠯᠡᠬᠦ ᠡᠮ ᠤᠨ ᠬᠡᠷᠡᠭᠴᠡᠭᠡ ᠶᠢ ᠬᠡᠷᠬᠢᠨ | ᠬᠠᠩᠭᠠᠬᠤ ᠪᠣᠶ︖ ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠰᠥᠨᠢ ᠳᠤᠮᠳᠠ ᠡᠮ ᠬᠤᠳᠠᠯᠳᠤᠨ | ᠠᠪᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 24 ᠴᠠᠭ ᠤᠨ ᠠᠷᠠᠳ ᠲᠤ ᠳᠥᠭᠦᠮ ᠦᠵᠡᠭᠦᠯᠬᠦ ᠡᠮ | ᠬᠤᠳᠠᠯᠳᠤᠬᠤ ᠬᠡᠪ ᠵᠠᠭᠪᠤᠷ ᠢ ᠡᠬᠢᠯᠡᠭᠦᠯᠵᠦ᠂ ᠣᠳᠣᠬᠠᠨ ᠳᠤ ᠨᠢᠭᠡᠨᠲᠡ 24 ᠴᠠᠭ ᠤᠨ ᠠᠷᠠᠳ ᠲᠤ ᠳᠥᠭᠦᠮ | ᠦᠵᠡᠭᠦᠯᠬᠦ ᠥᠪᠡᠰᠦᠪᠡᠨ ᠡᠮ ᠬᠤᠳᠠᠯᠳᠤᠵᠤ ᠠᠪᠬᠤ ᠮᠠᠰᠢᠨ ᠢ 2 ᠰᠠᠭᠤᠷᠢ ᠤᠭᠰᠠᠷᠠᠵᠤ᠂ 24 ᠴᠠᠭ ᠤᠨ | ᠠᠷᠠᠳ ᠲᠤ ᠳᠥᠭᠦᠮ ᠦᠵᠡᠭᠦᠯᠬᠦ ᠡᠮ ᠤᠨ ᠳᠡᠯᠭᠡᠭᠦᠷ ᠢ 4 ᠨᠡᠬᠡᠭᠡᠪᠡ᠃ | ᠲᠦᠷᠦᠭᠦᠬᠡᠨ᠂ ᠰᠤᠷᠪᠤᠯᠵᠢᠯᠠᠭᠴᠢ ᠦᠬᠡᠷ ᠬᠤᠳᠳᠤᠭ ᠪᠠᠯᠭᠠᠰᠤᠨ ᠤ ᠤᠯᠠᠭᠠᠨ ᠬᠤᠳᠳᠤᠭ ᠲᠣᠰᠬᠤᠨ ᠤ | 24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ ᠲᠤ ᠣᠷᠣᠬᠤ ᠳᠤ᠂ ᠪᠠᠷᠠᠭᠠᠨ ᠤ ᠲᠠᠯᠪᠢᠭᠤᠷ | ᠳᠡᠭᠡᠷᠡᠬᠢ ᠡᠮ ᠤᠨ ᠵᠦᠢᠯ ᠲᠠᠷᠢ ᠲᠡᠭᠰᠢ᠂ ᠲᠥᠷᠥᠯ ᠵᠦᠢᠯ ᠨᠢ ᠪᠦᠷᠢᠨ ᠭᠦᠢᠴᠡᠳ ᠪᠠᠶᠢᠵᠤ᠂ ᠳᠡᠯᠭᠡᠭᠦᠷ ᠤᠨ | ᠠᠵᠢᠯᠲᠠᠳ ᠡᠮ ᠠᠪᠬᠤ ᠪᠠᠷ ᠢᠷᠡᠭᠰᠡᠨ ᠲᠣᠰᠬᠤᠨ ᠤ ᠠᠷᠠᠳ ᠲᠤ ᠡᠮ ᠬᠡᠷᠡᠭᠯᠡᠬᠦ ᠵᠢᠯᠣᠭᠤᠳᠣᠯᠭ᠎ᠠ ᠬᠠᠩᠭᠠᠵᠤ | ᠪᠠᠶᠢᠪᠠ᠃ 24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ ᠢ ᠳᠤᠷᠠᠳᠬᠤ ᠳᠤ᠂ ᠤᠯᠠᠭᠠᠨ | ᠬᠤᠳᠳᠤᠭ ᠲᠣᠰᠬᠤᠨ ᠤ ᠠᠷᠠᠳ ᠳ᠋ᠦ᠋ ᠶᠦᠩ ᠮᠧᠶ ᠪᠠᠶᠠᠷᠲᠠᠶ ᠪᠠᠷ᠄ ︽ᠡᠮ ᠤᠨ ᠳᠡᠯᠭᠡᠭᠦᠷ 24 ᠴᠠᠭ ᠤᠨ | ᠦᠢᠯᠡᠴᠢᠯᠡᠭᠡ ᠦᠷᠨᠢᠭᠦᠯᠦᠭᠰᠡᠨ ᠨᠢ᠂ ᠮᠠᠨ ᠤ ᠲᠣᠰᠬᠤᠨ ᠤ ᠠᠷᠠᠳ ᠲᠤ ᠠᠪᠴᠤ ᠬᠡᠯᠡᠪᠡᠯ ᠮᠠᠰᠢ ᠶᠡᠭᠡ ᠠᠰᠢᠭ | ᠬᠦᠷᠲᠡᠵᠡᠢ᠂ ᠬᠡᠵᠢᠶ᠎ᠡ ᠬᠠᠮᠢᠭ᠎ᠠ ᠴᠤ ᠭᠡᠰᠡᠨ ᠡᠭᠦᠳᠡ ᠲᠣᠭᠰᠢᠮᠠᠭᠴᠠ ᠡᠮ ᠬᠤᠳᠠᠯᠳᠤᠨ ᠠᠪᠴᠤ ᠪᠣᠯᠤᠨ᠎ᠠ᠂ ᠮᠠᠰᠢ | ᠲᠦᠭᠦᠮ ᠲᠦᠳᠡ︾ ᠭᠡᠵᠦ ᠬᠡᠯᠡᠪᠡ᠃ | ᠮᠧᠩ ᠳ᠋ᠠ ᠬᠡᠲᠦ ᠳᠡᠯᠭᠡᠭᠦᠷ ᠤᠨ ᠪᠠᠲᠤᠬᠠᠭᠠᠯᠭ᠎ᠠ ᠶᠠᠪᠠᠭᠠᠨ ᠵᠡᠭᠡᠯᠢ ᠶᠢᠨ ᠡᠭᠦᠳᠡᠨ ᠳᠡᠭᠡᠷ᠎ᠡ 24 ᠴᠠᠭ ᠤᠨ | ᠠᠷᠠᠳ ᠲᠤ ᠳᠥᠭᠦᠮ ᠦᠵᠡᠭᠦᠯᠬᠦ ᠥᠪᠡᠰᠦᠪᠡᠨ ᠡᠮ ᠬᠤᠳᠠᠯᠳᠤᠵᠤ ᠠᠪᠬᠤ ᠮᠠᠰᠢᠨ ᠢ ᠲᠠᠯᠪᠢᠵᠤ ᠪᠤᠢ᠃ | ᠪᠠᠲᠤᠬᠠᠭᠠᠯᠭ᠎ᠠ ᠪᠠᠯᠭᠠᠰᠤᠨ ᠤ ᠠᠶᠢᠪᠠᠭ᠎ᠠ ᠵᠡᠭᠡᠯᠢ ᠶᠢᠨ ᠨᠡᠢᠭᠡᠮ ᠲᠣᠭᠤᠷᠢᠭ ᠤᠨ ᠰᠠᠭᠤᠭᠠᠯᠢ ᠠᠷᠠᠳ ᠭᠤᠸᠠᠩ ᠷᠦᠩ | ᠶᠠᠭ ᠥᠪᠡᠷ ᠢᠶᠠᠨ ᠡᠮ ᠬᠤᠳᠠᠯᠳᠤᠨ ᠠᠪᠴᠤ ᠪᠠᠶᠢᠨ᠎ᠠ᠂ ᠡᠮ ᠰᠣᠩᠭᠤᠬᠤ ᠠᠴᠠ ᠺᠣᠳ᠋ ᠰᠢᠷᠪᠢᠵᠦ ᠵᠣᠭᠤᠰ | ᠲᠤᠰᠢᠶᠠᠬᠤ ᠪᠣᠯᠲᠠᠯ᠎ᠠ ᠬᠡᠳᠦᠨ ᠠᠷᠪᠠᠨ ᠰᠧᠺᠦ᠋ᠨ᠋ᠳ᠋ ᠳᠣᠲᠣᠷ᠎ᠠ ᠬᠡᠷᠡᠭᠴᠡᠭᠡ ᠲᠠᠢ ᠡᠮ ᠤᠨ ᠵᠦᠢᠯᠡᠰ ᠢᠶᠠᠨ ᠬᠤᠳᠠᠯᠳᠤᠨ | ᠠᠪᠴᠤ ᠳᠡᠶᠢᠯᠦᠨ᠎ᠡ᠃ ︽ᠮᠢᠨᠤ ᠦᠵᠡᠬᠦ ᠪᠠᠷ 24 ᠴᠠᠭ ᠤᠨ ᠡᠮ ᠬᠤᠳᠠᠯᠳᠤᠬᠤ ᠮᠠᠰᠢᠨ ᠠᠵᠢᠯᠯᠠᠭᠰᠠᠨ ᠤ ᠳᠠᠷᠠᠭ᠎ᠠ | ᠂ ᠡᠭᠡᠯ ᠠᠷᠠᠳ ᠲᠤ ᠠᠪᠴᠤ ᠬᠡᠯᠡᠪᠡᠯ ᠮᠠᠰᠢ ᠰᠠᠶᠢᠨ᠂ ᠮᠠᠰᠢ ᠬᠡᠷᠡᠭᠴᠡᠭᠡ ᠲᠠᠢ᠂ ᠣᠳᠣ ᠭᠡᠷ ᠲᠤ ᠪᠠᠨ ᠪᠦᠷ | ᠨᠠᠰᠤᠲᠠᠨ ᠲᠠᠢ ᠬᠡᠦᠬᠡᠳ ᠲᠠᠢ᠂ ᠵᠠᠷᠢᠮ ᠦᠶ᠎ᠡ ᠳᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠤᠶᠤ ᠣᠷᠣᠢ ᠰᠥᠨᠢ | ᠪᠠᠴᠢᠮ ᠡᠮ ᠬᠡᠷᠡᠭᠯᠡᠵᠦ ᠳᠤ᠂ ᠡᠮ ᠤᠨ ᠳᠡᠯᠭᠡᠭᠦᠷ ᠡᠭᠦᠳᠡ ᠪᠠᠨ ᠨᠡᠭᠡᠭᠡᠬᠦ ᠦᠭᠡᠢ ᠦᠶ᠎ᠡ ᠳᠤ ᠡᠨᠡ ᠬᠦ ᠥᠪᠡᠰᠦᠪᠡᠨ | ᠡᠮ ᠬᠤᠳᠠᠯᠳᠤᠵᠤ ᠠᠪᠬᠤ ᠮᠠᠰᠢᠨ ᠮᠠᠰᠢ ᠳᠥᠭᠦᠮ ᠪᠠᠶᠢᠳᠠᠭ᠃ ᠥᠩᠭᠡᠷᠡᠭᠰᠡᠨ ᠳᠤ ᠭᠡᠷ ᠲᠤ ᠪᠠᠨ ᠨᠢᠭᠡ ᠪᠦᠯᠦᠭ | ᠪᠠᠶᠢᠩᠭᠤ ᠬᠡᠷᠡᠭᠯᠡᠬᠦ ᠡᠮ ᠢ ᠬᠠᠳᠠᠭᠠᠯᠠᠵᠤ ᠲᠠᠯᠪᠢᠪᠠᠯ᠂ ᠵᠠᠷᠢᠮ ᠨᠢ ᠬᠤᠭᠤᠴᠠᠭ᠎ᠠ ᠦᠩᠭᠡᠷᠡᠴᠢᠬᠡᠨᠡ᠂ ᠣᠲᠣ 24 | ᠴᠠᠭ ᠤᠨ ᠠᠷᠠᠳ ᠲᠤ ᠳᠥᠭᠦᠮ ᠦᠵᠡᠭᠦᠯᠬᠦ ᠥᠪᠡᠰᠦᠪᠡᠨ ᠡᠮ ᠬᠤᠳᠠᠯᠳᠤᠵᠤ ᠠᠪᠬᠤ ᠮᠠᠰᠢᠨ ᠲᠠᠢ ᠪᠣᠯᠵᠣ᠂ | ᠬᠡᠵᠢᠶ᠎ᠡ ᠬᠤᠳᠠᠯᠳᠤᠨ ᠠᠪᠬᠤ ᠴᠢᠬᠤᠯᠠᠲᠠᠶ ᠪᠣᠯ ᠬᠡᠵᠢᠶ᠎ᠡ ᠠᠪᠴᠤ ᠪᠣᠯᠤᠨ᠎ᠠ᠂ ᠮᠠᠰᠢ ᠲᠥᠬᠦᠮ ᠪᠣᠯᠵᠠᠢ︾ ᠭᠡᠵᠦ 24 | ᠴᠠᠭ ᠤᠨ ᠠᠷᠠᠳ ᠲᠤ ᠳᠥᠭᠦᠮ ᠦᠵᠡᠭᠦᠯᠬᠦ ᠥᠪᠡᠰᠦᠪᠡᠨ ᠡᠮ ᠬᠤᠳᠠᠯᠳᠤᠵᠤ ᠠᠪᠬᠤ ᠮᠠᠰᠢᠨ ᠤ ᠳᠦᠭᠦᠮ ᠢ | ᠬᠦᠷᠲᠡᠭᠰᠡᠨ ᠭᠤᠸᠠᠩ ᠷᠦᠩ ᠮᠠᠰᠢ ᠬᠠᠨᠤᠮᠵᠢᠲᠠᠢ ᠬᠡᠯᠡᠪᠡ᠃ | 24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠬᠤᠳᠠᠯᠳᠤᠬᠤ ᠠᠵᠢᠯ ᠪᠣᠯ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠮᠥᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠡᠮᠦᠨᠡᠬᠢ ᠬᠤᠭᠤᠴᠠᠭᠠᠨ ᠤ ᠨᠠᠷᠢᠨ ᠨᠢᠭᠲᠠ ᠪᠠᠶᠢᠴᠠᠭᠠᠨ ᠰᠤᠳᠤᠯᠤᠯᠲᠠ ᠪᠠᠷ | ᠳᠡᠮᠵᠢᠨ᠂ ᠬᠥᠮᠦᠨ ᠠᠮᠠ ᠶᠢᠨ ᠨᠢᠭᠲᠠᠴᠠ᠂ ᠡᠮᠴᠢᠯᠡᠭᠡᠨ ᠤ ᠡᠬᠢ ᠪᠠᠶᠠᠯᠢᠭ ᠤᠨ ᠲᠠᠷᠬᠠᠯᠲᠠ᠂ ᠨᠡᠶᠢᠭᠡᠮ ᠤᠨ | ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠥᠪᠡᠰᠦᠪᠡᠨ ᠡᠮ ᠬᠤᠳᠠᠯᠳᠤᠵᠤ ᠠᠪᠬᠤ | ᠮᠠᠰᠢᠨ ᠪᠠ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ ᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ | ᠣᠳᠣᠬᠠᠨ ᠳᠤ ᠨᠢᠭᠡᠨᠲᠡ ᠠᠷᠠᠳ ᠲᠤ ᠳᠥᠭᠦᠮ ᠦᠵᠡᠭᠦᠯᠬᠦ ᠥᠪᠡᠰᠦᠪᠡᠨ ᠡᠮ ᠬᠤᠳᠠᠯᠳᠤᠵᠤ ᠠᠪᠬᠤ ᠮᠠᠰᠢᠨ ᠢ 2 | ᠰᠠᠭᠤᠷᠢ ᠤᠭᠰᠠᠷᠠᠵᠤ᠂ 24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ ᠢ 4 ᠨᠡᠭᠡᠭᠡᠵᠦ᠂ | ᠰᠠᠭᠤᠭᠠᠯᠢ ᠠᠷᠠᠳ ᠤᠨ ᠰᠥᠨᠢ ᠪᠠᠷ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠲᠥᠬᠦᠮ ᠦᠵᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠡᠮ ᠬᠢᠮᠢ ᠶᠢᠨ ᠠᠯᠪᠠᠨ ᠭᠡᠷ ᠤᠨ ᠹᠠᠨ ᠵᠣᠣ ᠱᠢᠨ᠂ ᠥᠪᠡᠷ ᠢᠶᠠᠨ ᠡᠮ ᠬᠤᠳᠠᠯᠳᠤᠵᠤ ᠠᠪᠬᠤ | ᠮᠠᠰᠢᠨ ᠤ ᠬᠤᠳᠠᠯᠳᠤᠵᠤ ᠪᠠᠶᠢᠭ᠎ᠠ ᠡᠮ ᠤᠨ ᠵᠦᠢᠯ ᠤᠨ ᠦᠨ᠎ᠡ ᠬᠠᠩᠰᠢ ᠨᠢ ᠪᠣᠳᠠᠲᠤ ᠴᠣᠭᠴᠠ ᠶᠢᠨ ᠳᠡᠯᠭᠡᠭᠦᠷ ᠤᠨ | ᠬᠢ ᠲᠠᠢ ᠠᠳᠠᠯᠢ᠂ ᠰᠠᠭᠤᠭᠠᠯᠢ ᠠᠷᠠᠳ ᠤᠨ ᠳᠥᠭᠦᠮ ᠲᠦᠳᠡ ᠪᠠᠢᠬᠤ ᠶᠢ ᠪᠠᠲᠤᠯᠠᠬᠤ ᠶᠢᠨ ᠬᠠᠮᠲᠤ᠂ ᠠᠵᠤ | ᠠᠬᠤᠢ ᠶᠢᠨ ᠢᠯᠡᠭᠦᠴᠡ ᠳᠠᠷᠤᠭᠠᠰᠤ ᠶᠢ ᠨᠡᠮᠡᠭᠳᠡᠭᠦᠯᠬᠦ ᠦᠭᠡᠢ᠃ ︽ᠡᠮ ᠬᠡᠷᠡᠭᠯᠡᠬᠦ ᠠᠮᠤᠷ ᠲᠦᠪᠰᠢᠨ ᠤ | ᠠᠰᠠᠭᠤᠳᠠᠯ ᠢ ᠪᠣᠳᠣᠯᠬᠢᠯᠠᠭᠠᠳ᠂ 24 ᠴᠠᠭ ᠤᠨ ᠠᠷᠠᠳ ᠲᠤ ᠲᠥᠬᠦᠮ ᠦᠵᠡᠭᠦᠯᠬᠦ ᠥᠪᠡᠰᠦᠪᠡᠨ ᠡᠮ | ᠬᠤᠳᠠᠯᠳᠤᠵᠤ ᠠᠪᠬᠤ ᠮᠠᠰᠢᠨ ᠣᠳᠣᠬᠠᠨ ᠳᠤ ᠵᠥᠪᠬᠡᠨ ᠬᠥᠬᠡᠭᠴᠢᠨ ᠲᠥᠷᠥᠯ ᠤᠨ ᠵᠤᠷ ᠤᠨ ᠪᠤᠰᠤ ᠡᠮ ᠢ | ᠬᠤᠳᠠᠯᠳᠤᠵᠤ ᠪᠠᠶᠢᠭ᠎ᠠ ᠪᠥᠭᠡᠳ ᠬᠤᠳᠠᠯᠳᠤᠭᠠᠴᠢᠨ ᠤᠳᠠᠭ᠎ᠠ ᠪᠦᠷᠢ ᠪᠠᠷᠠᠭ᠎ᠠ ᠨᠥᠬᠦᠪᠥᠷᠢᠯᠡᠬᠦ ᠠᠴᠠ ᠡᠮᠦᠨ᠎ᠡ᠂ ᠪᠢᠳᠡ | ᠴᠥᠮ ᠡᠮ ᠤᠨ ᠵᠦᠢᠯ ᠤᠨ ᠶᠠᠰᠤ ᠴᠢᠨᠠᠷ ᠤᠨ ᠪᠠᠶᠢᠴᠠᠭᠠᠯᠲᠠ ᠬᠢᠨ᠎ᠡ᠂ ᠡᠭᠦᠨ ᠳᠤ ᠬᠦᠴᠦᠨ ᠲᠠᠢ ᠬᠤᠭᠤᠴᠠᠭ᠎ᠠ ᠶᠢ | ᠬᠠᠷᠭᠤᠭᠤᠯᠤᠨ ᠪᠠᠶᠢᠴᠠᠭᠠᠬᠤ᠂ ᠪᠣᠭᠤᠳᠠᠯ ᠪᠠᠭᠯᠠᠭ᠎ᠠ ᠶᠢᠨ ᠪᠦᠷᠢᠨ ᠪᠦᠲᠦᠨ ᠴᠢᠨᠠᠷᠲᠠᠶ ᠪᠠᠶᠢᠴᠠᠭᠠᠯᠲᠠ ᠶᠢ | ᠪᠠᠭᠲᠠᠭᠠᠨ᠎ᠠ᠃ ᠪᠢᠳᠡ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠡᠮ ᠬᠤᠳᠠᠯᠳᠤᠬᠤ ᠮᠠᠰᠢᠨ ᠢ ᠬᠢᠨᠠᠨ ᠰᠢᠯᠭᠠᠵᠤ᠂ | ᠡᠮ ᠬᠤᠳᠠᠯᠳᠤᠬᠤ ᠮᠠᠰᠢᠨ ᠤ ᠳᠤᠯᠠᠭᠠᠨ ᠴᠢᠭᠢᠭ ᠤᠨ ᠬᠡᠮᠵᠢᠶ᠎ᠡ ᠨᠢ ᠡᠮ ᠤᠨ ᠵᠦᠢᠯ ᠢ ᠬᠠᠳᠠᠭᠠᠯᠠᠬᠤ | ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ︾ ᠭᠡᠵᠦ ᠲᠠᠨᠢᠯᠴᠠᠭᠤᠯᠪᠠ᠃ ᠡᠮ ᠬᠤᠳᠠᠯᠳᠤᠬᠤ ᠮᠠᠰᠢᠨ ᠤ | ᠬᠠᠵᠠᠭᠤ ᠳᠤ ᠡᠮ ᠬᠡᠷᠡᠭᠯᠡᠬᠦ ᠠᠰᠠᠭᠤᠨ ᠯᠠᠪᠯᠠᠬᠤ ᠤᠲᠠᠰᠤ ᠲᠠᠢ ᠪᠠᠶᠢᠵᠤ᠂ ᠰᠠᠭᠤᠭᠠᠯᠢ ᠠᠷᠠᠳ ᠡᠮ ᠬᠤᠳᠠᠯᠳᠤᠨ | ᠠᠪᠬᠤ ᠳᠠᠭᠠᠨ ᠡᠮ ᠬᠡᠷᠡᠭᠯᠡᠬᠦ᠂ ᠮᠠᠰᠢᠨ ᠬᠡᠷᠡᠭᠯᠡᠬᠦ ᠵᠡᠷᠭᠡ ᠠᠰᠠᠭᠤᠳᠠᠯ ᠲᠤᠯᠭᠠᠷᠠᠪᠠᠯ ᠤᠲᠠᠰᠤ ᠪᠠᠷ ᠠᠰᠠᠭᠤᠨ ᠯᠠᠪᠯᠠᠵᠤ | ᠪᠣᠯᠤᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠳᠡᠮ ᠪᠦᠷᠬᠦᠭᠰᠡᠨ | ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ︽ᠠᠮᠤᠷ ᠲᠦᠪᠰᠢᠨ᠂ ᠵᠢᠷᠤᠮᠵᠢᠯ ᠲᠠᠢ᠂ | ᠣᠷᠳᠣ ᠬᠤᠭᠤᠴᠠᠭᠠᠨ ᠤ ᠪᠦᠲᠦᠮᠵᠢᠲᠡᠶ︾ ᠪᠠᠶᠢᠬᠤ ᠪᠠᠷ ᠵᠠᠷᠴᠢᠮ ᠪᠣᠯᠭᠠᠵᠤ᠂ ︽24 ᠴᠠᠭ ᠤᠨ ᠠᠷᠠᠳ ᠲᠤ | ᠲᠥᠬᠦᠮ ᠦᠵᠡᠭᠦᠯᠬᠦ ᠡᠮ ᠤᠨ ᠳᠡᠯᠭᠡᠭᠦᠷ︾ ︽24 ᠴᠠᠭ ᠤᠨ ᠠᠷᠠᠳ ᠲᠤ ᠲᠥᠬᠦᠮ ᠦᠵᠡᠭᠦᠯᠬᠦ ᠥᠪᠡᠰᠦᠪᠡᠨ | ᠬᠤᠳᠠᠯᠳᠤᠵᠤ ᠠᠪᠬᠤ ᠡᠮ ᠤᠨ ᠮᠠᠰᠢᠨ︾ ᠢ ᠰᠢᠮᠳᠠᠭᠤᠯᠤᠨ ᠬᠠᠤᠯᠢ ᠶᠣᠰᠣᠭᠠᠷ ᠵᠢᠷᠤᠮᠵᠢᠭᠤᠯᠤᠨ ᠠᠵᠢᠯᠯᠠᠭᠤᠯᠵᠤ᠂ | ᠬᠡᠷᠡᠭᠯᠡᠭᠴᠢᠳ ᠲᠤ ᠨᠠᠩ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠡᠮ ᠬᠡᠷᠡᠭᠯᠡᠬᠦ | ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |