12 ᠳ᠋ᠤᠭᠠᠷ ᠰᠠᠷ᠎ᠠ ᠶᠢᠨ 10 ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/12/11
      ᠣᠶᠢᠷ᠎ᠠ ᠳᠤ᠂ ᠢᠯᠢ ᠪᠦᠯᠦᠭᠯᠡᠯ ᠨᠢ ᠣᠯᠠᠨ ᠤᠯᠤᠰ ᠤᠨ ᠭᠡᠷᠡᠴᠢᠯᠡᠭᠡ ᠶᠢᠨ ᠪᠠᠶᠢᠭᠤᠯᠤᠮᠵᠢ SGS ᠤᠨ ᠣᠯᠭᠤᠭᠰᠠᠨ ISO14068 ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠭᠤᠭᠤᠯᠤᠨ ᠪᠠᠶᠢᠴᠠᠭᠠᠬᠤ ᠢᠯᠡᠷᠬᠡᠶᠢᠯᠡᠯᠲᠡ ᠶᠢᠨ ᠦᠨᠡᠮᠯᠡᠯ ᠢ ᠭᠠᠷᠳᠠᠪᠠ᠂ ᠡᠨᠡ ᠨᠢ ᠤᠯᠤᠰ ᠤᠨ ᠳᠣᠲᠣᠭᠠᠳᠤ ᠶᠢᠨ ᠢᠳᠡᠭᠡᠨ ᠤ ᠠᠵᠢᠯ ᠲᠥᠷᠥᠯ ᠤᠨ ᠪᠦᠯᠦᠭᠯᠡᠯ ᠤᠨ ᠳᠡᠰ ᠳᠠᠪᠬᠤᠷᠭ᠎ᠠ ᠶᠢᠨ ᠬᠢᠨ ᠤ ᠬᠦᠷᠲᠡᠭᠰᠡᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠭᠤᠭᠤᠯᠤᠨ ᠪᠠᠶᠢᠴᠠᠭᠠᠬᠤ ᠢᠯᠡᠷᠬᠡᠶᠢᠯᠡᠯᠲᠡ ᠶᠢᠨ ᠠᠩᠬᠠᠳᠠᠭᠴᠢ ᠦᠨᠡᠮᠯᠡᠯ ᠪᠣᠯᠤᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶      12 ᠳ᠋ᠤᠭᠠᠷ ᠰᠠᠷ᠎ᠠ ᠶᠢᠨ 6 ᠤ ᠡᠳᠦᠷ᠂ 2024 ᠳᠤᠮᠳᠠᠳᠤ ᠤᠯᠤᠰ ᠤᠨ ᠰᠣᠶᠣᠯ ᠤᠨ ᠪᠣᠳᠤᠯᠲᠠ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠲᠦᠩᠯᠢᠶᠣᠤ ᠬᠤᠲᠠ ᠶᠢᠨ ᠬᠠᠮ ᠵᠠᠭᠤᠴᠢᠯᠠᠭᠤᠷ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠨᠢ ᠤᠯᠤᠰ ᠤᠨ ᠰᠣᠶᠣᠯ ᠤᠨ ᠲᠣᠮᠣ ᠳ᠋ᠠᠶᠢᠲ᠋ᠠ ᠶᠢᠨ ᠢᠯᠡᠷᠬᠡᠶᠢᠯᠡᠯ ᠲᠠᠢ ᠰᠠᠭᠤᠷᠢᠨ ᠭᠠᠵᠠᠷ᠂ ᠤᠯᠤᠰ ᠤᠨ ᠰᠣᠶᠣᠯ ᠤᠨ ᠲᠣᠮᠣ ᠳ᠋ᠠᠶᠢᠲ᠋ᠠ ᠶᠢᠨ ᠲᠤᠰᠬᠠᠶ ᠮᠡᠷᠭᠡᠵᠢᠯ ᠤᠨ ᠲᠥᠪ ᠢᠶᠠᠷ ᠨᠡᠷᠡᠮᠵᠢᠯᠡᠭᠳᠡᠪᠡ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶      12 ᠳ᠋ᠤᠭᠠᠷ ᠰᠠᠷ᠎ᠠ ᠶᠢᠨ 6 ᠤ ᠡᠳᠦᠷ᠂ ᠭᠠᠭᠴᠠᠮᠣᠳᠣ ᠬᠢᠯᠢ ᠶᠢᠨ ᠪᠣᠭᠤᠮᠲᠠ ᠠᠴᠠ ᠬᠠᠯᠢᠭᠤᠲᠤ ᠬᠦᠷᠬᠦ ᠲᠦᠷᠭᠡᠨ ᠤ ᠵᠠᠰᠠᠮᠠᠯ ᠵᠠᠮ ᠪᠣᠯᠬᠤ G0616 ᠵᠠᠮ ᠤᠨ ᠵᠡᠭᠦᠨ ᠲᠠᠯ᠎ᠠ ᠨᠢ ᠨᠡᠪᠲᠡᠷᠡᠪᠡ᠂ ᠡᠨᠡ ᠨᠢ ᠮᠠᠨ ᠤ ᠣᠷᠣᠨ ᠤ ᠭᠤᠷᠪᠠᠳᠤᠭᠠᠷ ᠵᠣᠷᠪᠣᠰ ︽ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ︾ ᠪᠥᠬᠦ ᠱᠤᠭᠤᠮ ᠢᠶᠠᠷ ᠢᠶᠠᠨ ᠨᠡᠪᠲᠡᠷᠡᠭᠰᠡᠨ ᠢ ᠬᠠᠷᠠᠭᠤᠯᠵᠤ ᠪᠣᠢ ︵ᠲᠣᠰ ᠲᠥᠷᠥᠯ ᠵᠦᠢᠯ ᠤᠨ ᠲᠦᠷᠭᠡᠨ ᠤ ᠵᠠᠰᠠᠮᠠᠯ ᠵᠠᠮ ᠤᠨ ᠪᠠᠷᠠᠭᠤᠨ ᠲᠠᠯ᠎ᠠ ᠨᠢ 7 ᠳ᠋ᠤᠭᠠᠷ ᠰᠠᠷ᠎ᠠ ᠶᠢᠨ 31 ᠤ ᠡᠳᠦᠷ ᠨᠡᠪᠲᠡᠷᠡᠪᠡ︶᠃ ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶      ᠣᠶᠢᠷ᠎ᠠ ᠳᠤ᠂ 2024 ᠨᠡᠶᠢᠭᠡᠮ ᠤᠨ ᠵᠠᠰᠠᠯᠲᠠ ᠶᠢᠨ ᠵᠠᠭᠤᠨ ᠬᠦᠴᠦᠷᠬᠡᠭ ᠰᠢᠶᠠᠨ ︵ᠬᠤᠲᠠ ᠲᠣᠭᠤᠷᠢᠭ︶ ᠢ ᠨᠡᠶᠢᠲᠡᠯᠡᠬᠦ ᠵᠢᠴᠢ ᠰᠤᠳᠤᠯᠤᠨ ᠶᠠᠷᠢᠯᠴᠠᠵᠤ ᠰᠠᠨᠠᠯ ᠰᠣᠯᠢᠯᠴᠠᠬᠤ ᠬᠤᠷᠠᠯ ᠳᠡᠭᠡᠷ᠎ᠡ᠂ ᠵᠡᠭᠦᠨᠭᠠᠷ ᠬᠤᠰᠢᠭᠤ ᠥᠩᠭᠡ ᠭᠡᠷᠡᠯᠲᠡᠢ ᠪᠠᠷ 2024 ᠨᠡᠶᠢᠭᠡᠮ ᠤᠨ ᠵᠠᠰᠠᠯᠲᠠ ᠶᠢᠨ ᠬᠠᠮᠤᠭ ᠰᠠᠶᠢᠨ ᠳᠠᠪᠰᠢᠯᠲᠠ ᠲᠠᠢ ᠰᠢᠶᠠᠨ ︵ᠬᠤᠲᠠ᠂ ᠲᠣᠭᠤᠷᠢᠭ︶ ᠤ ᠨᠡᠷᠡᠰ ᠲᠤ ᠵᠢᠭᠰᠠᠭᠠᠭᠳᠠᠪᠠ᠂ ᠡᠨᠡ ᠨᠢ ᠲᠤᠰ ᠨᠡᠷᠡᠰ ᠲᠤ ᠵᠢᠭᠰᠠᠭᠠᠭᠳᠠᠭᠰᠠᠨ ᠮᠠᠨ ᠤ ᠣᠷᠣᠨ ᠳᠠᠬᠢ ᠴᠣᠷ ᠤᠨ ᠭᠠᠭᠴᠠ ᠬᠤᠰᠢᠭᠤ ᠰᠢᠶᠠᠨ ᠪᠣᠯᠤᠨ᠎ᠠ᠃ ︵ᠵᠡᠭᠦᠨᠭᠠᠷ ᠬᠤᠰᠢᠭᠤᠨ ᠤ ᠵᠠᠰᠠᠭ ᠤᠨ ᠣᠷᠳᠣᠨ︶      12 ᠳ᠋ᠤᠭᠠᠷ ᠰᠠᠷ᠎ᠠ ᠶᠢᠨ 6 ᠤ ᠡᠳᠦᠷ᠂ ᠤᠯᠤᠰ ᠤᠨ ᠲᠡᠰ ᠤᠨ ᠪᠣᠯᠪᠠᠰᠤᠨ ᠵᠢᠭᠤᠯᠴᠢᠯᠠᠯ ᠤᠨ ᠭᠤᠷᠪᠠᠳᠤᠭᠠᠷ ᠪᠦᠯᠦᠭ ᠵᠢᠱᠢᠶ᠎ᠡ ᠦᠵᠡᠭᠦᠯᠬᠦ ᠨᠢᠭᠡᠴᠢ ᠶᠢᠨ ᠨᠡᠷᠡᠰ ᠢ ᠨᠡᠶᠢᠲᠡᠯᠡᠪᠡ᠂ ᠳ᠋ᠧᠩᠺᠸᠤ ᠰᠢᠶᠠᠨ ᠤ ᠰᠠᠨ ᠱᠧᠩ ᠭᠦᠩ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠠᠮᠵᠢᠯᠲᠠ ᠲᠠᠢ ᠪᠠᠷ ᠰᠣᠩᠭᠤᠭᠳᠠᠪᠠ᠃ ︵ᠳ᠋ᠧᠩᠺᠸᠦ ᠰᠢᠶᠠᠨ ᠤ ᠵᠠᠰᠠᠭ ᠤᠨ ᠣᠷᠳᠣᠨ︶      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ 2024 ᠣᠨ ᠤ ᠲᠣᠰᠬᠤᠨ ᠤ ᠱᠠᠲᠤᠨ ᠤ ᠭᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ ᠠᠩᠬᠠᠳᠠᠭᠴᠢ ᠴᠠᠬᠢᠯᠭᠠᠨ ᠥᠷᠲᠡᠭᠡ ᠪᠣᠯᠬᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠣᠰᠬᠤᠨ ᠤ ᠱᠠᠲᠤᠨ ᠤ ᠭᠡᠷᠡᠯᠴᠢ ᠴᠡᠨᠡᠭ ᠤᠨ ᠴᠠᠬᠢᠯᠭᠠᠨ ᠥᠷᠲᠡᠭᠡ ᠶᠢ ᠴᠠᠬᠢᠯᠭᠠᠨ ᠬᠦᠴᠦᠨ ᠤ ᠲᠣᠤᠷ ᠲᠤ ᠨᠡᠶᠢᠯᠡᠭᠦᠯᠵᠦ ᠴᠠᠬᠢᠯᠭᠠᠨ ᠭᠠᠷᠭᠠᠬᠤ ᠪᠣᠯᠪᠠ᠃ ᠲᠥᠷᠥᠯ ᠵᠦᠢᠯ ᠳᠠᠬᠢ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1.9 ᠰᠠᠶ᠎ᠠ ᠸᠠᠲ ᠪᠠᠶᠢᠵᠤ᠂ ᠭᠡᠷᠡᠯᠴᠢ ᠴᠡᠨᠡᠭ ᠤᠨ ᠬᠠᠪᠲᠠᠰᠤ ᠶᠢ 1300 ᠬᠡᠰᠡᠭ ᠤᠭᠰᠠᠷᠠᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 416 ᠲᠦᠮᠡᠨ ᠺᠢᠯᠣᠸᠠᠲ ᠴᠠᠭ ᠲᠤ ᠬᠦᠷᠪᠡ᠃ ︵ᠴᠠᠬᠢᠯᠭᠠᠨ ᠬᠦᠴᠦᠨ ᠤ ᠪᠦᠯᠦᠭᠯᠡᠯ︶ 
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号