ᠨᠡᠶᠢᠳᠡ ᠶᠢᠨ ᠠᠰᠠᠷᠠᠮᠵᠢ ᠶᠢᠨ ᠬᠠᠯᠠᠭᠤᠨ ᠰᠡᠳᠬᠢᠯ ᠲᠠᠢ ᠨᠠᠶᠢᠵᠠ ᠨᠠᠷ ᠡ᠄ | ᠬᠠᠶᠢᠷ᠎ᠠ ᠬᠠᠯᠠᠮᠵᠢ ᠪᠢᠯᠬᠠᠭᠰᠠᠨ ᠡᠨᠡ ᠬᠦ ᠨᠡᠶᠢᠭᠡᠮ ᠤᠨ ᠲᠣᠮᠣ ᠭᠡᠷ ᠪᠦᠯᠢ ᠲᠤᠮᠳᠠ᠂ ᠰᠠᠶᠢᠨ ᠰᠠᠨᠠᠭᠠᠨ ᠤ | ᠳᠠᠮᠵᠢᠭᠤᠯᠭ᠎ᠠ ᠨᠢᠭᠡᠪᠦᠷᠢ ᠴᠥᠮ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠶᠢᠨ ᠰᠠᠭᠤᠷᠢ ᠪᠣᠯᠤᠨ᠎ᠠ᠃ | ᠨᠡᠶᠢᠭᠡᠮ ᠤᠨ ᠳᠠᠪᠰᠢᠯᠲᠠ ᠪᠠ ᠬᠥᠭᠵᠢᠯᠲᠡ ᠨᠢ ᠠᠷᠠᠳ ᠢᠷᠭᠡᠨ ᠨᠢᠭᠡᠪᠦᠷᠢ ᠶᠢᠨ ᠢᠳᠡᠪᠬᠢᠲᠡᠢ ᠣᠷᠣᠯᠴᠠᠯᠭ᠎ᠠ ᠪᠠ | ᠭᠤᠶᠠᠴᠢ ᠦᠭᠡᠢ ᠬᠤᠪᠢ ᠨᠡᠮᠡᠷᠢ ᠠᠴᠠ ᠰᠠᠯᠵᠤ ᠴᠢᠳᠠᠬᠤ ᠦᠭᠡᠢ ᠭᠡᠳᠡᠭ ᠢ ᠪᠢᠳᠡ ᠭᠦᠨᠵᠡᠭᠡᠢ ᠣᠶᠢᠯᠠᠭᠠᠨ᠎ᠠ᠃ | ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡ - ᠬᠠᠶᠢᠷ᠎ᠠ ᠶᠢᠨ ᠨᠡᠷ᠎ᠡ ᠪᠠᠷ ᠬᠥᠮᠥᠡᠯᠢᠭ ᠬᠦᠴᠦᠨ ᠢ | ᠳᠠᠮᠵᠢᠭᠤᠯᠤᠨ᠎ᠠ︕ ᠪᠢᠳᠡ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠢ ᠤᠷᠢᠵᠤ᠂ ᠲᠠᠨ ᠤ | ᠴᠠᠭ᠂ ᠮᠡᠳᠡᠯᠭᠡ᠂ ᠤᠷ᠎ᠠ ᠴᠢᠳᠠᠪᠤᠷᠢ ᠪᠣᠯᠤᠨ ᠪᠡᠶ᠎ᠡ ᠮᠠᠬᠠᠪᠣᠳ ᠢᠶᠠᠷ ᠢᠶᠠᠨ ᠨᠡᠶᠢᠭᠡᠮ ᠪᠣᠯᠤᠨ ᠪᠤᠰᠤᠳ ᠲᠤ ᠦᠨ᠎ᠡ | ᠲᠥᠯᠥᠪᠦᠷᠢ ᠦᠭᠡᠶ᠂ ᠰᠠᠶᠢᠨ ᠳᠤᠷ᠎ᠠ ᠶᠢᠨ ᠬᠥᠮᠦᠯᠢᠭ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ᠃ | ᠲᠠ ᠨᠠᠷ ᠨᠢᠭᠡᠨ ᠬᠤᠪᠢ ᠬᠠᠯᠠᠭᠤᠨ ᠳᠤᠯᠠᠭᠠᠨ ᠰᠡᠳᠬᠢᠯ ᠢ ᠡᠪᠦᠷᠯᠡᠨ᠂ ᠥᠪᠡᠷ ᠤᠨ ᠬᠦᠴᠦ ᠪᠠᠷ ᠢᠶᠠᠨ | ᠪᠤᠰᠤᠳ ᠤᠨ ᠠᠮᠢᠳᠤᠷᠠᠯ ᠢ ᠭᠡᠷᠡᠯᠲᠦᠭᠦᠯᠬᠦ ᠶᠢ ᠬᠦᠰᠡᠵᠦ ᠪᠠᠶᠢᠨ᠎ᠠ ᠤᠤ︖ ᠡᠨᠡᠬᠦ ᠦᠢᠮᠡᠭᠡᠨ ᠲᠠᠢ ᠶᠢᠷᠲᠢᠨᠴᠦ ᠳᠡᠭᠡᠷ᠎ᠡ | ᠂ ᠳᠥᠭᠦᠮᠬᠡᠨ ᠪᠣᠯᠪᠠᠴᠤ ᠬᠦᠴᠦᠨ ᠴᠢᠳᠠᠯ ᠢᠶᠠᠷ ᠪᠢᠯᠬᠠᠮ᠎ᠠ ᠬᠥᠮᠥᠨᠴᠢ ᠦᠢᠯᠡᠴᠢᠯᠡᠭᠡ ᠬᠢᠶ᠎ᠡ ᠭᠡᠵᠦ ᠪᠣᠳᠣᠵᠤ ᠪᠠᠶᠢᠨ᠎ᠠ | ᠤᠤ︖ ᠬᠤᠷᠳᠤᠨ ᠢᠷᠡᠵᠦ ᠮᠠᠨ ᠤ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠳᠤ | ᠣᠷᠤᠯᠴᠠᠭᠠᠷᠠᠢ︕ | ᠮᠠᠨ ᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠄ | · ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠄ ᠭᠠᠮᠰᠢᠭ ᠤᠨ ᠡᠮᠦᠨ᠎ᠡ ᠪᠢᠳᠡ ᠪᠣᠯ ᠨᠢᠭᠡᠳᠦᠭᠡᠷ | ᠹᠷᠣᠨᠲ ᠤᠨ ᠬᠠᠮᠠᠭᠠᠯᠠᠭᠴᠢ᠃ | · ᠪᠠᠴᠢᠮ ᠪᠠᠶᠢᠳᠠᠯ ᠢ ᠠᠷᠭᠠᠴᠠᠵᠤ ᠠᠪᠤᠷᠠᠬᠤ᠄ ᠲᠤᠰᠬᠠᠶ ᠮᠡᠷᠭᠡᠵᠢᠯ ᠤᠨ ᠮᠡᠳᠡᠯᠭᠡ ᠪᠠᠷ ᠠᠮᠢ ᠨᠠᠰᠤ ᠶᠢ | ᠬᠠᠮᠠᠭᠠᠯᠠᠨ᠎ᠠ᠃ | · ᠬᠥᠮᠦᠡᠯᠢᠭ ᠠᠪᠤᠷᠠᠨ ᠲᠤᠰᠠᠯᠠᠯᠲᠠ᠄ ᠬᠦᠴᠢᠷᠳᠡᠯᠲᠡᠢ ᠬᠥᠮᠦᠰ ᠲᠤ ᠬᠠᠶᠢᠷ᠎ᠠ ᠬᠠᠯᠠᠮᠵᠢ ᠪᠣᠯᠤᠨ ᠬᠦᠰᠡᠯ | ᠡᠷᠡᠮᠡᠯᠵᠡᠯ ᠬᠦᠷᠭᠡᠨ᠎ᠡ᠃ | · ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ᠄ ᠲᠠᠨ ᠤ ᠴᠢᠰᠤ ᠪᠠᠷ ᠪᠤᠰᠤᠳ ᠤᠨ ᠠᠮᠢ ᠨᠠᠰᠤ ᠶᠢ | ᠦᠷᠭᠦᠯᠵᠢᠯᠡᠭᠦᠯᠦᠨ᠎ᠡ᠃ | · ᠴᠢᠰᠤ ᠪᠦᠲᠦᠭᠡᠬᠦ ᠭᠤᠣᠯ ᠡᠰ ᠢ ᠬᠠᠨᠳᠢᠪᠯᠠᠬᠤ᠄ ᠠᠮᠢ ᠨᠠᠰᠤᠨ ᠳᠤ ᠬᠦᠰᠡᠯ ᠡᠷᠡᠮᠡᠯᠵᠡᠯ ᠣᠯᠭᠤᠵᠤ᠂ | ᠬᠠᠶᠢᠷ᠎ᠠ ᠬᠠᠯᠠᠮᠵᠢ ᠶᠢ ᠲᠠᠮᠵᠢᠭᠤᠯᠤᠨ᠎ᠠ᠃ | · ᠲᠤᠳᠤᠷ ᠡᠷᠬᠡᠳᠡᠨ ᠢᠶᠠᠨ ᠪᠤᠰᠤᠳ ᠲᠤ ᠬᠠᠨᠳᠢᠪᠯᠠᠬᠤ᠄ ᠬᠠᠮᠤᠭ ᠰᠡᠭᠦᠯ ᠤᠨ ᠪᠡᠯᠡᠭ ᠢᠶᠠᠷ ᠳᠡᠯᠡᠬᠡᠢ | ᠳ᠋ᠠᠬᠢᠨ ᠳᠤ ᠰᠠᠶᠢᠨ ᠰᠠᠶᠢᠬᠠᠨ ᠢ ᠦᠯᠡᠳᠡᠭᠡᠨ᠎ᠡ᠃ | · ᠤᠯᠠᠭᠠᠨ ᠵᠠᠯᠭᠠᠮᠠᠶᠢᠳᠠᠨ ᠤ ᠵᠣᠷᠢᠭ ᠰᠠᠨᠠᠭᠠᠨ ᠤ ᠤᠯᠠᠮᠵᠢᠯᠠᠯᠳᠠ᠄ ᠨᠡᠩ ᠣᠯᠠᠨ ᠬᠥᠮᠦᠨ ᠳᠤ | ᠣᠶᠢᠯᠠᠭᠠᠭᠤᠯᠤᠨ᠂ ᠮᠠᠨ ᠤ ᠡᠩᠨᠡᠭᠡᠨ ᠳᠤ ᠣᠷᠣᠯᠴᠠᠭᠤᠯᠤᠨ᠎ᠠ᠃ | · ᠡᠷᠡᠭᠦᠯ ᠮᠡᠨᠳᠦ ᠶᠢᠨ ᠬᠠᠯᠠᠮᠵᠢᠯᠠᠯ᠄ ᠡᠷᠡᠭᠦᠯ ᠮᠡᠨᠳᠦ ᠶᠢ ᠠᠩᠬᠠᠷᠴᠤ᠂ ᠬᠠᠯᠠᠮᠵᠢᠯᠠᠯ ᠬᠦᠷᠳᠡᠭᠡᠵᠦ᠂ ᠬᠥᠮᠦᠨ | ᠨᠢᠭᠡᠪᠦᠷᠢ ᠶᠢ ᠴᠥᠮ ᠡᠷᠡᠭᠦᠯ ᠮᠡᠨᠳᠦ ᠠᠮᠢᠳᠤᠷᠠᠯ ᠲᠠᠢ ᠪᠣᠯᠭᠠᠨ᠎ᠠ᠃ | · ᠪᠡᠯᠡ ᠴᠤᠭᠯᠠᠭᠤᠯᠵᠤ ᠢᠳᠬᠠᠨ ᠴᠤᠭᠯᠠᠭᠤᠯᠬᠤ᠄ ᠪᠢᠳᠡᠨ ᠤ ᠠᠵᠢᠯᠯᠠᠭ᠎ᠠ ᠪᠠᠷ ᠨᠡᠩ ᠤᠯᠠᠨ ᠪᠤᠶᠠᠨ ᠤ ᠪᠡᠯᠡ | ᠮᠥᠩᠭᠦ ᠴᠤᠭᠯᠠᠭᠤᠯᠵᠤ᠂ ᠨᠡᠩ ᠤᠯᠠᠨ ᠬᠥᠮᠦᠯᠢᠭ ᠦᠵᠡᠯ ᠤᠨ ᠦᠢᠯᠡᠴᠢᠯᠡᠭᠡ ᠳᠤ ᠳᠡᠮᠵᠢᠯᠭᠡ ᠬᠠᠩᠭᠠᠨ᠎ᠠ᠃ | · ᠣᠯᠠᠨ ᠤᠯᠤᠰ ᠤᠨ ᠬᠥᠮᠦᠡᠯᠢᠭ ᠲᠤᠰᠠᠯᠠᠮᠵᠢ᠄ ᠤᠯᠤᠰ ᠤᠨ ᠬᠢᠯᠢ ᠳᠠᠪᠠᠵᠤ᠂ ᠬᠥᠮᠦᠡᠯᠢᠭ ᠬᠦᠴᠦᠨ ᠢ | ᠳᠠᠮᠵᠢᠭᠤᠯᠤᠨ᠎ᠠ᠃ | ᠰᠠᠶᠢᠨ ᠳᠤᠷ᠎ᠠ ᠶᠢᠨ ᠠᠵᠢᠯᠯᠠᠭᠴᠢ ᠡᠯᠰᠡᠬᠦ ᠨᠥᠬᠦᠴᠡᠯ᠄ | 01ᠴᠢᠨᠠᠷ ᠤᠨ ᠢᠯᠭᠠᠯ᠂ ᠨᠠᠰᠤ ᠵᠢᠯ | ᠴᠢᠨᠠᠷ ᠤᠨ ᠢᠯᠭᠠᠯ ᠢ ᠬᠢᠵᠠᠭᠠᠷᠯᠠᠬᠤ ᠦᠭᠡᠶ᠂ ᠨᠠᠰᠤ ᠨᠢ ᠵᠠᠷᠴᠢᠮ ᠳᠡᠭᠡᠷ᠎ᠡ ᠪᠠᠨ ᠪᠦᠬᠦᠯᠢ 60 ᠨᠠᠰᠤᠨ ᠠᠴᠠ | ᠭᠡᠳᠦᠷᠡᠵᠦ ᠪᠣᠯᠬᠤ ᠦᠭᠡᠶ᠃ | 02 ᠪᠡᠶ᠎ᠡ ᠮᠠᠬᠠᠪᠤᠳ ᠤᠨ ᠴᠢᠨᠰᠠᠭ᠎ᠠ | ᠪᠡᠶ᠎ᠡ ᠮᠠᠬᠠᠪᠣᠳ ᠡᠷᠡᠭᠦᠯ ᠴᠢᠭᠢᠷᠠᠭ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ᠃ | 03 ᠠᠮᠢᠳᠤᠷᠠᠯ ᠤᠨ ᠣᠷᠣᠨ ᠪᠦᠰᠡ | ᠲᠠᠷᠬᠠᠨ ᠮᠤᠤᠮᠢᠩᠭᠠᠨ ᠤ ᠭᠠᠵᠠᠷ ᠣᠷᠣᠨ ᠢ ᠭᠤᠣᠯᠳᠠᠨ᠎ᠠ᠂ ᠭᠡᠪᠡᠴᠦ ᠭᠠᠵᠠᠷ ᠣᠷᠣᠨ ᠢ ᠬᠢᠵᠠᠭᠠᠷᠯᠠᠬᠤ ᠦᠭᠡᠢ | ᠃ | ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠷ᠎ᠡ ᠮᠡᠳᠡᠭᠦᠯᠬᠦ ᠠᠷᠭ᠎ᠠ ᠬᠡᠯᠪᠡᠷᠢ᠄ | ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠤᠯᠴᠠᠬᠤ ᠨᠠᠶᠢᠵᠠ ᠨᠠᠷ ᠳᠣᠤᠷᠠᠬᠢ ᠮᠡᠲᠦ ᠠᠷᠭ᠎ᠠ ᠮᠠᠶ᠋ᠢᠭ ᠢᠶᠠᠷ | ᠨᠡᠷ᠎ᠡ ᠮᠡᠳᠡᠭᠦᠯᠦᠨ᠎ᠡ | 01 ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠳᠣᠣᠷᠠᠬᠢ ᠬᠤᠶᠠᠷ ᠬᠡᠮᠵᠢᠯᠲᠦ ᠺᠣᠳ᠋ ᠤᠨ ᠳᠠᠩᠰᠠᠯᠠᠯᠲᠠ ᠶᠢ ᠰᠢᠷᠪᠢᠨ᠎ᠡ᠃ | ᠰᠠᠨᠠᠭᠤᠯᠤᠮᠵᠢ ᠪᠠᠷ ᠬᠤᠪᠢ ᠬᠥᠮᠥᠨ ᠤ ᠵᠠᠩᠬᠢ ᠶᠢ ᠲᠠᠭᠯᠠᠨ ᠪᠢᠴᠢᠨ᠎ᠡ | ᠳᠠᠩᠰᠠᠯᠠᠯᠲᠠ ᠠᠮᠵᠢᠯᠲᠠ ᠣᠯᠤᠭᠰᠠᠨ ᠤ ᠳᠠᠷᠠᠭ᠎ᠠ 2 - 3 ᠠᠵᠢᠯᠯᠠᠬᠤ ᠡᠳᠦᠷ ᠬᠦᠯᠢᠶᠡᠨ᠎ᠡ | ᠳᠡᠭᠡᠷ᠎ᠡ ᠳᠤᠷᠠᠳᠤᠭᠰᠠᠨ ᠬᠤᠶᠠᠷ ᠬᠡᠮᠵᠢᠯᠲᠦ ᠺᠣᠳ᠋ ᠢ ᠳᠠᠬᠢᠨᠲᠠ ᠰᠢᠷᠪᠢᠵᠦ ᠲᠠᠩᠰᠠᠯᠠᠨ᠎ᠠ | 02 ᠳ᠋ᠢᠶᠠᠩᠬᠤᠸᠠ ᠪᠠᠷ ᠬᠤᠯᠪᠤᠭᠳᠠᠬᠤ | ᠬᠠᠷᠢᠯᠴᠠᠬᠤ ᠤᠲᠠᠰᠤ᠄ 0472 – 6172668᠂ ᠨᠠᠷᠢᠨ ᠪᠠᠶᠢᠳᠠᠯ ᠢ ᠣᠶᠢᠯᠠᠭᠠᠬᠤ ᠶᠢᠨ ᠬᠠᠮᠲᠤ | ᠮᠡᠳᠡᠭᠡ ᠵᠠᠩᠭᠢ ᠶᠢ ᠳᠠᠩᠰᠠᠯᠠᠨ᠎ᠠ᠃ | 03 ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠣᠴᠢᠨ᠎ᠠ᠂ ᠬᠠᠶ᠋ᠢᠭ᠄ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠶᠡᠭᠡ ᠵᠡᠭᠡᠯᠢ ᠶᠢᠨ ᠬᠠᠭᠤᠴᠢᠨ ᠠᠵᠢᠯᠲᠠᠨ ᠤ ᠲᠣᠪᠴᠢᠶ᠎ᠠ | ︵ᠣᠲᠣ ᠶᠢᠨ ᠳᠤᠮᠳᠠᠳᠤ ᠤᠯᠤᠰ ᠤᠨ ᠪᠠᠩᠬᠢ︶ ᠶᠢᠨ ᠳᠥᠷᠪᠡᠳᠦᠭᠡᠷ ᠲᠠᠪᠬᠤᠷᠭ᠎ᠠ ᠳᠤ ᠬᠦᠷᠴᠦ᠂ ᠲᠤᠬᠠᠶ ᠶᠢᠨ | ᠲᠠᠯᠠᠪᠤᠷ ᠲᠤ ᠠᠰᠠᠭᠤᠨ ᠯᠠᠪᠯᠠᠬᠤ ᠪᠠ ᠨᠡᠷ᠎ᠡ ᠮᠡᠳᠡᠭᠦᠯᠦᠨ᠎ᠡ᠃ | ᠬᠠᠶᠢᠷᠠᠲᠤ ᠨᠠᠶᠢᠵᠠ ᠨᠠᠷ ᠪᠢᠳᠡᠨ ᠲᠠᠢ ᠭᠠᠷ ᠬᠤᠯᠪᠣᠨ ᠮᠥᠷᠥ ᠵᠡᠷᠭᠡᠴᠡᠵᠦ᠂ ᠦᠢᠯᠡ ᠠᠵᠢᠯᠯᠠᠭ᠎ᠠ ᠪᠠᠷ ᠢᠶᠠᠨ ︽ | ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ | ᠳᠤᠷ᠎ᠠ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠨᠡᠩ ᠰᠠᠶᠢᠨ ᠰᠠᠶᠢᠬᠠᠨ ᠨᠡᠶᠢᠭᠡᠮ ᠢ ᠬᠠᠮᠲᠤ ᠪᠠᠷ ᠪᠠᠶᠢᠭᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠵᠡᠭᠡᠶ᠎ᠡ᠃ ᠲᠠᠨ ᠤ ᠴᠢᠷᠮᠠᠶᠢᠯᠭ᠎ᠠ ᠨᠢᠭᠡ ᠪᠦᠷᠢ ᠪᠤᠰᠤᠳ ᠤᠨ ᠠᠮᠢᠳᠤᠷᠠᠯ ᠢ | ᠭᠡᠷᠡᠯᠲᠦᠭᠦᠯᠬᠦ ᠪᠣᠯᠤᠨ᠎ᠠ᠃ ᠲᠠᠨ ᠤ ᠣᠷᠣᠯᠴᠠᠬᠤ ᠶᠢ ᠬᠦᠯᠢᠶᠡᠵᠦ ᠪᠠᠶᠢᠨ᠎ᠠ᠂ ᠪᠢᠳᠡ ᠬᠠᠮᠲᠤ ᠳᠠᠭᠠᠨ ᠬᠠᠶᠢᠷ᠎ᠠ ᠪᠠᠨ | ᠳᠠᠮᠵᠢᠭᠤᠯᠵᠤ᠂ ᠬᠥᠮᠥᠨ ᠤ ᠣᠷᠴᠢᠯᠠᠩ ᠢ ᠳᠤᠯᠠᠭᠠᠬᠠᠨ ᠪᠣᠯᠭᠠᠶ᠎ᠠ︕ |