2024 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠼᠦᠨ ᠴᠣᠣ︾ ᠮᠣᠷᠢᠨ ᠤᠷᠤᠯᠳᠤᠭᠠᠨ ᠤ ᠲᠡᠭᠦᠰᠬᠡᠯ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ︕
ᠨᠡᠶᠢᠲᠡᠯᠡᠭᠰᠡᠨ ᠴᠠᠭ᠄
2024/12/1
      11 ᠳ᠋ᠦ᠋ᠭᠡᠷ ᠰᠠᠷ᠎ᠠ ᠶᠢᠨ 30 ᠤ ᠡᠳᠦᠷ᠂ ᠪᠤᠭᠤᠲᠤ ᠬᠤᠲᠠ ᠶᠢᠨ ᠮᠦᠩᠭᠦᠨ ᠡᠪᠦᠯ ᠤᠨ ᠨᠠᠭᠠᠳᠤᠮ ᠵᠢᠴᠢ ︽ᠼᠦᠨ ᠴᠣᠣ︾ ᠮᠣᠷᠢᠨ ᠤᠷᠤᠯᠳᠤᠭᠠᠨ ᠵᠢᠴᠢ ᠦᠬᠦᠴᠡ ᠢᠳᠡᠭᠡᠨ ᠤ ᠰᠤᠶᠤᠯ ᠤᠨ ᠨᠠᠶᠢᠷ ᠬᠦᠰᠢᠭᠡ ᠪᠠᠨ ᠰᠡᠬᠦᠪᠡ᠃ ᠪᠠᠳᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠤᠷᠤᠯᠳᠤᠭᠠᠨ ᠤ ᠲᠠᠯᠠᠪᠤᠷ ᠲᠤ᠂ ᠠᠵᠢᠨᠠᠢ ᠬᠦᠯᠦᠭ ᠤᠨ ᠲᠦᠪᠡᠷᠭᠡᠨ ᠨᠠᠭᠠᠳᠤᠮ ᠢ ᠴᠢᠮᠡᠵᠦ᠂ ᠡᠯ᠎ᠡ ᠭᠠᠵᠠᠷ ᠤᠨ ᠵᠢᠭᠤᠯᠴᠢᠯᠠᠭᠴᠢᠳ ᠬᠠᠮᠲᠤ ᠪᠠᠷ ᠡᠨᠡ ᠤᠳᠠᠭᠠᠨ ᠤ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ ᠮᠣᠷᠢᠨ ᠤᠷᠤᠯᠳᠤᠭᠠᠨ ᠤ ᠦᠪᠡᠳᠡᠭᠰᠢ ᠴᠤᠭᠯᠠᠭᠠᠨ ᠳᠤ ᠣᠷᠣᠯᠴᠠᠪᠠ᠃      ᠦᠳᠡ ᠶᠢᠨ ᠡᠮᠦᠨ᠎ᠡ ᠶᠢᠨ 11 ᠴᠠᠭ ᠲᠤ᠂ ᠤᠷᠤᠯᠳᠤᠭᠠᠨ ᠲᠣᠭᠲᠠᠭᠰᠠᠨ ᠴᠠᠭ ᠲᠠᠭᠠᠨ ᠡᠬᠢᠯᠡᠪᠡ᠃ ᠤᠷᠤᠯᠳᠤᠭᠠᠨ ᠤ ᠵᠠᠮ ᠤᠨ ᠬᠠᠵᠠᠭᠤ ᠳᠤ ᠬᠦᠮᠦᠨ ᠤ ᠲᠠᠯᠠᠢ ᠪᠣᠯᠵᠤ᠂ ᠬᠥᠮᠦᠰ ᠤᠨ ᠪᠠᠶᠠᠷᠯᠠᠨ ᠬᠦᠭᠡᠷᠦᠯᠳᠦᠬᠦ ᠲᠠᠭᠤᠨ ᠂ ᠦᠵᠡᠭᠴᠢᠳ ᠤᠨ ᠬᠦᠭᠰᠡᠨ ᠤᠤᠬᠠᠶᠢᠯᠠᠬᠤ ᠲᠠᠭᠤᠨ ᠲᠦᠷᠴᠢᠭᠢᠨᠡᠯᠳᠦᠵᠦ᠂ ᠰᠡᠳᠬᠢᠯ ᠢ ᠳᠣᠭᠳᠣᠯᠤᠭᠤᠯᠤᠮ᠎ᠠ ᠬᠦᠭ ᠠᠶᠠᠰ ᠢ ᠪᠦᠷᠢᠯᠳᠦᠭᠦᠯᠵᠡᠢ᠃ ᠤᠷᠤᠯᠳᠤᠭᠠᠨ ᠮᠣᠷᠢᠳ ᠨᠢ ᠫᠤᠤ ᠶᠢᠨ ᠰᠤᠮᠤ ᠰᠢᠭ᠋ ᠲᠡᠭᠦᠰᠭᠡᠯ ᠤᠨ ᠴᠡᠭ ᠤᠷᠤᠭᠤ ᠰᠤᠮᠤᠳᠠᠵᠤ᠂ ᠬᠤᠷᠳᠣᠴᠠ ᠪᠠ ᠣᠷᠭᠢᠯᠤᠮ᠎ᠠ ᠰᠡᠳᠬᠢᠯᠭᠡ ᠶᠢᠨ ᠭᠤᠶᠢᠳᠠ ᠵᠢᠷᠤᠭ ᠢ ᠪᠦᠷᠢᠯᠳᠦᠭᠦᠯᠵᠡᠢ᠃ ᠣᠶᠢᠯᠠᠭᠠᠭᠰᠠᠨ ᠢᠶᠠᠷ᠂ 2024 ᠣᠨ ᠤ ︽ᠼᠦᠨ ᠴᠣᠣ︾ ᠮᠣᠷᠢᠨ ᠤᠷᠤᠯᠳᠤᠭᠠᠨ ᠤ ᠲᠡᠭᠦᠰᠬᠡᠯ ᠤᠨ ᠤᠷᠤᠯᠳᠤᠭᠠᠨ ᠪᠣᠯᠤᠭᠰᠠᠨ ᠤ ᠬᠤᠪᠢ ᠳᠤ᠂ ᠲᠤᠰ ᠲᠠᠯᠠᠪᠤᠷ ᠤᠨ ᠤᠷᠤᠯᠳᠤᠭᠠᠨ ᠢ 1.4 ᠮᠧᠲᠷ ᠠᠴᠠ ᠳᠣᠷᠣᠭᠰᠢᠬᠢ 4800 ᠮᠧᠲᠷ ᠤᠨ ᠬᠤᠷᠳᠤᠨ ᠮᠣᠷᠢᠨ ᠤ ᠤᠷᠤᠯᠳᠤᠭᠠᠨ᠂ 1.4 ᠮᠧᠲᠷ ᠠᠴᠠ ᠳᠣᠷᠣᠭᠰᠢᠬᠢ 4800 ᠮᠧᠲᠷ ᠤᠨ ᠵᠢᠷᠤᠭ᠎ᠠ ᠮᠣᠷᠢᠨ ᠤ ᠤᠷᠤᠯᠳᠤᠭᠠᠨ᠂ 1.4 ᠮᠧᠲᠷ ᠠᠴᠠ ᠳᠡᠭᠡᠭᠰᠢᠬᠢ 4800 ᠮᠧᠲᠷ ᠤᠨ ᠬᠤᠷᠳᠤᠨ ᠮᠣᠷᠢᠨ ᠤ ᠤᠷᠤᠯᠳᠤᠭᠠᠨ ᠬᠡᠬᠦ ᠭᠤᠷᠪᠠᠨ ᠵᠦᠢᠯ ᠬᠤᠪᠢᠶᠠᠪᠠ᠃      ᠲᠦᠮᠡᠨ ᠬᠦᠯᠦᠭ ᠤᠨ ᠲᠤᠭᠤᠷᠠᠢ ᠳᠤ ᠤᠷᠤᠯᠳᠤᠭᠠᠨ ᠤ ᠲᠠᠯᠠᠪᠠᠢ ᠲᠡᠪᠢᠰᠦᠭᠳᠡᠨ ᠲᠤᠭᠤᠰᠤ ᠮᠠᠨᠠᠨ ᠪᠤᠵᠢᠭᠢᠨᠠᠵᠤ᠂ ᠲᠠᠮᠢᠷᠴᠢᠳ ᠡᠷᠴᠢ ᠵᠣᠷᠢᠭ ᠢᠶᠠᠨ ᠬᠥᠪᠴᠢᠯᠡᠨ᠂ ᠢᠷᠠᠭᠤ ᠠᠯᠳᠠᠷ ᠲᠡᠮᠡᠴᠡᠨ ᠣᠯᠵᠤ᠂ ᠬᠤᠶᠢᠨ᠎ᠠ ᠮᠣᠷᠢ ᠨᠢ ᠡᠮᠦᠨ᠎ᠡ ᠮᠣᠷᠢ ᠪᠠᠨ ᠭᠦᠢᠴᠡᠬᠦ ᠭᠤᠶᠢᠳᠠ ᠰᠠᠶᠢᠬᠠᠨ ᠤᠷᠤᠯᠳᠤᠭᠠᠨ ᠨᠢ ᠬᠥᠮᠦᠰ ᠤᠨ ᠠᠩᠬᠠᠷᠤᠯ ᠢ ᠲᠠᠲᠠᠵᠤ ᠂ ᠦᠵᠡᠭᠴᠢᠳ ᠤᠨ ᠪᠠᠶᠠᠷᠯᠠᠨ ᠬᠠᠰᠬᠢᠷᠬᠤ ᠳᠠᠭᠤᠨ ᠠᠳᠡ ᠲᠡᠨᠳᠡ ᠦᠭᠡᠢ ᠴᠤᠤᠷᠢᠶᠠᠳᠤᠵᠤ᠂ ᠪᠦᠬᠦ ᠤᠷᠤᠯᠳᠤᠭᠠᠨ ᠤ ᠲᠠᠯᠠᠪᠠᠢ ᠨᠢ ᠶᠠᠭ ᠯᠠ ᠭᠱᠠᠨ ᠵᠠᠭᠤᠷ᠎ᠠ ᠳᠤ ᠭᠠᠯ ᠲᠦᠷᠡᠯᠵᠡᠭᠰᠡᠨ ᠮᠡᠳᠦ ᠪᠣᠯᠵᠠᠢ᠃ ᠲᠠᠮᠢᠷᠴᠢᠨ ᠵᠠᠩ ᠬᠠᠶ ᠸᠠᠩ᠄ ︽ᠡᠨᠡ ᠵᠢᠯ ᠤᠨ ᠤᠷᠤᠯᠳᠤᠭᠠᠨ ᠪᠣᠯᠭᠠᠨ ᠳᠤ ᠪᠢ ᠪᠦᠷ ᠣᠷᠣᠯᠴᠠᠵᠠᠶ᠂ ᠥᠨᠥᠳᠦᠷ ᠤᠨ ᠣᠷᠤᠯᠴᠠᠭᠰᠠᠨ ᠨᠢ 1.4 ᠮᠧᠲᠷ ᠠᠴᠠ ᠳᠣᠷᠣᠭᠰᠢᠬᠢ 4800 ᠮᠧᠲᠷ ᠤᠨ ᠵᠢᠷᠤᠭ᠎ᠠ ᠮᠣᠷᠢᠨ ᠤ ᠤᠷᠤᠯᠳᠤᠭᠠᠨ᠂ ᠬᠢᠷᠢ ᠪᠦᠳᠦᠮᠵᠢ ᠮᠠᠰᠢ ᠵᠦᠭᠡᠷ᠂ ᠭᠤᠷᠪᠠᠳᠤᠭᠠᠷ ᠲᠤ ᠣᠷᠣᠪᠠ︾ ᠭᠡᠵᠦ ᠪᠠᠶᠠᠷᠳᠠᠶᠢᠬᠠᠨ ᠬᠡᠯᠡᠵᠦ ᠪᠠᠶᠢᠪᠠ᠃      ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ︽ᠼᠦᠨ ᠴᠣᠣ︾ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠨᠢᠭᠡᠨᠲᠡ ᠠᠷᠪᠠᠨ ᠲᠠᠯᠠᠪᠤᠷ ᠠᠮᠵᠢᠯᠲᠠ ᠲᠠᠢ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠤᠭᠠᠴᠠᠭᠰᠠᠳ ᠪᠣᠯᠤᠨ ᠮᠤᠷᠢᠨ ᠤᠷᠤᠯᠳᠤᠭᠠᠨ ᠳᠤ ᠪᠠᠭ᠋ᠠᠲᠠᠶ ᠬᠥᠮᠦᠰ ᠢ ᠲᠠᠲᠠᠵᠤ᠂ ᠤᠯᠠᠮᠵᠢᠯᠠᠯᠲᠤ ᠵᠠᠩ ᠳᠠᠳᠬᠠᠯ ᠪᠣᠯᠤᠨ ᠤᠳᠤ ᠦᠶ᠎ᠡ ᠶᠢᠨ ᠪᠡᠶ᠎ᠡ ᠶᠢᠨ ᠲᠠᠮᠢᠷ ᠤᠨ ᠲᠡᠭᠦᠰ ᠰᠠᠶᠢᠬᠠᠨ ᠤᠶᠠᠯᠳᠤᠯ ᠢ ᠭᠡᠷᠡᠴᠢᠯᠡᠵᠦ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ ᠷᠢᠳᠢ ᠰᠢᠳᠢ ᠶᠢ ᠨᠡᠩ ᠭᠦᠨᠵᠡᠭᠡᠢ ᠮᠡᠳᠡᠷᠡᠭᠦᠯᠪᠡ᠃ ︽ᠮᠢᠨᠦ ᠦᠵᠡᠬᠦ ᠪᠠᠷ ᠮᠠᠰᠢ ᠰᠠᠶᠢᠨ᠂ ᠢᠯᠠᠩᠭᠤᠶ᠎ᠠ ᠮᠣᠷᠢ ᠤᠷᠤᠯᠳᠤᠬᠤ᠂ ᠤᠷᠤᠯᠳᠤᠭᠠᠨ ᠢ ᠰᠣᠨᠢᠷᠬᠠᠬᠤ ᠦᠶ᠎ᠡ ᠳᠤ ᠬᠥᠮᠥᠰ ᠤᠨ ᠰᠡᠳᠬᠢᠯ ᠤᠨ ᠬᠦᠳᠡᠯᠭᠡᠭᠡᠨ ᠢ ᠲᠠᠶᠢᠪᠠᠨ ᠲᠠᠪᠠᠯᠭᠠᠯᠠᠭᠤᠯᠤᠨ᠎ᠠ︾ ᠭᠡᠵᠦ ᠪᠤᠭᠤᠳᠤ ᠶᠢᠨ ᠵᠢᠭᠤᠯᠴᠢᠯᠠᠭᠴᠢ ᠸᠠᠩ ᠱᠤᠸᠠᠩ ᠶᠠᠨ ᠶᠠᠷᠢᠵᠤ ᠪᠠᠶᠢᠯ᠎ᠠ᠃      ᠣᠳᠣᠬᠠᠨ ᠳᠤ᠂ ︽ᠼᠦᠨ ᠴᠣᠣ︾ ᠮᠣᠷᠢᠨ ᠤᠷᠤᠯᠳᠤᠭᠠᠨ ᠨᠢ ᠨᠢᠭᠡᠨᠲᠡ ᠳᠠᠷᠬᠠᠨ ᠮᠤᠤᠮᠢᠩᠭᠠᠨ ᠬᠤᠰᠢᠭᠤᠨ ᠤ ᠭᠠᠳᠠᠭᠠᠳᠤ ᠳᠦᠷᠢ ᠲᠥᠷᠬᠦ ᠪᠠᠨ ᠳᠡᠯᠭᠡᠨ ᠦᠵᠡᠭᠦᠯᠬᠦ ᠰᠢᠨ᠎ᠡ ᠨᠡᠷ᠎ᠡ ᠶᠢᠨ ᠬᠠᠭᠤᠳᠠᠰᠤ ᠪᠣᠯᠵᠣ᠂ ᠣᠯᠠᠨ ᠤ ᠬᠠᠯᠠᠮᠰᠢᠯ ᠪᠣᠯᠵᠤ ᠪᠤᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠶ ᠬᠥᠭᠵᠢᠯᠲᠡ ᠶᠢᠨ ᠰᠢᠨ᠎ᠡ ᠳᠦᠷᠢ ᠲᠥᠷᠬᠦ ᠶᠢ ᠢᠯᠡᠷᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠪᠠᠶᠠᠯᠢᠭ᠂ ᠦᠷᠭᠦᠯᠵᠢᠯᠡᠬᠦ ᠬᠥᠭᠵᠢᠯᠲᠡ ᠶᠢᠨ ᠪᠡᠶ᠎ᠡ ᠶᠢᠨ ᠲᠠᠮᠢᠷ ᠪᠣᠯᠤᠨ ᠰᠣᠶᠣᠯ ᠵᠢᠭᠤᠯᠴᠢᠯᠠᠯ ᠢ ᠤᠶᠠᠯᠳᠤᠭᠤᠯᠬᠤ ᠰᠢᠨ᠎ᠡ ᠵᠠᠮ ᠢ ᠨᠡᠭᠡᠭᠡᠵᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号