ᠤᠶᠠᠩᠭ᠎ᠠ᠄ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠵᠤ  ᠠᠵᠤ ᠦᠢᠯᠡᠰ ᠤᠨ ᠬᠦᠭᠵᠢᠯᠳᠡ ᠶᠢ ᠲᠠᠶᠢᠴᠢᠯᠠᠪᠠ
ᠨᠡᠶᠢᠲᠡᠯᠡᠭᠰᠡᠨ ᠴᠠᠭ᠄
2024/12/11
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠦᠨᠵᠡᠭᠡᠢ ᠠᠬᠢᠬᠤ ᠶᠢ ᠲᠠᠭᠠᠯᠳᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠬᠠᠮᠲᠤᠷᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢ ᠪᠤᠶᠢᠵᠢᠭᠤᠯᠬᠤ ︽ᠲᠦᠷᠦᠭᠦᠴᠢ ᠭᠠᠯᠠᠭᠤ︾ ᠶᠢᠨ ᠲᠦᠷᠦᠯ ᠵᠦᠢᠯ ᠢ ᠡᠬᠢᠯᠡᠭᠦᠯᠪᠡ᠃ ᠲᠤᠰ ᠲᠦᠷᠦᠯ ᠵᠦᠢᠯ ᠤᠨ ᠵᠣᠷᠢᠯᠭ᠎ᠠ ᠨᠢ ᠨᠢᠭᠡ ᠲᠠᠯ᠎ᠠ ᠶᠢ ᠬᠥᠲᠥᠯᠥᠨ ᠳᠠᠭᠠᠭᠤᠯᠵᠤ᠂ ᠨᠢᠭᠡ ᠬᠡᠰᠡᠭ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠭᠠᠭᠤᠯᠤᠭᠴᠢ ᠶᠢ ᠬᠥᠮᠦᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠪᠠ ᠤᠶᠤᠨ ᠤ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃ 2022 ᠣᠨ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠭᠠᠯᠠᠭᠤ ᠶᠢᠨ ᠵᠢᠭᠰᠠᠭᠠᠯ︾ ᠢ ᠪᠠᠶᠢᠭᠤᠯᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡ 23 ︽ᠲᠦᠷᠦᠭᠦᠴᠢ ᠭᠠᠯᠠᠭᠤ︾ ᠶᠢ ᠪᠤᠶᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ︽ᠲᠦᠷᠦᠭᠦᠴᠢ ᠭᠠᠯᠠᠭᠤ︾ ᠶᠢᠨ ᠡᠩᠨᠡᠭᠡ ᠶᠢ ᠴᠢᠷᠮᠠᠶᠢᠨ ᠪᠣᠶᠢᠵᠢᠭᠤᠯᠪᠠ᠃      ᠤᠶᠠᠩᠭ᠎ᠠ ᠪᠣᠯ ᠮᠠᠨ ᠤ ᠬᠤᠰᠢᠭᠤᠨ ᠤ 2023 ᠣᠨ ᠤ ︽ᠲᠦᠷᠦᠭᠦᠴᠢ ᠭᠠᠯᠠᠭᠤ︾ ᠶᠢᠨ ᠰᠣᠷᠤᠭᠴᠢ᠂ ᠮᠣᠩᠭᠤᠯ ᠦᠨᠳᠦᠰᠦᠲᠡᠨ᠂ 1995 ᠣᠨ ᠤ 5 ᠳ᠋ᠤᠭᠠᠷ ᠰᠠᠷ᠎ᠠ ᠳᠤ ᠳᠦᠷᠦᠵᠡᠶ᠂ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠬᠠᠷᠢᠴᠠᠭ᠎ᠠ ᠬᠢᠭᠡᠳ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠠᠴᠠ ᠲᠡᠭᠦᠰᠴᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠥᠪᠥᠷ ᠮᠣᠩᠭᠤᠯ ᠤᠨ ᠨᠡᠭᠦᠳᠡᠯ ᠮᠠᠯᠵᠢᠯ ᠤᠨ ᠰᠠᠭᠤᠭᠳᠠᠯ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠭᠦᠢᠴᠡᠳᠬᠡᠬᠦ ᠶᠡᠷᠦᠩᠬᠡᠶ ᠵᠠᠬᠢᠷᠤᠯ ᠢᠶᠠᠷ ᠠᠵᠢᠯᠯᠠᠵᠤ ᠪᠠᠶᠢᠨ᠎ᠠ᠃ 2022 ᠣᠨ ᠳᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠣᠷᠣᠯᠴᠠᠵᠤ᠂ ᠴᠠᠭᠠᠨ ᠢᠳᠡᠭᠡᠨ ᠤ ᠤᠯᠠᠮᠵᠢᠯᠠᠭᠴᠢ ᠶᠢ ᠰᠢᠯᠭᠠᠷᠠᠭᠤᠯᠵᠤ᠂ ᠣᠯᠠᠨ ᠬᠤᠭᠤᠴᠠᠭᠠᠨ ᠤ ᠥᠪᠥᠷ ᠮᠣᠩᠭᠤᠯ ᠤᠨ ᠶᠠᠰᠤ ᠴᠢᠨᠠᠷ ᠤᠨ ᠨᠠᠷᠠᠲᠤ ᠲᠡᠮᠳᠡᠭᠲᠦ ᠶᠢᠨ ᠥᠯᠢᠭᠡᠷ ᠤᠨ ᠤᠷᠤᠯᠳᠤᠭᠠᠨ ᠳᠤ ᠣᠷᠣᠯᠴᠠᠬᠤ ᠶᠢᠨ ᠬᠠᠮᠲᠤ ᠱᠠᠩᠨᠠᠯ ᠭᠥᠷᠳᠡᠵᠦ᠂ ᠮᠥᠨ ᠴᠦ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ 2023 ᠣᠨ ᠤ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢᠨ ᠬᠥᠳᠡᠭᠡ ᠲᠣᠰᠬᠤᠨ ᠤ ᠡᠮᠡᠭᠲᠡᠶᠢᠴᠦᠳ ᠤᠨ ᠳᠠᠭᠠᠭᠤᠯᠤᠭᠴᠢ ᠶᠢᠨ ᠲᠤᠰᠬᠠᠶ ᠰᠡᠳᠦᠪᠲᠦ ᠠᠩᠭᠢ ᠶᠢᠨ ᠰᠢᠯᠢᠳᠡᠭ ᠰᠣᠷᠣᠭᠴᠢ ᠪᠣᠯᠤᠨ᠎ᠠ᠃      ᠨᠤᠲᠤᠭ ᠲᠠᠭᠠᠨ ᠬᠠᠷᠢᠵᠤ᠂ ᠰᠢᠨ᠎ᠡ ᠲᠠᠷᠢᠶᠠᠴᠢᠨ ᠬᠦᠮᠦᠨ ᠤ ᠬᠦᠰᠡᠯ ᠢ ᠬᠦᠭᠡᠭᠡᠴᠡᠯᠳᠦᠪᠡ᠃ ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠦᠰᠦᠭᠰᠡᠨ ᠪᠣᠯᠬᠤᠷ᠂ ᠤᠶᠠᠩᠭ᠎ᠠ ᠣᠳᠣᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠠᠵᠤ ᠠᠬᠤᠢ ᠳᠤ ᠠᠪᠴᠢᠷᠠᠭᠰᠠᠨ ᠯᠤᠲᠤ ᠶᠡᠭᠡ ᠳᠥᠭᠦᠮ ᠨᠥᠬᠦᠴᠡᠯ ᠢ ᠨᠡᠩ ᠭᠦᠨᠵᠡᠭᠡᠢ ᠮᠡᠳᠡᠷᠡᠵᠦ᠂ ᠣᠯᠠᠩᠬᠢ ᠬᠥᠮᠥᠰ ᠤᠨ ᠬᠦᠰᠡᠨ ᠮᠥᠷᠥᠭᠡᠳᠴᠦ ᠪᠠᠶᠢᠭ᠎ᠠ ᠰᠢᠯᠦᠭ ᠪᠣᠯᠤᠨ ᠠᠯᠤᠰ ᠬᠤᠯᠠ ᠭᠠᠵᠠᠷ ᠨᠢ ᠤᠳᠤ ᠶᠠᠭ ᠯᠡ ᠭᠡᠷ ᠤᠨ ᠡᠭᠦᠳᠡᠨ ᠳᠤ ᠪᠠᠶᠢᠭ᠎ᠠ ᠲᠠᠢ ᠠᠳᠠᠯᠢ ᠶᠣᠮ᠃ ᠤᠶᠠᠩᠭ᠎ᠠ ᠲᠡᠭᠦᠰᠦᠭᠰᠡᠨ ᠤ ᠳᠠᠷᠠᠭ᠎ᠠ ᠨᠤᠲᠤᠭ ᠲᠤ ᠪᠠᠨ ᠦᠯᠡᠳᠡᠵᠦ᠂ ᠡᠵᠢ ᠲᠠᠢ ᠪᠠᠨ ᠬᠠᠮᠲᠤ ᠮᠠᠯᠵᠢᠯ ᠤᠨ ᠲᠠᠯᠠᠪᠠᠢ ᠡᠵᠡᠩᠨᠡᠵᠦ᠂ ᠰᠢᠨ᠎ᠡ ᠲᠠᠷᠢᠶᠠᠴᠢᠨ ᠪᠣᠯᠪᠠ᠃ ᠬᠠᠮᠤᠭ ᠠᠩᠬᠠᠨ ᠳᠠᠭᠠᠨ ᠬᠤᠨᠢ ᠶᠢ ᠪᠦᠬᠦᠯᠢ ᠪᠠᠷ ᠨᠢ ᠬᠤᠳᠠᠯᠳᠤᠵᠤ᠂ ᠵᠣᠴᠢᠨ ᠨᠢ ᠪᠣᠯ ᠭᠤᠣᠯᠳᠠᠭᠤ ᠡᠷᠬᠢᠨ ᠲᠣᠭᠤᠷᠢᠨ ᠤ ᠰᠠᠭᠤᠭᠠᠯᠢ ᠠᠷᠠᠳ ᠪᠠ ᠲᠠᠨᠢᠯ ᠵᠣᠴᠢᠨ ᠨᠢ ᠪᠠᠶᠢᠳᠠᠭ᠂ ᠠᠳᠠᠯᠢ ᠪᠤᠰᠤ ᠬᠡᠯᠪᠡᠷᠢ ᠶᠢᠨ ᠬᠤᠨᠢᠨ ᠮᠢᠬᠠᠨ ᠤ ᠪᠦᠲᠦᠭᠡᠭᠳᠡᠬᠦᠨ ᠪᠣᠯᠭᠠᠨ ᠪᠣᠯᠪᠠᠰᠤᠷᠠᠭᠤᠯᠵᠤ᠂ ᠳᠠᠬᠢᠨ ︽ᠲᠦᠮᠡᠨ ᠬᠥᠮᠦᠨ ᠲᠡᠵᠢᠭᠡᠬᠦ︾ ᠲᠥᠷᠥᠯ ᠵᠦᠢᠯ ᠬᠦᠷᠲᠡᠯ᠎ᠡ᠂ ᠵᠣᠴᠢᠨ ᠪᠥᠬᠦ ᠤᠯᠤᠰ ᠤᠨ ᠡᠯ᠎ᠡ ᠭᠠᠵᠠᠷ ᠠᠴᠠ ᠢᠷᠡᠵᠦ᠂ ︽ᠬᠤᠨᠢᠨ ᠮᠢᠬ᠎ᠠ︾ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠠᠩᠬᠠᠨ ᠤ ᠳᠦᠷᠰᠦ ᠪᠠᠷ ᠭᠤᠤᠯᠯᠠᠭᠤᠯᠤᠨ᠂ ᠤᠶᠠᠩᠭ᠎ᠠ ᠲᠤᠬᠠᠶ ᠶᠢᠨ ᠭᠠᠵᠠᠷ ᠤᠨ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠢ ᠠᠮᠵᠢᠯᠲᠠ ᠲᠠᠢ ᠪᠠᠷ ᠳᠡᠯᠭᠡᠷᠡᠭᠦᠯᠦᠭᠰᠡᠨ ᠪᠥᠭᠡᠳ ᠡᠷᠬᠢᠨ ᠲᠣᠭᠤᠷᠢᠨ ᠤ 160 ᠮᠠᠯᠴᠢᠨ ᠡᠷᠦᠬᠡ ᠶᠢ ᠳᠠᠶᠢᠴᠢᠯᠠᠨ ᠵᠢᠯ ᠤᠨ ᠣᠷᠣᠯᠭ᠎ᠠ ᠨᠢ 1500 ᠲᠥᠭᠦᠷᠢᠭ ᠨᠡᠮᠡᠭᠳᠡᠪᠡ᠃ 2020 ᠣᠨ ᠠᠴᠠ ᠤᠶᠠᠩᠭ᠎ᠠ ᠰᠢᠭᠤᠳ ᠨᠡᠪᠲᠡᠷᠡᠭᠦᠯᠭᠡ ᠬᠢᠵᠦ᠂ ᠨᠡᠭᠦᠳᠡᠯ ᠮᠠᠯᠵᠢᠯ ᠤᠨ ᠰᠣᠶᠣᠯ᠂ ᠣᠷᠣᠨ ᠨᠤᠲᠤᠭ ᠤᠨ ᠵᠠᠩ ᠵᠠᠩᠰᠢᠯ ᠪᠠ ᠲᠠᠯ᠎ᠠ ᠨᠤᠲᠤᠭ ᠤᠨ ᠠᠮᠢ ᠠᠬᠤᠶ ᠶᠢᠨ ᠪᠦᠲᠦᠭᠡᠭᠳᠡᠬᠦᠨ ᠢ ᠲᠠᠨᠢᠯᠴᠠᠭᠤᠯᠵᠤ᠂ ᠵᠤᠭᠠᠴᠠᠭᠰᠠᠳ ᠲᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ︽ᠰᠢᠯᠦᠭ ᠪᠠ ᠠᠯᠤᠰ ᠬᠤᠯᠠ︾ ᠶᠢ ᠦᠯᠡᠳᠡᠭᠡᠪᠡ᠃ ᠲᠤᠰ ᠵᠢᠯ ︽ᠨᠡᠭᠦᠳᠡᠯ ᠮᠠᠯᠵᠢᠯ ᠤᠨ ᠰᠠᠭᠤᠭᠳᠠᠯ︾ ᠤᠨ ᠲᠦᠷᠦᠯ ᠲᠡᠮᠳᠡᠭ ᠤᠨ ᠦᠢᠯᠡᠰ ᠪᠤᠰᠬᠠᠬᠤ ᠲᠦᠷᠦᠯ ᠵᠦᠢᠯ ᠳᠤ ᠣᠷᠣᠯᠴᠠᠵᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠡᠷᠡᠭᠦᠯᠵᠢᠯ ᠰᠤᠪᠢᠯᠠᠯᠲᠠ ᠶᠢᠨ ᠢᠳᠡᠭᠡᠨ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠬᠡᠪ ᠪᠣᠯᠪᠠᠰᠤᠷᠠᠯ ᠤᠨ ᠰᠤᠷᠭᠠᠨ ᠬᠥᠮᠦᠵᠢᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠣᠯᠤᠨ ᠲᠣᠭᠠᠴᠢᠯᠠᠭᠰᠠᠨ ᠠᠵᠤ ᠠᠬᠤᠢ ᠵᠡᠷᠭᠡ ᠲᠠᠪᠤᠨ ᠬᠡᠰᠡᠭ ᠠᠭᠤᠯᠭ᠎ᠠ ᠪᠠᠭᠲᠠᠵᠤ᠂ ᠨᠡᠭᠦᠳᠡᠯ ᠮᠠᠯᠵᠢᠯ ᠤᠨ ᠠᠮᠲᠠᠲᠤ ᠢᠳᠡᠭᠡᠨ ᠤ ᠰᠣᠶᠣᠯ ᠢ ᠭᠦᠨᠵᠡᠭᠡᠢ ᠠᠭᠤᠳᠠᠯᠯᠠᠵᠤ᠂ ᠲᠦᠷᠦᠯ ᠲᠡᠮᠳᠡᠭ ᠤᠨ ᠳᠣᠣᠷᠠᠬᠢ 12 ᠰᠢᠷᠢᠰ 140 ᠭᠠᠷᠤᠢ ᠵᠦᠢᠯ ᠤᠨ ᠪᠣᠷᠣᠯᠠᠭᠤᠯᠭ᠎ᠠ ᠰᠠᠶᠢᠲᠠᠢ ᠦᠢᠯᠡᠳᠬᠦᠨ ᠢ ᠠᠮᠵᠢᠯᠲᠠ ᠲᠠᠢ ᠭᠠᠷᠭᠠᠪᠠ᠃ ᠰᠦᠯᠵᠢᠶᠡᠨ ᠳᠡᠭᠡᠷ᠎ᠡ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ᠂ ᠣᠬᠤᠷ ᠸᠢᠳᠢᠣ᠋ ᠶᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠭᠠᠳᠠᠨ᠎ᠠ ᠠᠷᠠᠳ ᠤᠨ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠬᠤ ᠣᠷᠳᠣᠨ᠂ ᠨᠠᠷᠠᠲᠤ ᠲᠡᠮᠳᠡᠭᠲᠦ ᠢᠳᠡᠭᠡᠨ ᠤᠮᠳᠠᠭᠠᠨ ᠤ ᠴᠤᠭᠯᠠᠷᠠᠯ ᠤᠨ ᠳᠡᠯᠭᠡᠭᠦᠷ᠂ ᠡᠷᠡᠭᠦᠯᠵᠢᠯ ᠰᠤᠪᠢᠯᠠᠯᠲᠠ ᠶᠢᠨ ᠢᠳᠡᠭᠡᠨ ᠤ ᠬᠡᠯᠬᠢᠶ᠎ᠡ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠶᠢ 200 ᠰᠢᠬᠠᠮ ᠨᠡᠭᠡᠭᠡᠪᠡ᠃ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢ ᠣᠳᠣᠬᠢᠴᠢᠯᠠᠭᠰᠠᠨ ᠠᠮᠢᠳᠤᠷᠠᠯ ᠲᠡᠶᠢᠰᠢ ᠠᠭᠤᠰᠤᠯᠴᠠᠭᠤᠯᠤᠨ ᠬᠡᠯᠪᠡᠷᠢ ᠪᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠪᠦᠲᠦᠭᠡᠭᠳᠡᠬᠦᠨ ᠤ ᠰᠣᠶᠣᠯ ᠤᠨ ᠣᠶᠢᠯᠠᠭᠠᠮᠵᠢ ᠶᠢ ᠨᠡᠮᠡᠭᠳᠡᠭᠦᠯᠪᠡ᠃      ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠠᠭᠤᠰᠤᠯᠴᠠᠨ ᠬᠦᠭᠵᠢᠭᠦᠯᠪᠡ᠃ ᠠᠳᠠᠯ ᠦᠢᠯᠡᠰ ᠴᠣᠭᠴᠠᠯᠠᠬᠤ ᠶᠠᠪᠤᠴᠠ ᠳᠤ᠂ ᠥᠪᠥᠷ ᠮᠣᠩᠭᠤᠯ ᠤᠨ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠰᠢᠨ᠎ᠡ ᠳᠣᠷᠣᠨᠠᠲᠤ᠂ ᠴᠢᠩᠳᠣᠤ ᠶᠢᠨ ᠢ ᠾᠧ ᠡᠭᠦᠯᠡᠨ ᠲᠤᠭ᠎ᠠ ᠪᠠᠷᠢᠮᠲᠠ᠂ ᠪᠤᠭᠤᠲᠤ ᠬᠤᠲᠠ ᠶᠢᠨ ᠡᠮᠡᠭᠲᠡᠶ ᠠᠵᠤ ᠠᠬᠤᠶᠢᠯᠠᠯᠲᠠᠳ ᠤᠨ ᠨᠡᠶᠢᠭᠡᠮᠯᠢᠭ ᠵᠡᠷᠭᠡ ᠮᠠᠰᠢ ᠣᠯᠠᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠲᠠᠢ ᠨᠢᠭᠲᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠪᠡ᠃ ᠡᠭᠦᠨ ᠢᠶᠠᠷ ᠪᠠᠷᠠᠬᠤ ᠥᠬᠡᠶ᠂ ᠲᠡᠷᠡ ᠪᠠᠰᠠ ᠲᠣᠮᠣ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠬᠡᠰᠡᠭ ᠪᠦᠯᠦᠭ ᠤᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ︽ᠠᠮᠢ ᠠᠬᠤᠶ + ᠰᠣᠶᠣᠯ + ᠡᠷᠡᠭᠦᠯᠵᠢᠯ ᠰᠤᠪᠢᠯᠠᠯᠲᠠ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠢᠶᠠᠷ ᠭᠤᠤᠯ ᠪᠣᠯᠭᠠᠭᠰᠠᠨ ᠡᠵᠡᠩᠨᠡᠯᠲᠡ ᠶᠢᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠨᠡᠭᠦᠳᠡᠯ ᠮᠠᠯᠵᠢᠯ ᠤᠨ ᠣᠶᠤᠨᠯᠢᠭ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠠᠵᠤ ᠦᠢᠯᠡᠰ ᠤᠨ ᠬᠡᠯᠬᠢᠶ᠎ᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ 2022 ᠣᠨ ᠳᠤ᠂ ᠲᠡᠷᠡ ︽ᠣᠳᠣᠨ ᠮᠡᠴᠢᠳ ᠳᠤᠤᠷᠠᠬᠢ ᠨᠡᠭᠦᠳᠡᠯ ᠮᠠᠯᠵᠢᠯ ᠤᠨ ᠬᠢᠴᠢᠶᠡᠯ ᠤᠨ ᠲᠠᠩᠬᠢᠮ︾ ᠭᠡᠬᠦ ᠭᠤᠤᠯ ᠰᠡᠳᠦᠪᠲᠦ ᠰᠤᠳᠤᠯᠤᠨ ᠰᠤᠷᠤᠯᠴᠠᠬᠤ ᠵᠠᠮ ᠱᠤᠭᠤᠮ ᠢ ᠲᠣᠭᠲᠠᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠢᠳᠡᠭᠡᠨ ᠦᠢᠯᠡᠳᠬᠦ ᠤᠷ᠎ᠠ ᠮᠡᠷᠭᠡᠰᠢᠯ ᠤᠨ ᠵᠠᠯᠭᠠᠮᠵᠢᠯᠠᠭᠴᠢ ᠶᠢᠨ ᠬᠤᠪᠢ ᠪᠠᠷ ︽ᠴᠠᠭᠠᠨ ᠢᠳᠡᠭᠡ︾᠂ ︽ᠲᠠᠯ᠎ᠠ ᠨᠤᠲᠤᠭ ᠤᠨ ᠵᠢᠷᠭᠤᠭᠠᠨ ᠤᠷᠠᠯᠢᠭ︾ ᠭᠡᠬᠦ ᠰᠢᠷᠢᠰ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠨᠡᠭᠡᠭᠡᠪᠡ᠃ ᠲᠣᠰ ᠵᠢᠯ ᠳᠤ᠂ ᠤᠶᠠᠩᠭ᠎ᠠ ᠪᠠᠰᠠ ᠤᠯᠤᠰ ᠤᠨ ᠲᠤᠰᠬᠠᠶ ᠠᠰᠢᠭ ᠤᠨ ᠮᠡᠷᠭᠡᠵᠢᠯ ᠪᠥᠬᠦᠶ 7 ᠵᠦᠢᠯ ᠤᠨ ᠣᠶᠤᠨᠴᠢ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠤᠳᠤᠭ᠎ᠠ ᠦᠭᠡᠢ‌‍ᠰᠢᠷᠠᠬᠤ ᠵᠤᠤᠬ᠎ᠠ ᠶᠢ ᠰᠤᠳᠤᠯᠤᠨ ᠨᠡᠭᠡᠭᠡᠬᠦ ᠠᠵᠢᠯ ᠳᠤ ᠣᠷᠣᠯᠴᠠᠵᠤ᠂ 2023 ᠣᠨ ᠳᠤ ᠤᠨᠠᠯᠲᠠ ᠶᠢ ᠨᠢ ᠨᠡᠮᠡᠭᠳᠡᠭᠦᠯᠵᠡᠶ᠃ ᠮᠣᠩᠭᠤᠯ ᠤᠯᠤᠰ ᠤᠨ ᠰᠤᠷᠤᠯᠴᠠᠯᠭ᠎ᠠ ᠶᠢᠨ ᠥᠩᠭᠡᠷᠡᠯᠲᠡ ᠳᠤ ᠲᠦᠰᠢᠭᠯᠡᠨ᠂ ᠮᠣᠩᠭᠤᠯ ᠤᠯᠤᠰ ᠤᠨ ᠬᠠᠷᠴᠠᠭᠠᠶ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠲᠠᠢ ᠬᠠᠮᠲᠤᠷᠠᠯᠴᠠᠬᠤ ᠰᠠᠨᠠᠮᠵᠢ ᠲᠣᠭᠲᠠᠵᠤ᠂ ᠪᠡᠶᠡᠴᠢᠯᠡᠨ ᠣᠶᠢᠯᠠᠭᠠᠬᠤ ᠰᠤᠳᠤᠯᠤᠨ ᠰᠤᠷᠤᠯᠴᠠᠬᠤ ᠪᠣᠭᠤᠮᠲᠠ ᠶᠢ ᠳᠠᠮᠵᠢᠭᠤᠯᠤᠨ ᠮᠣᠩᠭᠤᠯ ᠤᠯᠤᠰ ᠬᠦᠷᠲᠡᠯ᠎ᠡ ᠤᠷᠲᠤᠳᠬᠠᠪᠠ᠃ ᠨᠤᠲᠤᠭ ᠤᠨ ᠦᠬᠡᠷ ᠬᠤᠨᠢᠨ ᠮᠢᠬ᠎ᠠ᠂ ᠣᠨᠴᠠᠯᠢᠭᠲᠤ ᠢᠳᠡᠭᠡᠨ᠂ ᠰᠤᠳᠤᠯᠤᠨ ᠰᠤᠷᠤᠯᠴᠠᠬᠤ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠳᠤ ᠨᠢᠭᠡᠨ ᠴᠣ ᠰᠢᠨ᠎ᠡ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠨᠡᠪᠲᠡᠷᠡᠯᠴᠡᠭᠦᠯᠬᠦ ᠵᠠᠭᠪᠤᠷ ᠢ ᠨᠡᠮᠡᠵᠦ᠂ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠪᠦᠷᠢᠨ ᠲᠡᠭᠦᠯᠳᠡᠷ ᠤᠶᠠᠯᠳᠤᠯ ᠢ ᠪᠡᠶᠡᠯᠡᠭᠦᠯᠪᠡ᠃      ᠰᠢᠷᠭᠠᠭᠤ ᠬᠥᠳᠡᠯᠮᠦᠷᠢᠯᠡᠵᠦ᠂ ᠡᠯᠪᠡᠭ ᠬᠤᠷᠢᠶᠠᠯᠲᠠ ᠣᠯᠪᠠ᠃ ᠤᠶᠠᠩᠭ᠎ᠠ ᠶᠢᠨ ᠦᠢᠯᠡᠰ ᠪᠤᠰᠬᠠᠬᠰᠠᠨ ᠦᠢᠯᠡ ᠠᠵᠢᠯᠯᠠᠭ᠎ᠠ ᠨᠢ 2021 ᠣᠨ ᠤ 10 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ᠂ ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ ᠵᠡᠷᠭᠡ ᠤᠯᠠᠨ ᠵᠠᠭᠤᠴᠢᠯᠠᠭᠤᠷ ᠤᠨ ᠬᠢᠨ ︽ᠲᠠᠯ᠎ᠠ ᠨᠤᠲᠤᠭ ᠤᠨ ᠪᠢᠴᠢᠬᠠᠨ ᠥᠬᠢᠨ ᠤᠶᠠᠩᠭ᠎ᠠ ᠪᠣᠯᠤᠨ ᠲᠡᠭᠦᠨ ᠤ ᠡᠵᠢ ᠶᠢᠨ ᠢᠨᠲ᠋ᠧᠷ ᠴᠠᠭ ᠦᠶ᠎ᠡ ᠶᠢᠨ ᠮᠠᠯᠵᠢᠯ ᠤᠨ ᠲᠠᠯᠠᠪᠠᠢ ᠶᠢᠨ ᠵᠡᠭᠦᠳᠦ︾ ᠭᠡᠬᠦ ᠰᠡᠳᠦᠪ ᠢᠶᠠᠷ ᠬᠤᠶᠠᠷ ᠦᠶ᠎ᠡ ᠶᠢᠨ ᠬᠥᠮᠦᠰ ᠤᠨ ᠤᠯᠠᠮᠵᠢᠯᠠᠯᠲᠤ ᠮᠡᠳᠡᠭᠡᠯᠡᠯ ᠢ ᠮᠡᠳᠡᠭᠡᠯᠡᠭᠰᠡᠨ ᠪᠠᠶᠢᠨ᠎ᠠ︔ 2022 ᠣᠨ ᠤ 3 ᠳ᠋ᠤᠭᠠᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠤᠨ ︽ᠨᠠᠷᠠᠲᠤ ᠲᠡᠮᠳᠡᠭᠲᠦ ᠶᠢᠨ ᠠᠭᠤᠯᠵᠠᠯᠲᠠ ᠶᠢᠨ ᠲᠢᠩᠬᠢᠮ︾ ᠤᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ︔ 2023 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ᠥᠪᠥᠷ ᠮᠣᠩᠭᠤᠯ ᠤᠨ ᠰᠣᠨᠢᠨ ᠮᠡᠳᠡᠭᠡᠨ ᠪᠧᠩ ᠲᠧᠩ ᠷᠥᠩ ᠮᠸᠢ ᠬᠠᠮ ᠵᠠᠭᠤᠴᠢᠯᠠᠭᠤᠷ ᠤᠨ ᠣᠯᠠᠨ ᠨᠡᠶᠢᠲᠡ ᠶᠢᠨ ᠳ᠋ᠤᠭᠠᠷ ᠮᠡᠳᠡᠭᠡᠯᠡᠪᠡ᠃ ᠲᠡᠭᠦᠨ ᠤ ᠴᠢᠷᠮᠠᠶᠢᠯᠭ᠎ᠠ ᠨᠡᠶᠢᠭᠡᠮ ᠤᠨ ᠤᠯᠠᠨ ᠲᠠᠯ᠎ᠠ ᠶᠢᠨ ᠬᠦᠷᠢᠶᠡᠯᠡᠯ ᠢ ᠣᠯᠵᠤ᠂ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠬᠦᠷᠳᠡᠪᠡ︔2023 ᠣᠨ ᠤ 8 ᠳ᠋ᠤᠭᠠᠷ ᠰᠠᠷ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠤᠨ ᠤᠷᠤᠯᠳᠤᠭᠠᠨ ᠤ ᠪᠠᠶᠠᠨᠨᠠᠭᠤᠷ ᠲᠠᠬᠢ ᠤᠷᠤᠯᠳᠤᠭᠠᠨ ᠤ ᠲᠣᠭᠤᠷᠢᠭ ᠵᠢᠴᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠤᠨ ᠤᠷᠤᠯᠳᠤᠭᠠᠨ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠤᠨ ᠤᠷᠤᠯᠳᠤᠭᠠᠨ ᠤ ᠡᠬᠡ ᠪᠢᠴᠢᠭ ᠡᠯᠰᠡᠬᠦ ᠪᠦᠲᠦᠭᠡᠯ ᠤᠨ ᠬᠤᠶᠠᠳᠤᠭᠠᠷ ᠨᠡᠷ᠎ᠡ ᠳᠤ ᠲᠣᠳᠣᠷᠠᠪᠠ︔ 2023 ᠣᠨ ᠤ 10 ᠳ᠋ᠤᠭᠠᠷ ᠰᠠᠷ᠎ᠠ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ 2023 ᠣᠨ ᠤ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢᠨ ᠬᠥᠳᠡᠭᠡ ᠲᠣᠰᠬᠤᠨ ᠤ ᠡᠮᠡᠭᠲᠡᠶᠢᠴᠦᠳ ᠤᠨ ᠳᠠᠭᠠᠭᠤᠯᠤᠭᠴᠢ ᠶᠢᠨ ᠲᠤᠰᠬᠠᠶ ᠰᠡᠳᠦᠪᠲᠦ ᠠᠩᠭᠢ ᠳᠤ ᠰᠢᠯᠢᠳᠡᠭ ᠰᠤᠷᠤᠯᠭᠠᠲᠠᠨ ᠢᠶᠠᠷ ᠡᠯᠰᠡᠭᠳᠡᠪᠡ︔ 2023 ᠣᠨ ᠤ 12 ᠳ᠋ᠤᠭᠠᠷ ᠰᠠᠷ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠨᠠᠷᠠᠲᠤ ᠲᠡᠮᠳᠡᠭ ᠤᠨ ᠥᠯᠢᠭᠡᠷ ᠤᠨ ᠤᠷᠤᠯᠳᠤᠭᠠᠨ ᠤ ᠪᠥᠬᠦ ᠤᠯᠤᠰ ᠤᠨ ᠰᠢᠢᠳᠪᠦᠷᠢᠳᠦ ᠤᠷᠤᠯᠳᠤᠭᠠᠨ ᠤ ᠡᠬᠡ ᠪᠢᠴᠢᠭ ᠡᠯᠰᠡᠬᠦ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ︔ 2023 ᠣᠨ ᠤ 12 ᠳ᠋ᠤᠭᠠᠷ ᠰᠠᠷ᠎ᠠ ᠳᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠠᠴᠠ ᠵᠣᠬᠢᠶᠠᠨ ᠪᠠᠶᠢᠭᠤᠯᠤᠭᠰᠠᠨ ᠥᠪᠥᠷ ᠮᠣᠩᠭᠤᠯ ᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠤᠨ ᠪᠣᠯᠪᠠᠰᠤᠷᠠᠯ ᠤᠨ ᠠᠩᠭᠢ ᠶᠢᠨ ᠰᠢᠯᠢᠳᠡᠭ ᠰᠤᠷᠤᠯᠭᠠᠲᠠᠨ᠂ ᠲᠥᠷᠥᠯ ᠵᠦᠢᠯ ᠢ ᠲᠥᠰᠦᠪᠯᠡᠬᠦ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠥᠷᠳᠡᠪᠡ︔ 2024 ᠣᠨ ᠤ 3 ᠳ᠋ᠤᠭᠠᠷ ᠰᠠᠷ᠎ᠠ ᠳᠤ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠠᠵᠢᠯ ᠤᠨ ᠪᠠᠶᠢᠷᠢ ᠶᠢᠨ ᠡᠮᠡᠭᠲᠡᠶᠢᠴᠦᠳ ᠤᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠨᠢ ᠵᠠᠭᠤ ᠭᠠᠷᠤᠶ ᠠᠵᠢᠯ ᠥᠬᠡᠶ ᠡᠮᠡᠭᠲᠡᠶᠢᠴᠦᠳ ᠢ ᠳᠠᠶᠢᠴᠢᠯᠠᠨ ᠦᠢᠯᠡᠰ ᠪᠤᠰᠬᠠᠵᠤ ᠡᠬᠢᠯᠡᠪᠡ᠃ ᠤᠶᠠᠩᠭ᠎ᠠ ᠶᠢᠨ ᠦᠢᠯᠡᠰ ᠪᠣᠰᠬᠠᠭᠰᠠᠨ ᠨᠡᠷᠡᠲᠦ ᠲᠡᠮᠳᠡᠭ ᠨᠢ ᠣᠯᠠᠨ ᠤᠳᠠᠭ᠎ᠠ ᠪᠤᠭᠤᠲᠤ ᠬᠤᠲᠠ ᠶᠢᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ᠂ ᠤᠯᠤᠰ ᠤᠨ ᠲᠡᠰ ᠤᠨ ᠱᠠᠩᠨᠠᠯ ᠪᠠ ᠢᠷᠠᠭᠤ ᠠᠯᠳᠠᠷ ᠤᠨ ᠴᠣᠯᠠ ᠶᠢ ᠬᠦᠷᠲᠡᠪᠡ᠃      ᠵᠢᠱᠢᠶᠡᠴᠢ ᠪᠣᠯᠵᠤ᠂ ᠢᠳᠡᠪᠬᠢ ᠬᠦᠴᠦᠨ ᠢ ᠪᠠᠳᠠᠷᠠᠭᠤᠯᠪᠠ᠃ ᠥᠨᠢᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠪᠣᠯᠤᠭᠰᠠᠨ ᠤ ᠬᠤᠪᠢ ᠳᠤ᠂ ︽ᠲᠦᠷᠦᠭᠦᠴᠢ ᠭᠠᠯᠠᠭᠤ︾ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠳᠠᠯᠠᠪᠠ᠃ 2020 ᠣᠨ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠺᠢᠨᠣ᠋ ᠲᠧᠯᠸᠢᠰ ᠤᠨ ᠴᠢᠳᠠᠪᠤᠷᠢᠲᠠᠨ ᠤ ᠰᠣᠯᠢᠯᠴᠠᠭᠠᠨ ᠤ ᠲᠥᠪ ᠠᠴᠠ ᠣᠯᠭᠤᠭᠰᠠᠨ ᠰᠦᠯᠵᠢᠶᠡᠨ ᠤ ᠭᠤᠤᠯ ᠨᠡᠪᠲᠡᠷᠡᠭᠦᠯᠭᠡ ᠶᠢᠨ ᠦᠵᠡᠵᠦ ᠰᠣᠨᠣᠰᠬᠤ ᠬᠢᠷᠢ ᠬᠡᠮ ᠤᠨ ᠦᠨᠡᠮᠯᠡᠯ ᠢ ᠣᠯᠵᠤ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠪᠡᠶᠡᠯᠡᠭᠦᠯᠪᠡ︔ ᠲᠤᠬᠠᠶ ᠶᠢᠨ ᠭᠠᠵᠠᠷ ᠤᠨ ᠠᠷᠠᠳ ᠤᠨ ᠤᠷ᠎ᠠ ᠮᠡᠷᠭᠡᠰᠢᠯ ᠲᠠᠢ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠳᠠᠭᠤᠤ ᠬᠥᠭᠵᠢᠮ ᠤᠨ ᠪᠠᠶᠠᠷ᠂ ᠭᠠᠷ ᠤᠷᠠᠯᠠᠯ ᠤᠨ ᠬᠢᠴᠢᠶᠡᠯ ᠥᠷᠨᠢᠭᠦᠯᠵᠦ ᠂ ᠤᠯᠠᠮᠵᠢᠯᠠᠯᠲᠤ ᠬᠤᠪᠴᠠᠰᠤ ᠵᠠᠰᠠᠯ ᠪᠣᠯᠤᠨ ᠤᠷ᠎ᠠ ᠮᠡᠷᠭᠡᠰᠢᠯ ᠢ ᠳᠡᠯᠭᠡᠨ ᠦᠵᠡᠭᠦᠯᠪᠡ︔ ᠪᠦᠬᠦ ᠤᠯᠤᠰ ᠲᠤ ᠳᠡᠯᠭᠡᠭᠡ ᠬᠤᠳᠠᠯᠳᠤᠭ᠎ᠠ ᠶᠢᠨ ᠠᠵᠤ ᠠᠬᠤᠶ ᠶᠢ ᠤᠷᠢᠶᠠᠯᠠᠵᠤ ᠳᠡᠯᠭᠡᠭᠡ ᠬᠤᠳᠠᠯᠳᠤᠭ᠎ᠠ ᠬᠢᠵᠦ᠂ ᠣᠯᠠᠨ ᠶᠠᠩᠵᠤ ᠶᠢᠨ ᠴᠤᠭᠯᠠᠭᠠᠨ ᠳᠤ ᠣᠷᠣᠯᠴᠠᠵᠤ᠂ ᠲᠤᠬᠠᠶ ᠶᠢᠨ ᠭᠠᠵᠠᠷ ᠤᠨ ᠣᠨᠴᠠ ᠭᠠᠷᠤᠯᠲᠠ ᠪᠠ ᠭᠠᠷ ᠤᠷᠠᠯᠠᠯ ᠤᠨ ᠪᠦᠲᠦᠭᠡᠭᠳᠡᠬᠦᠨ ᠢ ᠪᠣᠷᠤᠯᠠᠭᠤᠯᠪᠠ᠃ ᠵᠣᠵᠢᠭ ᠡᠪᠡᠳᠴᠢᠨ ᠲᠠᠢ ᠬᠡᠦᠬᠡᠳ ᠲᠤ ᠪᠤᠶᠠᠨ ᠤ ᠵᠣᠭᠤᠰ ᠴᠤᠭᠯᠠᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠰᠤᠷᠭᠠᠭᠤᠯᠢ ᠳᠤ ᠬᠦᠷᠴᠦ ᠲᠤᠬᠠᠢ ᠶᠢᠨ ᠭᠠᠵᠠᠷ ᠤᠨ ᠭᠡᠷ ᠲᠡᠭᠡᠨ ᠬᠤᠴᠣᠷᠤᠭᠰᠠᠨ ᠬᠡᠦᠬᠡᠳ ᠤᠨ ᠪᠠᠶᠢᠳᠠᠯ᠂ ᠬᠠᠨᠳᠢᠪᠯᠠᠭᠰᠠᠨ ᠡᠳ᠋ ᠪᠣᠳᠠᠰ ᠢ ᠰᠢᠭᠤᠳ ᠨᠡᠪᠲᠡᠷᠡᠭᠦᠯᠭᠡ ᠪᠠᠷ ᠲᠠᠮᠵᠢᠭᠤᠯᠪᠠ︔ ᠪᠠᠶᠠᠷ ᠤᠨ ᠡᠳᠦᠷ ᠥᠩᠭᠡᠷᠡᠬᠦ ᠦᠶ᠎ᠡ ᠳᠤ ᠨᠠᠰᠤᠲᠠᠨ ᠢ ᠠᠰᠠᠷᠠᠬᠤ ᠬᠦᠷᠢᠶᠡᠯᠡᠩ᠂ ᠨᠡᠶᠢᠭᠡᠮ ᠲᠣᠭᠤᠷᠢᠭ ᠲᠤ ᠬᠦᠷᠴᠦ ᠨᠠᠰᠤᠲᠠᠨ ᠲᠠᠢ ᠬᠠᠮᠲᠤ ᠪᠠᠶᠠᠷ ᠤᠨ ᠡᠳᠦᠷ ᠢ ᠥᠩᠭᠡᠷᠡᠭᠦᠯᠵᠦ᠂ ᠨᠠᠰᠤᠲᠠᠶᠢᠴᠤᠳ  ᠲᠤ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠳᠠᠭ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠦᠷᠦᠭᠦᠴᠢ ᠭᠠᠯᠠᠭᠤ︾᠂ ᠰᠢᠨ᠎ᠡ ᠲᠠᠷᠢᠶᠠᠴᠢᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠴᠢ ᠪᠣᠯᠤᠭᠰᠠᠨ ᠤ ᠬᠤᠪᠢ ᠳᠤ᠂ ᠨᠠᠩ ᠴᠤ ᠰᠢᠨ᠎ᠡ ᠴᠠᠭ ᠦᠶ᠎ᠡ ᠶᠢᠨ ᠰᠢᠨ᠎ᠡ ᠵᠠᠯᠠᠭᠤ ᠪᠣᠯᠤᠭᠰᠠᠨ ᠤ ᠬᠤᠪᠢ ᠳᠤ᠂ ᠨᠤᠲᠤᠭ ᠤᠰᠤ ᠪᠠᠨ ᠬᠠᠶᠢᠷᠠᠯᠠᠬᠤ᠂ ᠰᠣᠶᠣᠯ ᠢᠶᠠᠨ ᠤᠯᠠᠮᠵᠢᠯᠠᠨ ᠵᠠᠯᠭᠠᠮᠵᠢᠯᠠᠬᠤ ᠪᠣᠯ ᠬᠡᠶ ᠬᠤᠭᠤᠰᠣᠨ ᠤᠷᠢᠶ᠎ᠠ ᠪᠢᠰᠢ᠂ ᠬᠠᠷᠢᠨ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠬᠦ ᠬᠡᠷᠡᠭᠲᠡᠶ ᠭᠡᠳᠡᠭ ᠢ ᠤᠶᠠᠩᠭ᠎ᠠ ᠪᠡᠶ᠎ᠡ  ᠪᠠᠷ ᠢᠶᠠᠨ ᠭᠡᠷᠡᠴᠢᠯᠡᠪᠡ᠃ ᠲᠡᠷᠡ ᠥᠪᠡᠷ ᠤᠨ ᠠᠷᠭ᠎ᠠ ᠬᠡᠯᠪᠡᠷᠢ ᠪᠠᠷ ᠢᠶᠠᠨ ︽ᠲᠦᠷᠦᠭᠦᠴᠢ ᠭᠠᠯᠠᠭᠤ︾ ᠶᠢᠨ ᠦᠢᠯᠡᠳᠦᠯ ᠢᠶᠠᠨ ᠪᠠᠳᠠᠷᠠᠭᠤᠯᠵᠤ᠂ ᠨᠤᠲᠤᠭ ᠤᠰᠤᠨ ᠤ ᠪᠠᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠭᠰᠡᠨ ᠪᠥᠭᠡᠳ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠤᠨ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号