ᠮᠠᠨᠳᠤᠯ ᠪᠤᠭᠤᠮᠲᠠ ᠵᠢᠨ‌ᠡᠳᠦᠷ  ᠤᠨ ᠪᠠᠷᠠᠭ᠎ᠠ  ᠦᠩᠭᠡᠷᠡᠬᠦᠯᠦᠭᠰᠡᠨ ᠬᠡᠮᠵᠢᠶ᠎ᠡ ᠪᠤᠯᠤᠨ  ᠰᠠᠷ᠎ᠠ ᠶᠢᠨ  ᠪᠠᠷᠠᠭ᠎ᠠ ᠦᠩᠭᠡᠷᠡᠬᠦᠯᠦᠭᠰᠡᠨ ᠬᠡᠮᠵᠢᠶ᠎ᠡ ᠰᠢᠨ᠎ᠡ ᠲᠡᠮᠳᠡᠭᠯᠡᠯ  ᠢ ᠡᠭᠦᠳᠪᠡ
ᠨᠡᠶᠢᠲᠡᠯᠡᠭᠰᠡᠨ ᠴᠠᠭ᠄
2024/11/7
      10 ᠰᠠᠷ᠎ᠠ ᠶᠢᠨ 30 ᠤ ᠡᠳᠦᠷ᠂ ᠬᠠᠮᠤᠭ ᠤᠨ ᠰᠡᠭᠦᠯᠴᠢ ᠶᠢᠨ ᠳᠦᠭᠦᠷᠡᠩ ᠨᠡᠭᠦᠷᠡᠰᠦ ᠲᠡᠭᠡᠭᠡᠭᠰᠡᠨ ᠨᠢᠭᠡ ᠪᠠᠷᠠᠭᠠᠨ ᠤ ᠲᠡᠷᠭᠡ ᠣᠶᠤᠨᠴᠢ ᠪᠣᠭᠤᠮᠲᠠ ᠪᠠᠷ ᠥᠩᠭᠡᠷᠡᠬᠦ ᠶᠢ ᠳᠠᠭᠠᠯᠳᠤᠨ᠂ ᠮᠠᠨᠳᠤᠯ ᠪᠣᠭᠤᠮᠲᠠ ᠶᠢᠨ ᠲᠣᠰ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ 4.76 ᠲᠦᠮᠡᠨ ᠲᠣᠨ ᠳᠤ ᠬᠦᠷᠴᠦ᠂ 10 ᠰᠠᠷ᠎ᠠ ᠶᠢᠨ ᠪᠠᠷᠠᠭ᠎ᠠ ᠥᠩᠭᠡᠷᠡᠬᠦ ᠬᠡᠮᠵᠢᠶ᠎ᠡ 82.5 ᠲᠦᠮᠡᠨ ᠲᠣᠨ ᠳᠤ ᠬᠦᠷᠴᠦ᠂ ᠡᠳᠦᠷ  ᠤᠨ  ᠪᠠ ᠰᠠᠷ᠎ᠠ ᠶᠢᠨ  ᠪᠠᠷᠠᠭ᠎ᠠ  ᠦᠩᠭᠡᠷᠡᠬᠦᠯᠦᠭᠰᠡᠨ ᠬᠡᠮᠵᠢᠶ᠎ᠡ ᠨᠢ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃    ︽ᠪᠣᠭᠤᠮᠲᠠ ᠳᠤ ᠲᠤᠰᠬᠠᠶ ᠬᠥᠮᠦᠨ ᠠᠵᠢᠯᠯᠠᠭᠤᠯᠤᠨ ᠵᠣᠯᠭᠠᠭᠤᠯᠵᠤ᠂  ᠬᠠᠷᠢᠭᠤ ᠲᠤᠰᠬᠠᠭᠰᠠᠨ ᠬᠠᠭᠤᠳᠠᠰᠤ  ᠶᠢᠨ ᠥᠭᠡᠷᠡᠴᠢᠯᠡᠬᠦ  ᠨᠤᠷᠮ᠎ᠠ ᠥᠨᠳᠥᠷ ᠵᠢᠴᠢ C ᠦᠨᠡᠮᠯᠡᠯ  ᠤᠨ  ᠬᠤᠭᠤᠴᠠᠭ᠎ᠠ ᠲᠤᠯᠬᠤ  ᠨᠢ ᠲᠦᠪᠯᠡᠷᠡᠭᠰᠡᠨ ᠵᠡᠷᠭᠡ ᠠᠰᠠᠭᠤᠳᠠᠯ ᠨᠢ ᠴᠥᠮ ᠲᠦᠷᠭᠡᠨ ᠬᠠᠷᠢᠭᠤ ᠲᠤᠰᠬᠠᠯ ᠣᠯᠵᠤ᠂ ᠠᠵᠤ ᠠᠬᠤᠶᠢᠯᠠᠯ ᠤᠨ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠤᠷᠠᠭᠤᠯᠤᠭᠰᠠᠨ ᠮᠥᠷᠲᠡᠭᠡᠨ ᠪᠠᠰᠠ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠺᠠᠢ ᠹᠧᠩ ᠪᠣᠭᠤᠮᠲᠠ ᠳᠤ ᠮᠡᠳᠡᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠭᠤᠮᠲᠠ ᠳᠤ  ᠮᠡᠳᠡᠬᠦᠯᠦᠭᠴᠢ ᠯᠢ ᡁᠢ ᠮᠢᠩ ᠬᠡᠯᠡᠪᠡ᠃    ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠪᠤᠭᠤᠲᠤ ᠶᠢᠨ ᠪᠣᠭᠤᠮᠲᠠ ᠨᠢ ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠠᠰᠠᠭᠤᠨ ᠯᠠᠪᠯᠠᠨ ᠦᠭᠴᠦ᠂ ︽ᠪᠣᠭᠤᠮᠲᠠ ᠶᠢᠨ ᠳᠠᠷᠤᠭ᠎ᠠ ᠲᠦᠷᠦ ᠶᠢᠨ ᠪᠤᠳᠤᠯᠭ᠎ᠠ ᠶᠢ ᠭᠡᠷ ᠲᠤᠨᠢ  ᠬᠦᠷᠭᠡᠵᠦ ᠦᠭᠬᠦ︾᠂ ︽ᠪᠣᠭᠤᠮᠲᠠ ᠠᠵᠤ ᠠᠬᠤᠶᠢᠯᠠᠯ ᠤᠨ ᠶᠠᠷᠢᠯᠴᠠᠬᠤ ᠬᠤᠷᠠᠯ︾ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠬᠡᠷᠡᠭᠴᠡᠭᠡ ᠶᠢ ᠨᠠᠷᠢᠨ ᠣᠶᠢᠯᠠᠭᠠᠬᠤ ᠶᠢᠨ ᠬᠠᠮᠲᠤ ᠴᠠᠭ ᠲᠤᠬᠠᠢ ᠳᠤᠨᠢ ᠰᠢᠢᠳᠪᠦᠷᠢᠯᠡᠪᠡ᠃ ᠡᠭᠦᠨ ᠤ ᠬᠠᠮᠲᠤ᠂ ᠭᠠᠵᠠᠷ  ᠤᠨ ᠵᠢᠩᠯᠡᠬᠦᠷ ᠤᠨ ᠰᠢᠰᠲ᠋ᠧᠮ ᠢ ᠰᠢᠯᠢᠳᠡᠭᠵᠢᠭᠦᠯᠦᠨ ᠲᠣᠬᠢᠷᠠᠭᠤᠯᠵᠤ᠂ ᠲᠡᠷᠭᠡ ᠬᠥᠰᠬᠡ ᠶᠢᠨ ᠬᠠᠭᠤᠳᠠᠰᠤ ᠰᠣᠯᠢᠬᠤ ᠨᠣᠷᠮ᠎ᠠ ᠶᠢ ᠶᠡᠭᠡ ᠪᠠᠷ  ᠪᠠᠭᠤᠷᠠᠭᠤᠯᠪᠠ ︔ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ ︽C ᠦᠨᠡᠮᠯᠡᠯ︾ ᠢ ᠲᠥᠪᠯᠡᠷᠡᠭᠦᠯᠦᠨ ᠰᠣᠯᠢᠵᠤ ᠥᠭᠬᠦ ᠠᠰᠠᠭᠤᠳᠠᠯ ᠢ ᠰᠢᠢᠳᠪᠦᠷᠢᠯᠡᠵᠦ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠤᠨ ᠲᠡᠷᠭᠡ ᠬᠥᠰᠬᠡ ᠶᠢᠨ ᠬᠤᠶᠢᠰᠢᠯᠠᠭᠤᠯᠤᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠬᠠᠭᠤᠳᠠᠰᠤ ᠪᠠᠷᠢᠮᠲᠠ ᠶᠢᠨ ᠲᠤᠬᠠᠶᠢᠯᠠᠭᠰᠠᠨ ᠠᠵᠢᠯ ᠢ ᠰᠦᠯᠵᠢᠶ᠎ᠡ ᠪᠠᠷ ᠳᠠᠮᠵᠢᠭᠤᠯᠬᠤ᠂ ᠰᠦᠯᠵᠢᠶ᠎ᠡ ᠪᠠᠷ ᠬᠢᠨᠠᠨ ᠪᠠᠶᠢᠴᠠᠭᠠᠬᠤ᠂ ᠰᠦᠯᠵᠢᠶ᠎ᠡ ᠪᠠᠷ ᠭᠦᠢᠴᠡᠳᠬᠡᠬᠦ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠦᠷ᠎ᠡ ᠪᠦᠲᠦᠮᠵᠢ ᠶᠢ ᠲᠡᠭᠡᠭᠰᠢᠯᠡᠬᠦᠯᠪᠡ᠃ ᠡᠭᠦᠨ ᠠᠴᠠ ᠭᠠᠳᠠᠨ᠎ᠠ᠂ ᠣᠶᠤᠨᠴᠢᠯᠠᠭᠰᠠᠨ ᠲᠥᠬᠦᠭᠡᠷᠦᠮᠵᠢ ᠶᠢ ᠪᠥᠬᠦ ᠲᠠᠯ᠎ᠠ ᠪᠠᠷ ᠬᠡᠷᠡᠭᠯᠡᠵᠦ᠂  ᠤᠶᠤᠨᠴᠢ ᠪᠤᠭᠤᠮᠳᠠ ᠪᠠᠷ ᠦᠩᠭᠡᠷᠡᠬᠦ ᠳᠤ ᠦᠪᠡᠷ ᠢᠶᠠᠨ ᠵᠢᠩᠯᠡᠵᠦ᠂ ᠰᠢᠷᠪᠢᠯᠲᠡ ᠶᠢᠨ ᠳᠠᠪᠲᠠᠮᠵᠢ ᠪᠠᠷ ᠢᠯᠭᠠᠨ ᠲᠠᠨᠢᠬᠤ ᠡᠯᠧᠺᠲᠷᠣᠨ  ᠲᠡᠷᠭᠡᠨ ᠤ ᠺᠠᠷᠲ ᠢ ᠠᠯᠤᠰ ᠠᠴᠠ ᠥᠯᠥ ᠬᠤᠶᠢᠰᠢᠯᠠᠭᠤᠯᠤᠨ ᠶᠠᠪᠤᠭᠤᠯᠬᠤ ᠶᠢ  ᠪᠡᠶᠡᠯᠡᠬᠦᠯᠪᠡ︔ ᠲᠦᠷᠢᠭᠳᠡᠯ ᠤᠨ ᠪᠤᠰᠤ ᠬᠡᠯᠪᠡᠷᠢ ᠶᠢᠨ ᠮᠠᠰᠢᠨ ᠤ ᠪᠠᠶᠢᠴᠠᠭᠠᠨ ᠰᠢᠯᠭᠠᠬᠤ ᠪᠠᠶᠢᠴᠠᠭᠠᠯᠲᠠ ᠶᠢᠨ ᠲᠥᠬᠦᠭᠡᠷᠦᠮᠵᠢ ᠶᠢ ᠬᠡᠷᠡᠭᠯᠡᠵᠦ᠂ ᠪᠠᠶᠢᠴᠠᠭᠠᠨ ᠰᠢᠯᠭᠠᠬᠤ ᠶᠢ ᠬᠦᠯᠢᠶᠡᠬᠦ ᠥᠬᠡᠶ ᠪᠠᠶᠢᠬᠤ ᠶᠢ ᠪᠡᠶᠡᠯᠡᠬᠦᠯᠪᠡ︔ ᠣᠶᠤᠨᠴᠢ ᠲᠠᠯᠠᠪᠤᠷ ᠥᠷᠲᠡᠭᠡ ᠶᠢᠨ ᠰᠢᠰᠲ᠋ᠧᠮ ᠢ ᠠᠰᠢᠭᠯᠠᠨ᠂ ᠪᠠᠷᠠᠭ᠎ᠠ ᠶᠢ ᠣᠷᠣᠭᠤᠯᠬᠤ᠂ ᠭᠠᠷᠭᠠᠬᠤ᠂  ᠰᠢᠯᠵᠢᠬᠦᠯᠬᠦ᠂ ᠬᠠᠳᠠᠭᠠᠯᠠᠬᠤ ᠲᠤᠬᠠᠶ ᠶᠢᠨ ᠴᠠᠭ ᠲᠤ  ᠨᠢ ᠥᠨᠴᠥᠭ ᠪᠤᠯᠤᠩ ᠥᠬᠡᠶ ᠬᠥᠳᠡᠯᠦᠩᠭᠦᠶ ᠬᠢᠨᠠᠨ ᠡᠵᠡᠮᠳᠡᠬᠦ ᠶᠢ  ᠪᠡᠶᠡᠯᠡᠬᠦᠯᠪᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号