ᠮᠠᠨ ᠤ ᠣᠷᠣᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/12/11
      ᠨᠢᠭᠡ ᠳᠤ᠂ ᠣᠯᠠᠨ ᠡᠰᠢᠵᠢᠭᠦᠯᠦᠨ ᠪᠡᠯᠡ ᠣᠷᠤᠭᠤᠯᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠬᠤ᠂ ᠲᠥᠪ ᠤᠨ ᠠᠵᠤ ᠠᠬᠤᠶᠢᠯᠠᠯ ᠢ ᠳᠡᠶᠢᠴᠢᠯᠡᠨ ᠣᠷᠣᠯᠴᠠᠭᠤᠯᠬᠤ᠂ ᠨᠡᠶᠢᠲᠡ ᠶᠢᠨ ᠠᠰᠠᠷᠠᠮᠵᠢ ᠶᠢᠨ ᠡᠯᠡᠰᠦ ᠶᠢ ᠵᠠᠰᠠᠬᠤ ᠠᠵᠢᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 112 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠦᠪᠡᠰᠦᠪᠡᠨ ᠬᠤᠷᠠᠮᠳᠤᠭᠤᠯᠵᠤ᠂ ᠡᠯ᠎ᠡ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠨᠢᠭᠡᠳᠦᠯᠲᠡᠶ ᠲᠥᠯᠥᠪᠯᠡᠨ ᠬᠡᠷᠡᠭᠯᠡᠪᠡ᠃ ᠬᠤᠶᠠᠷ ᠲᠤ᠂ ᠣᠯᠠᠨ ᠲᠠᠯ᠎ᠠ ᠶᠢᠨ ᠬᠢᠨ ᠢ ᠣᠷᠤᠯᠴᠠᠭᠤᠯᠪᠠ᠂ 15 ᠲᠠᠯ᠎ᠠ ᠶᠢᠨ 44 ᠵᠤᠷᠪᠤᠰ ᠠᠷᠭ᠎ᠠ ᠬᠡᠮᠵᠢᠶ᠎ᠡ ᠶᠢ ᠭᠠᠷᠭᠠᠵᠤ᠂ ᠡᠯ᠎ᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠂ ︽ᠵᠠᠮ ᠲᠡᠪᠢᠰᠬᠦ ᠪᠠ ᠠᠷᠠᠴᠢᠯᠠᠬᠤ ᠪᠠᠷ ᠡᠯᠡᠰᠦ ᠶᠢ ᠵᠠᠰᠠᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ ᠭᠤᠷᠪᠠ ᠳᠤ᠂ ᠭᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 15 ᠲᠦᠷᠦᠯ ᠵᠦᠢᠯ ᠢ ᠬᠡᠷᠡᠭᠵᠢᠭᠦᠯᠵᠦ᠂ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠤᠨ ᠡᠯᠡᠰᠦ ᠶᠢ ᠵᠠᠰᠠᠬᠤ ᠦᠷ᠎ᠡ ᠠᠰᠢᠭ ᠢ ᠳᠡᠭᠡᠭᠰᠢᠯᠡᠭᠦᠯᠬᠦ 7 ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠢ 40 ᠰᠠᠭᠤᠷᠢ ᠪᠠᠶᠢᠭᠤᠯᠵᠤ᠂ 3.2 ᠳ᠋ᠦᠩᠰᠢᠭᠤᠷ ᠰᠠᠭᠤᠷᠢ ᠴᠢᠬᠢ ᠮᠣᠳᠣ ᠪᠤᠶᠢᠵᠢᠭᠤᠯᠵᠤ᠂ ᠡᠯ᠎ᠡ ᠲᠦᠷᠦᠯ ᠤᠨ ᠴᠢᠬᠢ ᠮᠣᠳᠣ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ ᠨᠢ 39 ᠲᠦᠮᠡᠨ ᠮᠦ ᠳᠤ ᠬᠦᠷᠴᠦ᠂ ᠢᠷᠡᠬᠦ ᠵᠢᠯ ᠤᠨ ᠪᠤᠶᠢᠵᠢᠭᠤᠯᠤᠯᠳᠠ ᠳᠤ 20 ᠳ᠋ᠦᠩᠰᠢᠭᠤᠷ ᠰᠠᠭᠤᠷᠢ ᠣᠷᠴᠢᠮ ᠴᠢᠬᠢ ᠮᠣᠳᠣ ᠬᠠᠩᠭᠠᠬᠤ ᠪᠣᠯᠤᠨ᠎ᠠ︔ ᠡᠪᠡᠰᠦᠨ ᠦᠷ᠎ᠠ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 36.7 ᠲᠦᠮᠡᠨ ᠮᠤ᠋ ᠪᠠᠶᠢᠭᠤᠯᠵᠤ᠂ ᠵᠢᠯ ᠤᠨ ᠲᠠᠷᠢᠬᠤ ᠴᠢᠳᠠᠪᠤᠷᠢ 800 ᠲᠦᠮᠡᠨ ᠺᠢᠯᠤᠭ᠍ᠷᠠᠮ ᠳᠤ ᠬᠦᠷᠪᠡ︔ ᠡᠯ᠎ᠡ ᠭᠠᠵᠠᠷ ᠤᠨ ᠲᠤᠬᠠᠶ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ᠂ ᠬᠠᠶᠠᠭᠳᠠᠮᠠᠯ ᠡᠳ᠋ ᠢ ᠡᠷᠳᠡᠨᠢ ᠪᠣᠯᠭᠠᠬᠤ ᠶᠢ ᠨᠢ ᠵᠣᠷᠢᠭᠵᠢᠭᠤᠯᠵᠤ᠂ 114.2 ᠲᠦᠮᠡᠨ ᠲᠣᠨ ᠡᠯᠡᠰᠦ ᠶᠢ ᠬᠤᠷᠢᠭᠯᠠᠨ ᠵᠠᠰᠠᠬᠤ ᠪᠠᠳᠤᠯᠠᠭ᠎ᠠ ᠶᠢᠨ ᠮᠠᠲ᠋ᠧᠷᠢᠶᠠᠯ ᠢ ᠤᠷᠢᠳᠴᠢᠯᠠᠨ ᠨᠥᠭᠡᠴᠡᠯᠡᠵᠦ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠳᠤ ᠬᠡᠷᠡᠭᠯᠡᠬᠦ ᠴᠢᠬᠢ ᠮᠣᠳᠤᠨ ᠤ ᠮᠠᠲ᠋ᠧᠷᠢᠶᠠᠯ ᠤᠨ ᠬᠡᠷᠡᠭᠴᠡᠭᠡ ᠶᠢ ᠪᠠᠳᠤᠯᠠᠪᠠ᠃ ᠲᠦᠷᠪᠡ ᠳᠤ᠂ ᠪᠠᠶᠢᠭᠤᠯᠵᠤ ᠣᠶᠢᠵᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠪᠠ᠂ ︽ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ +︾ ᠶᠢᠨ ᠵᠠᠭᠪᠤᠷ ᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠠᠴᠠ ᠣᠷᠣᠯᠠᠨ ᠬᠠᠮᠢᠶᠠᠷᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ︽ᠣᠢ ᠰᠢᠭᠤᠢ ᠶᠢᠨ ᠲᠠᠯᠠᠪᠠᠢ ᠠᠴᠠ ᠭᠠᠳᠠᠨ᠎ᠠ ᠣᠢ ᠰᠢᠭᠤᠢ ᠶᠢᠨ ᠲᠠᠯᠠᠪᠠᠢ ᠡᠷᠬᠢᠯᠡᠬᠦ︾ ︽ᠣᠢ ᠰᠢᠭᠤᠢ ᠶᠢᠨ ᠲᠠᠯᠠᠪᠠᠢ ᠠᠴᠠ ᠭᠠᠳᠠᠨᠠᠬᠢ ᠤᠢ ᠰᠢᠭᠤᠢ ᠶᠢ ᠬᠠᠮᠢᠶᠠᠷᠴᠤ ᠬᠠᠮᠠᠭᠠᠯᠠᠬᠤ︾ ᠵᠡᠷᠭᠡ ᠨᠠᠶᠢᠳᠠᠨ ᠬᠠᠮᠢᠶᠠᠷᠤᠭᠤᠯᠬᠤ ᠠᠷᠭ᠎ᠠ ᠬᠡᠯᠪᠡᠷᠢ ᠠᠪᠬᠤ ᠶᠢ ᠵᠣᠷᠢᠭᠵᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ 2024 ᠣᠨ ᠳᠤ᠂ ᠮᠠᠨ ᠤ ᠣᠷᠣᠨ ᠨᠢᠭᠡᠨᠲᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠶᠠᠨ 1954 ᠲᠦᠮᠡᠨ ᠮᠥ ᠪᠡᠶᠡᠯᠡᠭᠦᠯᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃ ︵ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号