ᠳ᠋ᠠᠩ ᠰᠢᠶᠤᠤ ᠬᠤᠩ    ᠳᠡᠳ᠋ ᠬᠤᠰᠢᠭᠤᠨ ᠳᠠᠷᠤᠭ᠎ᠠ
ᠨᠡᠶᠢᠲᠡᠯᠡᠭᠰᠡᠨ ᠴᠠᠭ᠄
2024/11/8
党晓宏.png
 ᠲᠣᠪᠴᠢ ᠨᠠᠮᠳᠠᠷ      ᠳᠡᠳ᠋ ᠬᠤᠰᠢᠭᠤᠨ ᠳᠠᠷᠤᠭ᠎ᠠ᠂ ᠳ᠋ᠠᠩ ᠰᠢᠶᠤᠤ ᠬᠤᠩ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 7 ᠳ᠋ᠤᠭᠠᠷ ᠰᠠᠷ᠎ᠠ ᠳᠤ ᠳᠦᠷᠦᠵᠡᠶ᠂ ᠲᠠᠷᠢᠶᠠᠯᠠᠩ ᠤᠨ ᠤᠬᠠᠭᠠᠨ ᠤ ᠳ᠋ᠣᠺᠲ᠋ᠣᠷ᠂ ᠳᠡᠳ᠋ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠬᠥᠷᠥᠰᠥ ᠰᠢᠷᠣᠶ ᠶᠢ ᠬᠠᠮᠠᠭᠠᠯᠠᠬᠤ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ᠠᠵᠢᠯ ᠤᠨ ᠬᠤᠪᠢᠶᠠᠷᠢ      ᠬᠤᠰᠢᠭᠤᠨ ᠳᠠᠷᠤᠭ᠎ᠠ ᠶᠢ ᠬᠠᠪᠰᠤᠷᠤᠨ ᠪᠣᠭᠤᠮᠲᠠ᠂ ᠭᠠᠳᠠᠭᠠᠳᠤ ᠲᠠᠢ ᠴᠢᠯᠥᠭᠡᠲᠠᠢ ᠶᠠᠪᠤᠯᠴᠠᠬᠤ᠂ ᠭᠠᠳᠠᠭᠠᠳᠤ ᠶᠠᠪᠤᠳᠠᠯ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ︶᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠮᠢᠩ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ︵ᠪᠣᠭᠤᠮᠲᠠ ᠶᠢᠨ ᠲᠠᠯ᠎ᠠ ᠶᠢᠨ ᠠᠵᠢᠯ ᠢᠶᠠᠷ ᠭᠤᠣᠯᠳᠠᠨ᠎ᠠ︶᠂ ᠥᠪᠥᠷ ᠮᠣᠩᠭᠤᠯ ᠤᠨ ᠰᠠᠭᠤᠷᠢ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ  ︵ᠪᠣᠭᠤᠮᠲᠠ ᠶᠢᠨ ᠲᠠᠯ᠎ᠠ ᠶᠢᠨ ᠠᠵᠢᠯ ᠢᠶᠠᠷ ᠭᠤᠣᠯᠳᠠᠨ᠎ᠠ︶ ᠶᠢ ᠬᠤᠪᠢᠳᠠᠨ ᠬᠠᠮᠢᠶᠠᠷᠤᠨ᠎ᠠ᠃      ᠪᠤᠭᠤᠲᠤ ᠶᠢᠨ ᠪᠣᠭᠤᠮᠲᠠ᠂ ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ︶᠂ ᠴᠢᠯᠠᠭᠤᠨ ᠲᠣᠰᠣᠨ ᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号