ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠨᠡᠶᠢᠰᠯᠡᠯ ᠪᠡᠭᠡᠵᠢᠩ ᠳᠤ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2024/11/9
      11 ᠰᠠᠷ᠎ᠠ ᠶᠢᠨ 7 ᠤ ᠡᠳᠦᠷ᠂ ᠨᠡᠶᠢᠰᠯᠡᠯ ᠪᠡᠭᠡᠵᠢᠩ ᠳᠤ ᠪᠠᠶᠢᠭ᠎ᠠ ᠦᠨᠳᠦᠰᠦᠲᠡᠨ ᠤ ᠰᠣᠶᠣᠯ ᠤᠨ ᠣᠷᠳᠣᠨ  ᠳᠤ ᠬᠥᠮᠦᠰ ᠬᠤᠷᠠᠨ ᠴᠤᠭᠯᠠᠷᠠᠵᠤ᠂ ᠬᠥᠷ ᠬᠥᠭᠵᠢᠶᠡᠨ ᠢᠶᠠᠷ ᠪᠢᠯᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠲᠠᠢ ᠬᠠᠮᠲᠤᠷᠠᠨ ᠥᠷᠨᠢᠭᠦᠯᠦᠭᠰᠡᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠤᠯᠠᠭᠠᠨᠮᠥ᠋ᠴᠢᠷ ᠪᠡᠭᠡᠵᠢᠩ ᠳᠤ ᠪᠠᠶᠢᠨ᠎ᠠ︾ - ᠤᠮᠠᠷᠠᠲᠤ ᠬᠢᠯᠢ ᠶᠢᠨ ᠰᠣᠶᠣᠯ ᠬᠤᠪᠢᠯᠭᠠᠨ ᠤᠷᠤᠨ ᠤ ᠠᠶᠠᠯᠠᠯ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ  ᠪᠡᠭᠡᠵᠢᠩ ᠳᠤ ᠶᠠᠪᠤᠭᠳᠠᠪᠠ᠃     ᠢᠷᠠᠭᠤ ᠰᠠᠶᠢᠬᠠᠨ ᠤᠶᠠᠩᠭᠠᠳᠤ ᠳᠠᠭᠤᠤ ᠶᠢᠨ ᠳᠤᠮᠳᠠ᠂ ᠲᠣᠭᠯᠠᠯᠲᠠ ᠨᠢ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾ ᠭᠡᠬᠦ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠬᠤᠶᠠᠷ ᠤᠯᠠᠭᠠᠨᠮᠥ᠋ᠴᠢᠷ ᠤᠨ ᠭᠡᠰᠢᠭᠦᠳ ᠡᠭᠡᠯᠵᠢᠯᠡᠨ ᠵᠠᠯᠭᠠᠭ᠎ᠠ ᠪᠠᠷ ᠲᠤᠭᠯᠠᠯᠳᠠ ᠭᠠᠷᠭᠠᠵᠤ᠂ ᠲᠥᠪ ᠤᠨ ᠶᠠᠮᠤᠨ ᠵᠥᠪᠯᠡᠯ᠂ ᠶᠡᠭᠡ ᠳᠡᠭᠡᠳᠦ ᠰᠤᠷᠭᠠᠭᠤᠯᠢ ᠵᠢᠴᠢ ᠨᠡᠶᠢᠰᠯᠡᠯ ᠤᠨ ᠤᠯᠠᠨ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ  ᠭᠠᠷᠭᠠᠵᠤ ᠦᠵᠡᠬᠦᠯᠦᠭᠰᠡᠨ ᠪᠠᠶᠢᠨ᠎ᠠ᠃ ᠭᠤᠴᠤᠯᠠᠯ ᠪᠥᠵᠢᠭ ︽ᠲᠠᠯ᠎ᠠ ᠨᠤᠲᠤᠭ ᠤᠨ ᠬᠡᠦᠬᠡᠨᠴᠤᠳ︾  ᠨᠢ ᠠᠮᠢᠳᠤᠯᠢᠭ ᠱᠠᠯᠠᠮᠠᠭᠠᠢ ᠪᠠᠶᠢᠵᠤ᠂ ︽ᠮᠠᠭᠲᠠᠭᠠᠯ ᠳᠠᠭᠤᠤ︾  ᠨᠢ ᠡᠬᠡ ᠤᠯᠤᠰ ᠢᠶᠠᠨ ᠬᠠᠶᠢᠷᠠᠯᠠᠭᠰᠠᠨ ᠭᠦᠨ ᠵᠤᠵᠠᠭᠠᠨ ᠠᠭᠤᠷ ᠠᠮᠢᠰᠬᠤᠯ ᠢᠶᠠᠷ ᠪᠢᠯᠬᠠᠵᠤ᠂ ᠮᠣᠷᠢᠨ ᠬᠤᠭᠤᠷ ᠤᠨ ᠬᠥᠭᠵᠢᠮ ︽ᠲᠦᠮᠡᠨ ᠠᠭᠲᠠ ᠶᠢᠨ ᠲᠦᠪᠡᠷᠭᠡᠨ︾  ᠨᠢ ᠬᠥᠭ ᠠᠶᠠᠰ ᠢᠶᠠᠷ ᠰᠦᠷ ᠳᠠᠯᠠᠶᠢᠴᠠᠲᠠᠶ᠂  ᠬᠤᠤᠰᠯᠠᠯ  ᠳᠠᠭᠤᠤ ︽ᠮᠢᠨᠦ ᠡᠬᠡ ᠤᠯᠤᠰ︾  ᠨᠢ ᠨᠠᠩ ᠴᠤ ᠠᠬᠤᠶ ᠲᠠᠯᠠᠪᠠᠶ ᠶᠢᠨ ᠠᠭᠤᠷ ᠠᠮᠢᠰᠬᠤᠯ ᠢ ᠦᠨᠳᠦᠷ ᠲᠦᠪᠰᠢᠨ ᠳᠤ ᠬᠦᠷᠭᠡᠨ ᠂ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠤᠭᠰᠠᠨ ᠪᠠᠶᠢᠨ᠎ᠠ᠃    ︽ᠲᠣᠭᠯᠠᠯᠲᠠ ᠨᠢ ᠬᠦᠮᠦᠨ ᠢ ᠰᠤᠴᠢᠭᠠᠮ᠎ᠠ ᠭᠤᠶᠤ ᠰᠠᠶᠢᠬᠠᠨ ᠪᠠᠶᠢᠨ᠎ᠠ᠃ ᠤᠯᠠᠭᠠᠨᠮᠥ᠋ᠴᠢᠷ ᠤᠨ ᠲᠣᠭᠯᠠᠭᠴᠢᠳ ᠠᠷᠠᠳ ᠲᠦᠮᠡᠨ  ᠳᠤ ᠪᠠᠨ ᠲᠥᠯᠥᠭᠡ  ᠰᠠᠶᠢᠬᠠᠨ ᠪᠦᠳᠦᠭᠡᠯ  ᠵᠤᠬᠢᠶᠠᠵᠤ᠂ ᠲᠡᠳᠡᠨ ᠤ ᠪᠡᠶ᠎ᠡ ᠳᠡᠭᠡᠷ᠎ᠡ ᠠᠴᠠ ᠬᠤᠪᠢᠰᠬᠠᠯᠲᠤ ᠵᠣᠷᠢᠭ ᠰᠠᠨᠠᠭᠠᠨ ᠤ ᠤᠯᠠᠮᠵᠢᠯᠠᠯ ᠵᠢᠴᠢ ᠭᠦᠨ ᠵᠤᠵᠠᠭᠠᠨ ᠰᠣᠶᠣᠯ ᠤᠨ ᠠᠭᠤᠯᠬᠤᠨ ᠢ ᠮᠡᠳᠡᠷᠡᠵᠦ ᠪᠠᠶᠢᠨ᠎ᠠ︾ ᠭᠡᠵᠦ ᠪᠡᠭᠡᠵᠢᠩ ᠬᠤᠲᠠ ᠶᠢᠨ ᠠᠷᠠᠳ  ᠸᠧᠢ ᠶᠠ  ᠬᠡᠯᠡᠪᠡ᠃     ︽ᠤᠯᠠᠭᠠᠨᠮᠥ᠋ᠴᠢᠷ ᠤᠨ ᠭᠡᠰᠢᠭᠦᠳ ᠳᠠᠭᠤᠤ ᠠᠶᠠᠯᠭᠤ ᠪᠠᠷ ᠢᠶᠠᠨ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠪᠣᠯᠤᠨ ᠡᠬᠡ  ᠤᠷᠤᠨ ᠳᠤ ᠪᠠᠨ ᠬᠠᠶᠢᠷ᠎ᠠ ᠲᠠᠢ ᠪᠠᠶᠢᠬᠤ ᠰᠡᠳᠬᠢᠯᠭᠡ  ᠶᠢ ᠢᠯᠡᠳᠬᠡᠵᠦ᠂ ᠪᠥᠵᠢᠭ ᠢᠶᠠᠷ ᠤᠮᠠᠷᠠᠲᠤ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠳᠡᠯᠭᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠭᠦᠨ ᠠᠭᠤᠯᠤᠭᠳᠠᠬᠤᠨ ᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ︾ ᠭᠡᠵᠦ  ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠳᠠᠷᠤᠭ᠎ᠠ ᠰᠢᠩ ᠯᠢ ᠯᠢ ᠬᠡᠯᠡᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠯᠠᠭᠠᠨᠮᠥ᠋ᠴᠢᠷ ᠤᠨ ᠪᠡᠭᠡᠵᠢᠩ ᠳᠤ  ᠭᠠᠷᠭᠠᠭᠰᠠᠨ ᠲᠣᠭᠯᠠᠯᠲᠠ ᠶᠢᠨ ᠠᠵᠢᠯᠯᠠᠭ᠎ᠠ ᠨᠢ 11 ᠰᠠᠷ᠎ᠠ ᠶᠢᠨ 17 ᠤ ᠡᠳᠦᠷ ᠪᠣᠯᠲᠠᠯ᠎ᠠ ᠦᠷᠭᠦᠯᠵᠢᠯᠡᠵᠦ᠂ ᠵᠠᠯᠭᠠᠭ᠎ᠠ ᠪᠠᠷ ᠨᠡᠶᠢᠲᠡ 33 ᠲᠠᠯᠠᠪᠤᠷ ᠲᠣᠭᠯᠠᠯᠲᠠ ᠭᠠᠷᠭᠠᠬᠤ ᠪᠣᠯᠤᠨ᠎ᠠ᠂ ᠡᠨᠡ ᠬᠤᠭᠤᠴᠠᠭᠠᠨ ᠳᠤ ᠬᠤᠶᠠᠷ ᠤᠯᠠᠭᠠᠨᠮᠥ᠋ᠴᠢᠷ ᠪᠠᠰᠠ ᠨᠡᠶᠢᠭᠡᠮ ᠲᠣᠭᠤᠷᠢᠭ ᠲᠤ ᠬᠦᠨᠵᠡᠭᠡᠶᠢᠷᠡᠵᠦ᠂  ᠨᠡᠶᠢᠰᠯᠡᠯ ᠬᠤᠲᠠ ᠶᠢᠨ ᠠᠷᠠᠳ ᠣᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠬᠤ ᠶᠢᠨ ᠬᠠᠮᠲᠤ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠬᠦ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号