ᠬᠥᠯᠥᠨ ᠪᠤᠶᠢᠷ ᠬᠤᠲᠠ ᠮᠡᠳᠡᠯᠭᠡ ᠶᠢᠨ ᠥᠮᠴᠢᠯᠡᠬᠦ ᠡᠷᠬᠡ ᠶᠢ ᠤᠯᠠᠷᠢᠭᠤᠯᠤᠨ ᠬᠡᠷᠡᠭᠯᠡᠬᠦ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠴᠢᠳᠠᠪᠤᠷᠢ ᠣᠯᠭᠤᠵᠤ ᠠᠬᠢᠭᠤᠯᠪᠠ
ᠨᠡᠶᠢᠲᠡᠯᠡᠭᠰᠡᠨ ᠴᠠᠭ᠄
2024/12/11
      ᠨᠢᠭᠡ ᠳᠤ᠂ ᠠᠵᠤ ᠠᠬᠤᠶᠢᠯᠠᠯ ᠤᠨ ︽ᠪᠡᠯᠡ ᠬᠤᠷᠠᠮᠳᠤᠭᠤᠯᠬᠤ ᠳᠤ ᠬᠦᠴᠢᠷ︾ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠮᠡᠳᠡᠯᠭᠡ ᠶᠢᠨ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠶᠢ ᠥᠷᠨᠢᠭᠦᠯᠵᠦ᠂ ᠭᠠᠵᠠᠷ ᠵᠦᠶ ᠶᠢᠨ ᠲᠡᠮᠳᠡᠭ ᠤᠨ ᠡᠷᠬᠡ ᠳᠤ ᠬᠠᠯᠳᠠᠭᠰᠠᠨ ᠬᠤᠬᠢᠷᠠᠯ ᠤᠨ ᠠᠩᠬᠠᠨ ᠤ ᠳᠠᠭᠠᠳᠬᠠᠯ ᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠵᠤ᠂ 4 ᠠᠵᠤ ᠠᠬᠤᠶᠢᠯᠠᠯ ᠳᠤ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠬᠠᠩᠭᠠᠪᠠ᠃ ᠬᠤᠶᠠᠷ ᠲᠤ᠂ ᠲᠤᠰᠬᠠᠶ ᠠᠰᠢᠭ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠪᠡ᠃ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠤᠨ ᠲᠣᠭᠠᠯᠠᠨ ᠪᠦᠷᠢᠳᠬᠡᠬᠦ ᠠᠵᠢᠯ ᠢ ᠪᠡᠶᠡᠯᠡᠭᠦᠯᠵᠦ᠂ ᠬᠥᠯᠥᠨ ᠪᠤᠶᠢᠷ ᠳᠡᠭᠡᠳᠦ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠣᠲᠣ ᠪᠠᠶᠢᠭ᠎ᠠ 156 ᠲᠤᠰᠬᠠᠶ ᠠᠰᠢᠭ ᠢ ᠴᠦᠮ ᠲᠣᠭᠠᠯᠠᠨ ᠪᠦᠷᠢᠳᠬᠡᠵᠦ ᠬᠦᠮᠦᠷᠭᠡ ᠳᠤ ᠤᠷᠤᠭᠤᠯᠪᠠ᠂ ᠡᠭᠦᠨ ᠳᠤ ᠥᠨᠳᠥᠷ ᠦᠷᠳᠡᠭ ᠲᠠᠢ 28 ᠲᠤᠰᠬᠠᠶ ᠠᠰᠢᠭ ᠢ ᠬᠥᠮᠥᠷᠭᠡ ᠳᠤ ᠣᠷᠣᠭᠤᠯᠪᠠ᠃ ᠤᠳᠤ ᠪᠣᠯᠲᠠᠯ᠎ᠠ᠂ ᠪᠥᠬᠦ ᠬᠤᠲᠠ ᠳᠤ ᠨᠡᠶᠢᠲᠡ ᠣᠯᠠᠨ ᠤᠯᠤᠰ ᠤᠨ PCT ᠲᠤᠰᠬᠠᠶ ᠠᠰᠢᠭ ᠢ 128 ᠬᠤᠪᠢ ᠭᠤᠶᠤᠴᠢᠯᠠᠪᠠ᠃ ᠭᠤᠷᠪᠠ ᠳᠤ᠂ ᠭᠠᠵᠠᠷ ᠵᠦᠢ ᠶᠢᠨ ᠲᠡᠮᠳᠡᠭ ᠲᠠᠢ ᠨᠡᠷᠡᠳᠦ ᠲᠡᠮᠳᠡᠭ ᠢ ᠢᠳᠡᠪᠬᠢᠲᠡᠶ ᠪᠠᠷ ᠪᠤᠢ ᠪᠣᠯᠭᠠᠪᠠ᠃ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ︾ ︽ᠰᠢᠨ᠎ᠡ ᠪᠠᠷᠭᠤ ᠵᠡᠭᠦᠨ ᠬᠤᠰᠢᠭᠤᠨ ᠤ ᠦᠬᠡᠷ︾ ᠵᠡᠷᠭᠡ ᠭᠠᠵᠠᠷ ᠵᠦᠶ ᠶᠢᠨ ᠳᠠᠪᠠᠭᠤᠯᠢᠭ ᠲᠡᠮᠳᠡᠭ ᠲᠠᠢ ᠨᠠᠷᠠᠲᠤ ᠲᠡᠮᠳᠡᠭ ᠢ ᠲᠥᠪᠯᠡᠷᠡᠭᠦᠯᠦᠨ ᠪᠤᠢ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠪᠣᠯᠣᠨ ︽ᠦᠪᠦᠷ ᠮᠣᠩᠭᠤᠯ︾ ᠥᠰᠥᠭ ᠤᠨ ᠲᠡᠮᠳᠡᠭᠳᠦ ᠭᠡᠷᠡᠴᠢᠯᠡᠭᠡ ᠶᠢᠨ ᠲᠤᠭ᠎ᠠ ᠪᠠᠷ ᠢᠶᠠᠨ ᠪᠥᠬᠦ ᠣᠷᠣᠨ ᠳᠤ ᠲᠡᠷᠢᠭᠦᠯᠡᠪᠡ᠃ ︵ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号