︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠵᠢᠯ ᠪᠦᠷᠢ ᠡᠷᠳᠡ ᠬᠦᠢᠳᠡᠷᠡᠵᠦ᠂ ᠪᠢᠳᠠ ᠠᠭᠠᠷ ᠲᠡᠭᠷᠢ | ᠬᠦᠢᠳᠡᠷᠡᠬᠦ ᠠᠴᠠ ᠡᠮᠦᠨ᠎ᠡ ᠲᠥᠷᠥᠯ ᠵᠦᠢᠯ ᠤᠨ ᠠᠵᠢᠯ ᠳᠠᠭᠤᠰᠬᠤ ᠶᠢ ᠪᠠᠲᠤᠯᠠᠬᠤ ᠪᠠᠷ ᠴᠢᠷᠮᠠᠶᠢᠵᠤ᠂ ᠣᠳᠣᠬᠠᠨ ᠳᠤ | ᠪᠠᠷᠢᠯᠭ᠎ᠠ ᠨᠢᠭᠡᠨᠲᠡ ᠰᠢᠪᠲᠤᠷᠭᠠᠨ ᠳᠠᠭᠠᠨ ᠣᠷᠤᠪᠠ︾ ᠃ 10 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠤᠯᠬᠤ ᠬᠤᠳᠠᠯᠠ ᠨᠡᠶᠢᠯᠡᠬᠦᠯᠦᠭᠴᠢ | ᠰᠦᠮ᠎ᠡ ᠶᠢᠨ ᠭᠠᠯ ᠤᠨᠲᠠᠷᠠᠭᠠᠬᠤ ᠢᠨᠵᠧᠨᠧᠷᠢᠩ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠬᠡᠳᠦᠨ | ᠠᠵᠢᠯᠴᠢᠨ ᠶᠠᠭ ᠪᠠᠷᠠᠭᠤᠨ ᠬᠦᠷᠢᠶᠡᠨ ᠳᠤ ᠵᠠᠮ ᠤᠨ ᠭᠠᠳᠠᠷᠭᠤ ᠶᠢ ᠡᠭᠡᠭᠦᠯᠦᠨ ᠲᠡᠪᠢᠰᠬᠦ ᠵᠢᠴᠢ ᠱᠠᠯᠠ ᠶᠢᠨ | ᠲᠣᠭᠤᠰᠬ᠎ᠠ ᠳᠡᠪᠢᠰᠬᠦ ᠵᠡᠷᠭᠡ ᠠᠵᠢᠯ ᠢ ᠬᠢᠵᠦ ᠪᠠᠶᠢᠪᠠ᠃ ᠭᠠᠯ ᠤᠨᠲᠠᠷᠠᠭᠠᠬᠤ ᠤᠰᠤ ᠬᠠᠩᠭᠠᠬᠤ᠂ ᠭᠠᠯ | ᠰᠡᠷᠭᠡᠶᠢᠯᠡᠵᠦ ᠭᠠᠯ ᠤᠨᠲᠠᠷᠠᠭᠠᠬᠤ᠂ ᠭᠠᠯ ᠤᠨ ᠠᠶᠤᠯ ᠤᠨ ᠲᠦᠭᠰᠢᠭᠦᠷᠢ ᠮᠡᠳᠡᠭᠦᠯᠬᠦ᠂ ᠭᠠᠯ ᠤᠨᠲᠠᠷᠠᠭᠠᠬᠤ ᠴᠠᠬᠢᠯᠭᠠᠨ | ᠲᠦᠭᠡᠭᠡᠬᠦ ᠵᠡᠷᠭᠡ ᠭᠤᠣᠯ ᠴᠣᠭᠴᠠ ᠶᠢᠨ ᠪᠠᠷᠢᠯᠭ᠎ᠠ ᠦᠨᠳᠦᠰᠦᠨ ᠳᠡᠭᠡᠨ ᠳᠠᠭᠤᠰᠴᠤ᠂ ᠭᠠᠯ ᠤᠨᠲᠠᠷᠠᠭᠠᠬᠤ | ᠤᠶᠤᠨᠴᠢᠯᠠᠭᠰᠠᠨ ᠡᠵᠡᠮᠰᠢᠯ ᠤᠨ ᠲᠠᠰᠤᠭ ᠢ ᠴᠦ ᠤᠳᠠᠯ ᠦᠭᠡᠢ ᠠᠰᠢᠭᠯᠠᠯᠲᠠ ᠳᠤ ᠣᠷᠣᠭᠤᠯᠵᠤ᠂ ᠪᠦᠬᠦᠯᠢ | ᠴᠣᠭᠴᠠ ᠶᠢᠨ ᠢᠨᠵᠧᠨᠧᠷᠢᠩ ᠨᠢ 11 ᠰᠠᠷ᠎ᠠ ᠶᠢᠨ 5 ᠤ ᠡᠳᠦᠷ ᠪᠠᠷᠢᠯᠭ᠎ᠠ ᠳᠠᠭᠤᠰᠴᠤ ᠰᠢᠯᠭᠠᠨ ᠪᠠᠶᠢᠴᠠᠭᠠᠯᠳᠠ ᠶᠢ | ᠬᠦᠯᠢᠶᠡᠪᠡ ᠃ | ᠬᠤᠳᠠᠯᠠ ᠨᠡᠶᠢᠯᠡᠬᠦᠯᠦᠭᠴᠢ ᠰᠦᠮ᠎ᠡ ᠶᠢ ᠪᠠᠰᠠ ᠰᠢᠷᠠᠮᠦ᠋ᠷᠡᠨ ᠵᠤᠤ ᠭᠡᠳᠡᠭ᠂ ᠰᠢᠷᠡᠮᠦ᠋ᠷᠡᠨ ᠪᠠᠯᠭᠠᠰᠤᠨ ᠳᠤ | ᠪᠠᠶᠢᠷᠢᠯᠠᠵᠤ᠂ ᠬᠥᠬᠡᠬᠤᠲᠠ ᠶᠢᠨ ᠰᠢᠷᠡᠭᠡᠲᠦ ᠵᠤᠤ ᠶᠢᠨ ᠭᠤᠷᠪᠠᠳᠤᠭᠠᠷ ᠬᠠᠷᠢᠶ᠎ᠠ ᠰᠦᠮ᠎ᠡ ᠪᠣᠯᠤᠨ᠎ᠠ᠂ ᠴᠢᠩ | ᠤᠯᠤᠰ ᠤᠨ ᠲᠩᠷᠢ ᠲᠡᠳᠬᠦᠭᠴᠢ ᠶᠢᠨ ᠭᠤᠴᠢᠨ ᠳᠥᠷᠪᠡᠳᠦᠭᠡᠷ ᠤᠨ ︵1769 ᠣᠨ︶ ᠳᠤ ᠪᠠᠶᠢᠭᠤᠯᠤᠭᠳᠠᠵᠤ᠂ | ᠡᠳᠦᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠡ ᠪᠣᠯᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠴᠦᠭᠡᠨ ᠲᠤᠭᠠᠨ ᠤ ᠪᠠᠷᠢᠯᠭ᠎ᠠ ᠶᠢᠨ ᠲᠥᠷᠥᠯ | ᠵᠦᠢᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠣᠯᠬᠤ ᠪᠥᠭᠡᠳ ᠪᠠᠰᠠ | ᠰᠢᠷᠠᠮᠦ᠋ᠷᠡᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠴᠢᠬᠤᠯᠠ ᠦᠵᠡᠮᠵᠢ ᠶᠢᠨ ᠭᠠᠵᠠᠷ ᠤᠨ ᠨᠢᠭᠡ ᠪᠣᠯᠤᠨ᠎ᠠ᠃ | ᠬᠤᠳᠠᠯᠠ ᠨᠡᠶᠢᠯᠡᠬᠦᠯᠦᠭᠴᠢ ᠰᠦᠮ᠎ᠡ ᠨᠢ ᠬᠤᠶᠢᠳᠤ ᠲᠠᠯ᠎ᠠ ᠪᠠᠷ ᠪᠠᠶᠢᠷᠢᠯᠠᠵᠦ ᠡᠮᠦᠨᠡᠰᠢ ᠬᠠᠨᠳᠤᠭᠰᠠᠨ ᠨᠢᠭᠲᠠ | ᠬᠤᠯᠪᠤᠯᠳᠤᠭᠰᠠᠨ᠂ ᠵᠡᠭᠦᠨ ᠳᠤᠮᠳᠠ ᠪᠠᠷᠠᠭᠤᠨ ᠭᠤᠷᠪᠠᠨ ᠬᠦᠷᠢᠶ᠎ᠡ ᠵᠡᠷᠭᠡᠴᠡᠭᠦᠯᠦᠨ ᠪᠠᠶᠢᠷᠢᠯᠠᠭᠤᠯᠤᠭᠳᠠᠵᠤ᠂ ᠣᠳᠣ | ᠴᠣᠭᠴᠢᠨ ᠡᠷᠳᠡᠨᠢ ᠶᠢᠨ ᠳᠤᠭᠠᠩ᠂ ᠭᠡᠭᠡᠨ ᠤ ᠣᠷᠳᠣᠨ᠂ ᠲᠩᠷᠢ ᠶᠢᠨ ᠬᠠᠭᠠᠨ ᠤ ᠬᠠᠷᠰᠢ ᠵᠡᠷᠭᠡ 30 ᠲᠣᠮᠣ | ᠵᠢᠵᠢᠭ ᠪᠠᠷᠢᠯᠭ᠎ᠠ ᠪᠠᠶᠢᠨ᠎ᠠ᠃ | ᠰᠤᠷᠪᠤᠯᠵᠢᠯᠠᠭᠴᠢ ᠶᠢᠨ ᠰᠤᠷᠪᠤᠯᠵᠢᠯᠠᠵᠦ ᠤᠶᠢᠯᠠᠭᠠᠭᠰᠠᠨ ᠢᠶᠠᠷ᠂ ᠬᠤᠳᠠᠯᠠ ᠨᠡᠶᠢᠯᠡᠬᠦᠯᠦᠭᠴᠢ ᠰᠦᠮ᠎ᠡ ᠶᠢᠨ | ᠪᠠᠷᠢᠯᠭ᠎ᠠ ᠨᠢ ᠲᠣᠭᠤᠰᠭ᠎ᠠ ᠪᠠ ᠴᠣᠯ ᠮᠣᠳᠣᠨ ᠪᠦᠲᠦᠴᠡ ᠪᠠᠷ ᠭᠤᠣᠯ ᠪᠣᠯᠭᠠᠵᠤ᠂ ᠭᠠᠯ ᠳᠤ ᠲᠡᠰᠪᠦᠷᠢᠲᠡᠢ ᠴᠢᠨᠠᠷ ᠨᠢ | ᠠᠨᠠᠢ ᠪᠠᠶᠢᠵᠤ᠂ ᠪᠠᠷᠢᠯᠭ᠎ᠠ ᠶᠢᠨ ᠳᠣᠲᠣᠷᠠᠬᠢ ᠱᠠᠱᠢᠨ ᠵᠠᠰᠠᠯ ᠤᠨ ᠡᠳ᠋ ᠤᠨ ᠣᠯᠠᠩᠬᠢ ᠨᠢ ᠰᠢᠳᠠᠮᠠᠬᠠᠢ ᠪᠣᠳᠠᠰ | ᠪᠠᠶᠢᠵᠤ ᠂ ᠭᠡᠷ ᠤᠨ ᠭᠠᠳᠠᠨᠠᠬᠢ ᠴᠠᠬᠢᠯᠭᠠᠨ ᠵᠠᠮ ᠱᠤᠭᠤᠮ ᠤᠨ ᠬᠡᠰᠡᠭ ᠨᠢ ᠬᠤᠭᠤᠯᠠᠢ ᠪᠠᠷ ᠬᠠᠮᠠᠭᠠᠯᠠᠭᠳᠠᠭᠰᠠᠨ | ᠦᠭᠡᠢ᠂ ᠪᠠᠷᠢᠯᠭ᠎ᠠ ᠶᠢᠨ ᠬᠤᠭᠤᠷᠣᠨᠳᠣᠬᠢ ᠭᠠᠯ ᠰᠡᠷᠭᠡᠶᠢᠯᠡᠬᠦ ᠵᠠᠢ ᠨᠢ ᠬᠦᠷᠦᠯᠴᠡᠬᠦ ᠦᠭᠡᠢ ᠵᠡᠷᠭᠡ ᠨᠢ ᠴᠥᠮ | ᠬᠤᠳᠠᠯᠠ ᠨᠡᠶᠢᠯᠡᠬᠦᠯᠦᠭᠴᠢ ᠰᠦᠮ᠎ᠡ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠠᠮᠤᠷ ᠲᠦᠪᠰᠢᠨ ᠳᠤ ᠮᠠᠰᠢ ᠶᠡᠭᠡ | ᠳᠠᠯᠳᠠ ᠭᠡᠮ ᠠᠪᠴᠢᠷᠠᠵᠤ ᠦᠭᠴᠠᠢ᠃ ︽ᠬᠤᠳᠠᠯᠠ ᠨᠡᠶᠢᠯᠡᠬᠦᠯᠦᠭᠴᠢ ᠰᠦᠮ᠎ᠡ ᠶᠢᠨ ᠭᠠᠯ ᠤᠨ ᠭᠠᠮᠰᠢᠭ ᠢ | ᠬᠤᠷᠢᠭᠯᠠᠬᠤ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠦᠯᠦᠭᠡ᠂ 2024 ᠣᠨ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ | ᠣᠯᠵᠤ᠂ ᠬᠤᠳᠠᠯᠠ ᠨᠡᠶᠢᠯᠡᠬᠦᠯᠦᠭᠴᠢ ᠰᠦᠮ᠎ᠡ ᠶᠢᠨ ᠭᠠᠯ ᠤᠨᠲᠠᠷᠠᠭᠠᠬᠤ ᠢᠨᠵᠧᠨᠧᠷᠢᠩ ᠢ ᠬᠡᠷᠡᠭᠵᠢᠭᠦᠯᠵᠦ᠂ ᠨᠢᠭᠡ | ᠢᠵᠢ ᠪᠦᠷᠢᠨ ᠪᠦᠲᠦᠨ ᠭᠠᠯ ᠤᠨᠲᠠᠷᠠᠭᠠᠬᠤ ᠰᠢᠰᠲ᠋ᠧᠮ ᠢ ᠪᠠᠶᠢᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠨᠢ | ᠴᠥᠮ ᠤᠯᠤᠰ ᠤᠨ ᠪᠠᠷᠢᠮᠵᠢᠶ᠎ᠠ ᠳᠤ ᠬᠦᠷᠴᠦ᠂ ᠬᠤᠳᠠᠯᠠ ᠨᠡᠶᠢᠯᠡᠬᠦᠯᠦᠭᠴᠢ ᠰᠦᠮ᠎ᠡ ᠶᠢᠨ ᠭᠠᠯ ᠤᠨᠲᠠᠷᠠᠭᠠᠬᠤ | ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠰᠦᠮ᠎ᠡ | ᠬᠡᠶᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠭᠠᠯ ᠤᠨ | ᠠᠶᠤᠯ ᠤᠨ ᠠᠳᠡᠯ ᠭᠠᠷᠬᠤ ᠨᠤᠷᠮ᠎ᠠ ᠶᠢ ᠪᠠᠭᠤᠷᠠᠭᠤᠯᠵᠤ᠂ ᠭᠡᠨᠡᠳᠲᠡ ᠶᠢᠨ ᠭᠠᠯ ᠤᠨ ᠠᠶᠤᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠰᠦᠮ᠎ᠡ ᠬᠡᠶᠢᠳ ᠤᠨ ᠭᠠᠯ ᠤᠨᠲᠠᠷᠠᠭᠠᠬᠤ ᠠᠮᠤᠷ ᠲᠦᠪᠰᠢᠨ ᠳᠤ | ᠴᠢᠬᠤᠯᠠ ᠦᠢᠯᠡᠳᠦᠯ ᠦᠵᠡᠭᠦᠯᠵᠡᠢ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠴᠢᠶᠣᠤ ᡁᠢ ᠵᠢᠶᠧ ᠬᠡᠯᠡᠪᠡ᠃ | ᠰᠧᠴᠤᠸᠠᠨ ᠤ ᠵᠥᠩ ᡁᠢ ᠶᠣᠣ ᠬᠤᠶ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ | ᠵᠠᠩ ᠰᠢ ᠶᠢᠨ ᠲᠠᠨᠢᠯᠴᠠᠭᠤᠯᠤᠭᠰᠠᠨ ᠢᠶᠠᠷ᠂ ᠬᠤᠳᠠᠯᠠ ᠨᠡᠶᠢᠯᠡᠬᠦᠯᠦᠭᠴᠢ ᠰᠦᠮ᠎ᠡ ᠶᠢᠨ ᠭᠠᠯ ᠤᠨᠲᠠᠷᠠᠭᠠᠬᠤ | ᠢᠨᠵᠧᠨᠧᠷᠢᠩ ᠢ 2024 ᠣᠨ ᠤ 8 ᠰᠠᠷ᠎ᠠ ᠶᠢᠨ 12 ᠤᠨ ᠡᠳᠦᠷ ᠠᠴᠠ ᠡᠬᠢᠯᠡᠨ ᠪᠠᠶᠢᠭᠤᠯᠵᠤ᠂ ᠡᠭᠦᠨ ᠳᠤ ᠭᠠᠯ | ᠤᠨᠲᠠᠷᠠᠭᠠᠬᠤ ᠤᠰᠤ ᠬᠠᠩᠭᠠᠬᠤ ᠰᠢᠰᠲ᠋ᠧᠮ᠂ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨ ᠠᠶᠤᠯ ᠤᠨ | ᠲᠦᠭᠰᠢᠭᠦᠷᠢ ᠮᠡᠳᠡᠭᠡᠯᠡᠬᠦ ᠰᠢᠰᠲ᠋ᠧᠮ᠂ ᠭᠠᠯ ᠤᠨᠲᠠᠷᠠᠭᠠᠬᠤ ᠴᠠᠬᠢᠯᠭᠠᠨ ᠲᠦᠭᠡᠭᠡᠬᠦ ᠰᠢᠰᠲ᠋ᠧᠮ ᠵᠢᠴᠢ ᠪᠡᠯᠡᠳᠬᠡᠯ | ᠴᠠᠬᠢᠯᠭᠠᠨ ᠡᠭᠦᠰᠭᠡᠭᠴᠢ ᠶᠢᠨ ᠳᠥᠷᠪᠡᠨ ᠬᠡᠰᠡᠭ ᠢᠨᠵᠧᠨᠧᠷᠢᠩ ᠢ ᠪᠠᠭᠲᠠᠭᠠᠵᠤ᠂ ᠣᠳᠣᠬᠠᠨ ᠳᠤ ᠪᠠᠷᠢᠯᠭ᠎ᠠ ᠶᠢ | ᠦᠨᠳᠦᠰᠦᠨ ᠳᠡᠭᠡᠨ ᠳᠠᠭᠤᠰᠬᠠᠵᠤ᠂ ᠶᠠᠭ ᠬᠠᠮᠤᠭ ᠤᠨ ᠡᠴᠦᠰ ᠤᠨ ᠵᠠᠮ ᠤᠨ ᠭᠠᠳᠠᠷᠭᠤ ᠶᠢ ᠡᠭᠡᠭᠦᠯᠦᠨ ᠲᠡᠪᠢᠰᠬᠦ ᠪᠠ | ᠰᠡᠭᠦᠯ ᠬᠤᠷᠢᠶᠠᠬᠤ ᠠᠵᠢᠯ ᠢ ᠬᠢᠵᠦ᠂ ᠵᠢᠱᠢᠯᠲᠡ ᠪᠠᠷ 11 ᠰᠠᠷ᠎ᠠ ᠶᠢᠨ 5 ᠤ ᠡᠳᠦᠷ ᠪᠠᠷᠢᠵᠤ ᠳᠠᠭᠤᠰᠬᠠᠨ᠎ᠠ᠃ |