ᠴᠠᠩ ᠬᠤᠩ  ᠳᠡᠳ᠋ ᠬᠤᠰᠢᠭᠤᠨ ᠳᠠᠷᠤᠭ᠎ᠠ
ᠨᠡᠶᠢᠲᠡᠯᠡᠭᠰᠡᠨ ᠴᠠᠭ᠄
2024/11/8
常虹.jpg
 ᠲᠣᠪᠴᠢ ᠨᠠᠮᠳᠠᠷ     ᠳᠡᠳ᠋ ᠬᠤᠰᠢᠭᠤᠨ ᠳᠠᠷᠤᠭ᠎ᠠ ᠴᠠᠩ ᠬᠤᠩ᠂ ᠡᠷᠡᠭᠲᠡᠢ᠂ ᠬᠢᠲᠠᠳ ᠦᠨᠳᠦᠰᠦᠲᠡᠨ᠂ 1986 ᠣᠨ ᠤ 11 ᠳ᠋ᠦ᠋ᠭᠡᠷ ᠰᠠᠷ᠎ᠠ ᠳᠤ ᠲᠥᠷᠥᠵᠡᠢ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠢ ᠮᠣᠳᠣᠨ ᠤ ᠪᠠᠷᠢᠯᠭ᠎ᠠ ᠶᠢᠨ ᠠᠵᠢᠯ ᠤᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠤ ᠦᠢᠯᠡᠳᠪᠦᠷᠢ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ᠠᠵᠢᠯ ᠤᠨ ᠬᠤᠪᠢᠶᠠᠷᠢ      ᠬᠤᠰᠢᠭᠤᠨ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠤᠨ ᠮᠢᠩ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ︵ᠲᠠᠷᠢᠶᠠᠯᠠᠩ ᠮᠠᠯ ᠠᠵᠤ ᠠᠬᠤᠶ᠂ ᠭᠠᠵᠠᠷ ᠰᠢᠷᠣᠶ ᠶᠢᠨ ᠲᠠᠯ᠎ᠠ  ᠶᠢᠨ ᠠᠵᠢᠯ ᠢᠶᠠᠷ ᠭᠤᠣᠯᠳᠠᠨ᠎ᠠ︶᠂ ᠥᠪᠥᠷ ᠮᠣᠩᠭᠤᠯ ᠤᠨ ᠰᠠᠭᠤᠷᠢ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ ︵ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ ᠤᠨ ᠲᠠᠯ᠎ᠠ  ᠶᠢᠨ ᠠᠵᠢᠯ ᠢᠶᠠᠷ ᠭᠤᠣᠯᠳᠠᠨ᠎ᠠ︶ ᠶᠢ ᠬᠤᠪᠢᠳᠠᠨ ᠬᠠᠮᠢᠶᠠᠷᠤᠨ᠎ᠠ᠃      ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠤᠰᠤᠨ ᠰᠢᠨᠵᠢᠯᠡᠭᠡᠨ ᠤ ᠥᠷᠲᠡᠭᠡ ᠲᠠᠢ ᠬᠠᠷᠢᠯᠴᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃   
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号