ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠄ ︽ᠰᠢᠢᠳᠪᠦᠷᠢᠯᠡᠭᠳᠡᠬᠦᠢ ᠰᠡᠳᠬᠢᠬᠦᠢ︾ ᠪᠠᠷ ᠪᠠᠭ᠎ᠠ ᠲᠣᠭᠤᠷᠢᠭ ᠤᠨ ᠬᠠᠮᠢᠶᠠᠷᠤᠯᠲᠠ ᠶᠢᠨ ᠪᠣᠭᠤᠮᠢ ᠶᠢ ᠲᠠᠶᠢᠯᠪᠠ
ᠨᠡᠶᠢᠲᠡᠯᠡᠭᠰᠡᠨ ᠴᠠᠭ᠄
2024/12/11
      ᠠᠳᠠᠯ ᠠᠬᠤᠶ ᠶᠢᠨ ᠦᠢᠯᠡᠴᠢᠯᠡᠭᠡ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠣᠯᠠᠨ ᠲᠦᠮᠡᠨ ᠤ ᠡᠳᠦᠷ ᠢᠷᠡᠬᠦᠶ᠎ᠡ ᠲᠦᠷᠦᠭᠳᠡᠵᠦ ᠪᠠᠶᠢᠭ᠎ᠠ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠮᠥᠨ᠂ ᠪᠠᠰᠠ ᠴᠤ ᠦᠨᠳᠦᠰᠦᠨ ᠱᠠᠲᠤᠨ ᠤ ᠵᠠᠰᠠᠯᠲᠠ ᠶᠢᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠃ ᠪᠠᠲᠤᠬᠠᠭᠠᠯᠭ᠎ᠠ ᠪᠠᠯᠭᠠᠰᠤ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠥᠪ ᠪᠠᠯᠭᠠᠰᠤ᠂ ᠪᠥᠬᠦ ᠬᠤᠰᠢᠭᠤᠨ ᠤ ᠴᠣᠷ ᠤᠨ ᠭᠠᠭᠴᠠ ᠨᠡᠶᠢᠭᠡᠮ ᠲᠣᠭᠤᠷᠢᠭ ᠲᠠᠢ ᠰᠢᠶᠠᠩ ᠪᠠᠯᠭᠠᠰᠤ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠵᠣᠬᠢᠬᠤ ᠠᠵᠢᠯ ᠥᠷᠨᠢᠭᠦᠯᠦᠭᠰᠡᠨ ᠪᠠᠶᠢᠨ᠎ᠠ᠂ ᠭᠡᠪᠡᠴᠦ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠳᠤ ᠮᠥᠨ ᠬᠦ ᠲᠦᠪᠡᠭ ᠲᠠᠢ ᠮᠠᠳᠠᠭ ᠲᠠᠢ ᠠᠰᠠᠭᠤᠳᠠᠯ‌ᠣᠷᠣᠰᠢᠵᠤ ᠪᠠᠶᠢᠨ᠎ᠠ᠃ ᠨᠢᠳᠤᠨᠤᠨ ᠠᠴᠠ ᠨᠠᠭᠠᠰᠢ᠂ ᠪᠠᠲᠤᠬᠠᠭᠠᠯᠭ᠎ᠠ ᠪᠠᠯᠭᠠᠰᠤ ︽ᠰᠢᠢᠳᠪᠦᠷᠢᠯᠡᠭᠳᠡᠬᠦᠢ ᠰᠡᠳᠬᠢᠬᠦᠢ︾ ᠪᠠᠨ ᠴᠢᠩᠭᠠᠳᠬᠠᠵᠤ᠂ ︽ᠨᠢᠭᠡ ᠪᠠᠷ ᠭᠤᠣᠯᠯᠠᠵᠤ ᠲᠦᠷᠪᠡ ᠳᠤ ᠣᠷᠤᠬᠤ ᠣᠯᠠᠨ ᠡᠰᠢᠳᠦ︾ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠡᠢ᠃      ᠪᠠᠶᠠᠨ ᠪᠠᠭ᠎ᠠ ᠲᠣᠭᠤᠷᠢᠭ ᠲᠤ ᠣᠷᠣᠬᠤ ᠳᠤ᠂ ᠴᠡᠪᠡᠷ ᠴᠡᠮᠴᠡᠭᠡᠷ ᠡᠮᠬᠢ ᠵᠢᠷᠤᠮ ᠲᠠᠢ ᠣᠷᠴᠢᠨ ᠲᠣᠭᠤᠷᠢᠨ ᠨᠢᠳᠦᠨ ᠳᠤ ᠲᠤᠷᠠᠶᠢᠨ᠎ᠠ᠂ ᠬᠡᠤᠬᠡᠳ ᠤᠳ ᠭᠤᠯᠭᠤᠭᠤᠷ ᠱᠠᠲᠤᠨ ᠳᠡᠭᠡᠷ᠎ᠡ ᠪᠠᠬ᠎ᠠ ᠪᠠᠨ ᠬᠠᠩᠳᠠᠯ᠎ᠠ ᠨᠠᠭᠠᠳᠴᠤ᠂ ᠪᠠᠷ᠎ᠠ ᠪᠣᠯᠵᠤ ᠪᠠᠶᠢᠭ᠎ᠠ ᠭᠡᠷ ᠤᠨ ᠠᠬᠠᠮᠠᠳ ᠤᠳ ᠪᠡᠶ᠎ᠡ ᠴᠢᠭᠢᠷᠠᠭᠵᠢᠭᠤᠯᠬᠤ ᠲᠣᠭᠤᠷᠢᠭ ᠲᠤ ᠪᠡᠶ᠎ᠡ ᠪᠠᠨ ᠪᠣᠯᠪᠠᠰᠤᠷᠠᠭᠤᠯᠵᠤ᠂ ᠨᠠᠰᠤᠲᠠᠶᠢᠴᠤᠳ ᠰᠡᠯᠡᠭᠦᠴᠡᠯ ᠤᠨ ᠤᠷᠲᠤ ᠬᠤᠩᠭᠢᠯ ᠳᠤ ᠨᠠᠰᠤᠨ ᠤ ᠨᠠᠮᠤᠷ ᠢᠶᠠᠨ ᠡᠳ᠋ᠯᠡᠨ᠎ᠡ ᠁ ᠨᠠᠰᠤᠲᠠᠶᠢᠴᠤᠳ ᠤᠨ ᠡᠪᠦᠯ ᠤᠨ ᠤᠯᠠᠷᠢᠯ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠪᠠᠲᠤᠯᠠᠬᠤ ᠶᠢᠨ ᠲᠥᠯᠥᠭᠡ᠂ ᠥᠮᠴᠢᠲᠡᠨ ᠤ ᠵᠥᠪᠯᠡᠯ ᠨᠡᠶᠢᠭᠡᠮ ᠲᠣᠭᠤᠷᠢᠭ ᠲᠠᠢ ᠭᠠᠷ ᠬᠤᠯᠪᠣᠨ ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠢ ᠨᠠᠷᠢᠨ ᠨᠢᠮᠪᠠᠢ ᠪᠠᠶᠢᠭᠤᠯᠵᠤ᠂ ᠤᠳᠤ ᠠᠵᠢᠯ ᠨᠢᠭᠡᠨᠳᠡ ᠰᠢᠪᠳᠤᠷᠭᠠᠨ ᠳᠠᠭᠠᠨ ᠣᠷᠤᠵᠤ᠂ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ︽ᠬᠠᠯᠠᠭᠤᠨ ᠳᠤᠯᠠᠭᠠᠨ ᠵᠢᠵᠢᠭ ᠭᠡᠷ︾ ᠤᠳᠠᠬᠤ ᠦᠭᠡᠢ ᠣᠯᠠᠨ ᠲᠠᠢ ᠵᠣᠯᠭᠠᠬᠤ ᠪᠣᠯᠤᠨ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠡᠷᠭᠡᠨ ᠤ ᠫᠧᠩ ᠰᠠᠷᠠᠪᠴᠢ ᠪᠠ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃      ᠥᠪᠡᠷᠲᠡᠭᠡᠨ ᠬᠠᠮᠢᠶᠠᠷᠬᠤ ᠪᠠᠭ᠎ᠠ ᠲᠣᠭᠤᠷᠢᠭ ᠪᠣᠯᠤᠭᠰᠠᠨ ᠤ ᠬᠤᠪᠢ ᠳᠤ᠂ ᠪᠠᠶᠠᠨ ᠲᠣᠭᠤᠷᠢᠭ ᠨᠢ 2020 ᠣᠨ ᠤ 5 ᠳ᠋ᠤᠭᠠᠷ ᠰᠠᠷ᠎ᠠ ᠳᠤ ᠥᠮᠴᠢᠲᠡᠨ ᠤ ᠵᠥᠪᠯᠡᠯ ᠢ ᠪᠠᠶᠢᠭᠤᠯᠵᠤ᠂ ᠠᠯᠢ ᠣᠯᠠᠨ ᠪᠠᠭ᠎ᠠ ᠲᠣᠭᠤᠷᠢᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠲᠣᠭᠲᠠᠭᠠᠵᠤ᠂ ᠪᠠᠭ᠎ᠠ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠢᠮᠠᠭᠲᠠ ᠴᠢᠷᠮᠠᠶᠢᠵᠤ᠂ ᠪᠠᠭ᠎ᠠ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠢᠯᠡ ᠲᠣᠳᠣ᠂ ᠵᠦᠶ ᠵᠣᠬᠢᠰᠲᠠᠶ ᠪᠠᠶᠢᠯᠭᠠᠬᠤ ᠶᠢ ᠦᠨᠡᠨ ᠬᠦ ᠪᠠᠲᠤᠯᠠᠪᠠ᠃ ︽ᠪᠢᠳᠡ ᠠᠰᠠᠭᠤᠳᠠᠯ ᠠᠴᠠ ᠵᠠᠶᠢᠯᠠᠬᠤ ᠦᠭᠡᠢ᠂ ᠥᠷᠢᠰᠥᠯᠳᠦᠭᠡᠨ ᠳᠤ ᠰᠢᠭᠤᠳ ᠬᠠᠨᠳᠤᠵᠤ᠂ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠣᠴᠢᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠭᠦᠨ᠎ᠡ︾ ᠭᠡᠵᠦ ᠪᠠᠶᠠᠨ ᠪᠠᠭ᠎ᠠ ᠲᠣᠭᠤᠷᠢᠭ ᠤᠨ ᠥᠮᠴᠢᠲᠡᠨ ᠤ ᠵᠥᠪᠯᠡᠯ ᠤᠨ ᠭᠡᠰᠢᠭᠦᠨ ᠰᠦᠩ ᡁᠢ ᠬᠤᠸᠠ ᠲᠠᠨᠢᠯᠴᠠᠭᠤᠯᠪᠠ᠃ ᠪᠠᠭ᠎ᠠ ᠲᠣᠭᠤᠷᠢᠭ ᠤᠨ ᠥᠮᠴᠢᠲᠡᠨ ᠤ ᠵᠥᠪᠯᠡᠯ ᠪᠠᠶᠢᠭᠤᠯᠤᠭᠳᠠᠭᠰᠠᠨ ᠠᠴᠠ ᠨᠠᠭᠠᠰᠢ᠂ ᠲᠡᠳᠡ ᠤᠷᠢᠳ ᠬᠤᠵᠢᠳ ᠰᠠᠭᠤᠭᠠᠯᠢ ᠠᠷᠠᠳ ᠤᠨ ᠲᠣᠭᠤᠷᠢᠭ ᠤᠨ ᠵᠡᠭᠦᠨ ᠬᠦᠷᠢᠶ᠎ᠡ ᠬᠡᠷᠡᠮ ᠢ ᠪᠠᠬᠢᠵᠢᠭᠦᠯᠵᠦ᠂ ᠵᠠᠮ ᠤᠨ ᠳ᠋ᠧᠩ ᠪᠣᠯᠤᠨ ᠵᠠᠮ ᠤᠨ ᠲᠡᠪᠢᠰᠭᠡᠷ ᠢᠶᠠᠨ ᠰᠡᠯᠪᠢᠨ ᠵᠠᠰᠠᠵᠤ᠂ ᠪᠠᠭ᠎ᠠ ᠲᠣᠭᠤᠷᠢᠭ ᠤᠨ ᠨᠠᠰᠤᠲᠠᠨ ᠳᠤ ᠰᠦᠢᠳᠬᠡᠯ ᠬᠤᠷᠢᠶᠠᠬᠤ ᠥᠬᠡᠶ ᠪᠠᠷ ᠠᠰᠠᠷ ᠤᠨ ᠵᠠᠮ ᠤᠨ ᠳ᠋ᠧᠩ ᠢ ᠰᠡᠯᠪᠢᠨ ᠵᠠᠰᠠᠵᠤ᠂ ᠴᠡᠪᠡᠷᠯᠡᠭᠴᠢ ᠬᠥᠯᠥᠰᠥᠯᠡᠵᠦ ᠰᠠᠭᠤᠭᠠᠯᠢ ᠠᠷᠠᠳ ᠤᠨ ᠲᠣᠭᠤᠷᠢᠭ ᠤᠨ ᠠᠷᠢᠭᠤᠨ ᠴᠡᠪᠡᠷ ᠢ ᠴᠡᠪᠡᠷᠯᠡᠪᠡ ᠁ ᠡᠲᠡᠭᠡᠷ ᠠᠷᠭ᠎ᠠ ᠬᠡᠮᠵᠢᠶ᠎ᠡ ᠨᠢ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠴᠣ ᠰᠢᠨ᠎ᠡ ᠪᠣᠯᠭᠠᠨ ᠬᠤᠪᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠪᠠᠶᠠᠨ ᠪᠠᠭ᠎ᠠ ᠲᠣᠭᠤᠷᠢᠭ ᠤᠨ ᠥᠮᠴᠢᠲᠡᠨ ᠤ ᠵᠥᠪᠯᠡᠯ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠤᠨ ᠵᠥᠪᠯᠡᠯ ᠤᠨ ᠬᠤᠷᠠᠯ ᠬᠤᠷᠠᠯᠳᠤᠭᠤᠯᠬᠤ᠂ ᠸᠢᠴᠠᠲ ᠤᠨ ᠬᠤᠯᠪᠤᠭ᠎ᠠ ᠵᠡᠷᠭᠡ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ ᠴᠤᠭᠯᠠᠭᠤᠯᠵᠤ᠂ ᠰᠠᠭᠤᠭᠠᠯᠢ ᠠᠷᠠᠳ ᠤᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠬᠤᠶᠠᠳᠤᠭᠠᠷ ᠠᠰᠠᠷ ᠤᠨ 7 ᠣᠷᠤᠴᠠ ᠶᠢᠨ ᠵᠠᠮ ᠤᠨ ᠳ᠋ᠧᠩ ᠤᠨ ᠭᠡᠮᠲᠦᠯ ᠤᠨ ᠠᠰᠠᠭᠤᠳᠠᠯ ᠳᠤ ᠴᠢᠭᠯᠡᠭᠦᠯᠦᠨ᠂ ᠲᠡᠳᠡ ᠦᠳᠲᠡᠷ ᠲᠦᠷᠭᠡᠨ ᠬᠥᠳᠡᠯᠦᠯᠴᠡᠵᠦ᠂ 5 ᠭᠡᠷᠡᠯᠲᠦᠭᠦᠯᠬᠦ ᠳ᠋ᠧᠩ ᠤᠭᠰᠠᠷᠠᠵᠤ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠠᠮᠤᠷ ᠲᠦᠪᠰᠢᠨ ᠢ ᠪᠠᠲᠤᠯᠠᠪᠠ᠃ ︽ᠦᠨᠡᠨ ᠦᠭᠡ  ᠶᠢ ᠦᠨᠡᠨ ᠢᠶᠠᠷ ᠬᠡᠯᠡᠨ᠎ᠡ᠂ ᠣᠳᠣ ᠬᠤᠷᠢᠶᠠᠯᠠᠯ ᠤᠨ ᠬᠠᠮᠢᠶᠠᠷᠤᠯᠲᠠ ᠶᠢᠨ ᠶᠠᠰᠤ ᠴᠢᠨᠠᠷ ᠦᠨᠡᠨ ᠬᠦ ᠲᠡᠭᠡᠭᠰᠢᠯᠡᠵᠡᠢ᠃ ᠥᠩᠭᠡᠷᠡᠭᠰᠡᠨ ᠲᠠᠢ ᠠᠳᠠᠯᠢᠳᠬᠠᠪᠠᠯ ᠠᠰᠠᠭᠤᠳᠠᠯ ᠭᠠᠷᠪᠠᠯ ᠬᠠᠮᠢᠶᠠᠷᠬᠤ ᠬᠥᠮᠥᠨ ᠪᠠᠰᠠ ᠰᠢᠢᠳᠪᠦᠷᠢᠯᠡᠬᠦ ᠬᠥᠮᠥᠨ ᠲᠠᠢ ᠪᠣᠯᠵᠠᠢ︾ ᠭᠡᠵᠦ ᠴᠥᠭᠡᠨ ᠪᠤᠰᠤ ᠥᠮᠴᠢᠲᠡᠨ ᠰᠡᠳᠬᠢᠯ ᠬᠦᠳᠡᠯᠦᠨ ᠲᠤᠭᠳᠤᠯᠤᠨ ᠦᠭᠦᠯᠡᠵᠦ ᠪᠠᠶᠢᠪᠠ᠃      ᠮᠠᠨ ᠳ᠋ᠧ ᠯᠢ ᠬᠤᠸᠠ ᠶᠤᠸᠠᠨ ᠥᠨᠳᠥᠷ ᠲᠡᠰ ᠤᠨ ᠪᠠᠭ᠎ᠠ ᠲᠣᠭᠤᠷᠢᠭ ᠪᠣᠯᠣᠭᠰᠠᠨ ᠤ ᠬᠤᠪᠢ ᠳᠤ᠂ ᠠᠳᠠᠯ ᠠᠬᠤᠢ ᠶᠢᠨ ᠬᠠᠮᠢᠶᠠᠷᠤᠯᠲᠠ ᠳᠤ ᠨᠡᠩ ᠨᠠᠷᠢᠨ ᠬᠠᠨᠳᠤᠬᠤ ᠬᠡᠷᠡᠭᠲᠡᠢ᠃ ᠠᠳᠠᠯ ᠠᠬᠤᠶ ᠶᠢᠨ ᠬᠠᠮᠢᠶᠠᠷᠤᠯᠲᠠ ᠲᠠᠢ ᠪᠠᠭ᠎ᠠ ᠲᠣᠭᠤᠷᠢᠭ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠮᠠᠨ ᠳ᠋ᠧ ᠯᠢ ᠬᠤᠸᠠ ᠶᠤᠸᠠᠨ ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ + ᠪᠠᠭ᠎ᠠ ᠲᠣᠭᠤᠷᠢᠭ ᠤᠨ ᠠᠳᠠᠯ ᠠᠬᠤᠶ ᠶᠢᠨ ᠵᠥᠪᠯᠡᠯ + ᠠᠳᠠᠯ ᠠᠬᠤᠶ ᠶᠢᠨ ᠺᠣᠮᠫᠠᠨᠢ︾ ᠶᠢᠨ ᠭᠤᠷᠪᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠠᠳᠠᠯ ᠠᠬᠤᠶ ᠶᠢᠨ ᠳᠠᠭᠠᠭᠠᠮᠠᠯ ᠤᠨ ︽ᠬᠤᠤᠰ ᠴᠢᠭᠯᠡᠯ ᠢᠶᠠᠷ ᠣᠷᠣᠬᠤ᠂ ᠰᠣᠯᠪᠢᠴᠠᠨ ᠲᠤᠰᠢᠶᠠᠯ ᠡᠭᠦᠷᠭᠡᠯᠡᠬᠦ︾ ᠶᠢ ᠳᠥᠯᠭᠢᠨ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠴᠡᠭ ᠢ ᠬᠦᠴᠦᠯᠡᠨ ᠪᠣᠶ ᠪᠣᠯᠭᠠᠪᠠ᠃ ᠠᠳᠠᠯ ᠠᠬᠤᠶ ᠶᠢᠨ ᠺᠣᠮᠫᠠᠨᠢ ᠨᠢ ᠪᠠᠭ᠎ᠠ ᠲᠣᠭᠤᠷᠢᠭ ᠤᠨ ᠡᠳᠦᠷ ᠲᠤᠲᠤᠮ ᠤᠨ ᠠᠷᠢᠭᠤᠨ ᠴᠡᠪᠡᠷ ᠪᠠ ᠣᠯᠠᠨ ᠨᠡᠶᠢᠲᠡ ᠶᠢᠨ ᠪᠡᠯᠡᠳᠬᠡᠮᠵᠢ ᠶᠢ ᠰᠡᠯᠪᠢᠨ ᠵᠠᠰᠠᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠡᠪᠡᠷ ᠲᠡᠭᠰᠢ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨ ᠬᠦ ᠪᠠᠳᠤᠯᠠᠪᠠ︔ ᠥᠮᠴᠢᠲᠡᠨ ᠤ ᠵᠥᠪᠯᠡᠯ ᠰᠠᠭᠤᠭᠠᠯᠢ ᠠᠷᠠᠳ ᠤᠨ ᠰᠠᠨᠠᠯ ᠢ ᠢᠳᠡᠪᠬᠢᠲᠡᠶ ᠪᠠᠷ ᠴᠤᠭᠯᠠᠭᠤᠯᠵᠤ᠂ ᠰᠠᠭᠤᠭᠠᠯᠢ ᠠᠷᠠᠳ ᠤᠨ ᠵᠠᠰᠠᠯᠲᠠ ᠳᠤ ᠣᠷᠣᠯᠴᠠᠬᠤ ᠶᠢ ᠠᠬᠢᠭᠤᠯᠪᠠ᠃ ᠨᠡᠶᠢᠭᠡᠮ ᠲᠣᠭᠤᠷᠢᠭ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠵᠢᠯᠣᠭᠤᠳᠣᠯᠭ᠎ᠠ ᠬᠠᠩᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠳᠤᠯᠠᠪᠠ᠃ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠬᠠᠮᠢᠶᠠᠷᠴᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠴᠢᠳᠠᠪᠤᠷᠢ ᠪᠠᠨ ᠪᠠᠳᠠᠷᠠᠭᠤᠯᠵᠤ᠂ ᠭᠤᠷᠪᠠᠨ ᠲᠠᠯ᠎ᠠ ᠪᠠᠷ ᠢᠶᠠᠨ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠭᠤᠭᠠᠯᠢ ᠠᠷᠠᠳ ᠲᠤ ᠰᠠᠶᠢᠲᠤᠷ ᠦᠢᠯᠡᠴᠢᠯᠡᠵᠦ᠂ ᠪᠠᠭ᠎ᠠ ᠲᠣᠭᠤᠷᠢᠭ ᠤᠨ ᠵᠠᠰᠠᠯᠲᠠ ᠶᠢ ᠨᠡᠩ ᠬᠦᠴᠦᠲᠡᠢ᠂ ᠪᠦᠲᠦᠮᠵᠢᠲᠡᠢ᠂ ᠲᠤᠯᠠᠭᠠᠨ ᠲᠣᠳᠣᠨᠤ ᠪᠣᠯᠭᠠᠪᠠ᠃      ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠵᠢᠶ ᠰᠢᠶᠠᠩ ᠸᠠᠨ ᠵᠡᠭᠡᠯᠢ ᠶᠢᠨ ᠨᠡᠶᠢᠭᠡᠮ ᠲᠣᠭᠤᠷᠢᠭ ᠪᠠᠰᠠ ᠠᠳᠠᠯ ᠠᠬᠤᠢ ᠶᠢᠨ ᠺᠣᠮᠫᠠᠨᠢ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠵᠢᠵᠢᠭ ᠲᠣᠭᠤᠷᠢᠭ ᠤᠨ ᠳᠣᠲᠣᠷᠠᠬᠢ ᠬᠤᠭ ᠤᠨ ᠤᠷᠭᠤᠮᠠᠯ ᠢ ᠴᠡᠪᠡᠷᠯᠡᠵᠦ᠂ ᠭᠠᠯ ᠤᠨ ᠣᠴᠢ ᠤᠷᠭᠤᠮᠠᠯ ᠲᠤᠮᠳᠠ ᠤᠷᠤᠭᠰᠠᠨ ᠠᠴᠠ ᠭᠠᠯ ᠤᠨ ᠠᠶᠤᠯ ᠡᠭᠦᠰᠬᠡᠬᠦ ᠶᠢ ᠰᠡᠷᠭᠡᠶᠢᠯᠡᠵᠦ᠂ ᠨᠠᠷᠢᠨ ᠨᠢᠮᠪᠠᠶ ᠦᠢᠯᠡᠴᠢᠯᠡᠭᠡ ᠨᠢ ᠰᠠᠭᠤᠭᠠᠯᠢ ᠠᠷᠠᠳ ᠢ ᠨᠡᠩ ᠴᠤ ᠬᠠᠯᠠᠭᠤᠨ ᠳᠤᠯᠠᠭᠠᠨ ᠰᠠᠨᠠᠭᠳᠠᠭᠤᠯᠤᠨ᠎ᠠ᠃ ᠵᠢᠶ ᠰᠢᠶᠠᠩ ᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠰᠦ᠋ ᠬᠦᠶ ᠶᠢᠩ᠂ ᠮᠠᠨ ᠳ᠋ᠧ ᠯᠢ ᠬᠤᠸᠠ ᠶᠤᠸᠠᠨ 2020 ᠣᠨ ᠤ 1 ᠳ᠋ᠦ᠋ᠭᠡᠷ ᠰᠠᠷ᠎ᠠ ᠳᠤ ᠰᠣᠩᠭᠤᠭᠤᠯᠢ ᠪᠠᠷ ᠳᠠᠮᠵᠢᠨ ᠠᠩᠬᠠᠳᠤᠭᠠᠷ ᠬᠤᠭᠤᠴᠠᠭᠠᠨ ᠤ ᠠᠵᠢᠯ ᠦᠢᠯᠡᠰ ᠤᠨ ᠵᠥᠪᠯᠡᠯ ᠢ ᠰᠣᠩᠭᠤᠨ ᠭᠠᠷᠭᠠᠭᠰᠠᠨ ᠪᠥᠭᠡᠳ ᠠᠳᠠᠯ ᠠᠬᠤᠶ ᠶᠢᠨ ᠺᠣᠮᠫᠠᠨᠢ ᠶᠢ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠠᠩᠬᠠᠳᠠᠭᠴᠢ ᠦᠢᠯᠡᠰ ᠪᠣᠰᠬᠠᠬᠤ ᠵᠥᠪᠯᠡᠯ ᠤᠨ ᠵᠢᠵᠢᠭ ᠲᠣᠭᠤᠷᠢᠭ ᠪᠣᠯᠤᠨ᠎ᠠ᠃ ᠲᠡᠳᠡ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠲᠣᠭᠤᠷᠢᠭ᠂ ᠠᠵᠢᠯ ᠦᠢᠯᠡᠰ ᠤᠨ ᠵᠥᠪᠯᠡᠯ᠂ ᠠᠳᠠᠯ ᠠᠬᠤᠢ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠠᠮᠲᠤᠪᠠᠷ ᠵᠠᠰᠠᠬᠤ ᠶᠢ ᠠᠬᠢᠭᠤᠯᠵᠤ᠂ ᠭᠤᠷᠪᠠᠨ ᠲᠠᠯ᠎ᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠯᠡᠬᠦ ᠬᠤᠷᠠᠯ ᠬᠤᠷᠠᠯᠳᠤᠭᠤᠯᠵᠤ᠂ ᠰᠠᠭᠤᠭᠠᠯᠢ ᠠᠷᠠᠳ ᠤᠨ ᠲᠤᠰᠬᠠᠭᠰᠠᠨ ᠲᠤᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠢᠷᠡᠭᠡᠳᠦᠢ ᠳᠤ᠂ ᠲᠡᠳᠡ ︽ᠭᠤᠷᠪᠠᠨ ᠲᠠᠯ᠎ᠠ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠰᠡᠳᠬᠢᠴᠡ ᠪᠣᠯᠤᠨ ᠠᠷᠭ᠎ᠠ ᠶᠢᠨ ᠰᠢᠨ᠎ᠡ ᠶᠢ ᠡᠭᠦᠳᠴᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ ᠭᠡᠵᠦ ᠢᠯᠡᠳᠬᠡᠪᠡ᠃      ᠪᠠᠳᠤᠬᠠᠭᠠᠯᠭ᠎ᠠ ᠪᠠᠯᠭᠠᠰᠤ ᠥᠪᠡᠷᠲᠡᠭᠡᠨ ᠬᠠᠮᠢᠶᠠᠷᠬᠤ ᠪᠠᠭ᠎ᠠ ᠲᠣᠭᠤᠷᠢᠭ ᠲᠤ ︽ᠬᠤᠪᠢᠰᠬᠠᠯᠲᠤ ᠬᠠᠮᠢᠶᠠᠷᠤᠭᠴᠢ + ᠥᠮᠴᠢᠲᠡᠨ ᠤ ᠵᠥᠪᠯᠡᠯ + ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ + ᠨᠠᠮ ᠤᠨ ᠭᠡᠰᠢᠭᠦᠨ ᠣᠯᠠᠨ ᠲᠦᠮᠡᠨ︾ ᠭᠡᠬᠦ ᠳᠥᠷᠪᠡᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ 7 ᠨᠠᠮ ᠤᠨ ᠪᠠᠶᠢᠭᠤᠯᠤᠯᠲᠠ ᠶᠢᠨ ᠵᠢᠯᠣᠭᠤᠳᠣᠭᠴᠢ ᠰᠣᠩᠭᠤᠨ ᠲᠣᠮᠢᠯᠠᠵᠤ 7 ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠬᠦᠷᠪᠡ︔ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠢ 13 ᠪᠠᠶᠢᠭᠤᠯᠪᠠ︔ ᠠᠳᠠᠯ ᠠᠬᠤᠶ ᠶᠢᠨ ᠬᠠᠮᠢᠶᠠᠷᠤᠯᠲᠠ ᠲᠠᠢ 4 ᠵᠢᠵᠢᠭ ᠲᠣᠭᠤᠷᠢᠭ ᠲᠤ ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ + ᠪᠠᠭ᠎ᠠ ᠲᠣᠭᠤᠷᠢᠭ ᠤᠨ ᠠᠳᠠᠯ ᠠᠬᠤᠶ ᠶᠢᠨ ᠵᠥᠪᠯᠡᠯ + ᠠᠳᠠᠯ ᠠᠬᠤᠶ ᠶᠢᠨ ᠺᠣᠮᠫᠠᠨᠢ︾ ᠭᠤᠷᠪᠠᠨ ᠲᠠᠯ᠎ᠠ ᠶᠢᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠪᠠ︔ ᠣᠳᠣᠬᠠᠨ ᠳᠤ᠂ 50% ᠶᠢᠨ ᠪᠠᠭ᠎ᠠ ᠲᠣᠭᠤᠷᠢᠭ ᠢ ᠬᠠᠮᠢᠶᠠᠷᠬᠤ ᠬᠥᠮᠦᠨ ᠲᠠᠢ᠂ ᠬᠠᠮᠢᠶᠠᠷᠬᠤ ᠠᠷᠭ᠎ᠠ ᠬᠡᠮᠵᠢᠶ᠎ᠡ ᠲᠠᠢ᠂ ᠬᠠᠮᠢᠶᠠᠷᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠪᠡᠶᠡᠯᠡᠭᠦᠯᠵᠦ᠂ 2026 ᠣᠨ ᠪᠣᠯᠬᠤ ᠳᠤ ᠪᠠᠭ᠎ᠠ ᠲᠣᠭᠤᠷᠢᠭ ᠤᠨ ᠵᠠᠰᠠᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠳᠡᠳ᠋ ᠳᠠᠷᠤᠭ᠎ᠠ ᠡᠷᠳᠡᠨᠢᠲᠠᠨ᠎ᠠ᠄ ︽ᠠᠳᠠᠯ ᠠᠬᠤᠢ ᠶᠢᠨ ᠬᠠᠮᠢᠶᠠᠷᠤᠯᠲᠠ ᠪᠣᠯ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠡᠮᠵᠢᠬᠦ ᠴᠢᠬᠤᠯᠠ ᠬᠡᠮᠵᠢᠭᠦᠷ ᠮᠥᠨ᠃ ᠪᠠᠲᠤᠬᠠᠭᠠᠯᠭ᠎ᠠ ᠪᠠᠯᠭᠠᠰᠤ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠪᠠᠯᠭᠠᠰᠤ ᠪᠣᠯᠤᠭᠰᠠᠨ ᠤ ᠬᠤᠪᠢ ᠳᠤ᠂ ︿ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ + ᠪᠠᠭ᠎ᠠ ᠲᠣᠭᠤᠷᠢᠭ ᠤᠨ ᠠᠳᠠᠯ ᠠᠬᠤᠶ ᠶᠢᠨ ᠵᠥᠪᠯᠡᠯ + ᠠᠳᠠᠯ ᠠᠬᠤᠶ ᠶᠢᠨ ᠺᠣᠮᠫᠠᠨᠢ﹀ ᠶᠢᠨ ᠭᠤᠷᠪᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠣᠯᠤᠨ ︿ᠬᠤᠪᠢᠰᠬᠠᠯᠲᠤ ᠬᠠᠮᠢᠶᠠᠷᠤᠭᠴᠢ + ᠥᠮᠴᠢᠲᠡᠨ ᠤ ᠵᠥᠪᠯᠡᠯ + ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ + ᠨᠠᠮ ᠤᠨ ᠭᠡᠰᠢᠭᠦᠨ ᠣᠯᠠᠨ ᠲᠦᠮᠡᠨ﹀ ᠬᠡᠬᠦ ᠲᠦᠷᠪᠡᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠢᠳᠡᠪᠬᠢᠲᠡᠢ ᠰᠦᠪᠡᠭᠴᠢᠯᠡᠪᠡ᠃ ᠣᠳᠣᠬᠠᠨ ᠳᠤ 31 ᠪᠠᠭ᠎ᠠ ᠲᠣᠭᠤᠷᠢᠭ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠦᠭᠰᠡᠨ ᠪᠣᠯᠪᠠᠴᠤ ᠪᠠᠰᠠᠯᠠ ᠳᠡᠭᠡᠭᠰᠢᠯᠡᠭᠦᠯᠬᠦ ᠣᠷᠣᠨ ᠵᠠᠶ ᠲᠠᠢ ᠪᠠᠶᠢᠭᠰᠠᠭᠠᠷ᠃ ᠢᠷᠡᠭᠡᠳᠦᠢ ᠳᠤ᠂ ᠪᠢᠳᠡ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︿ᠰᠢᠢᠳᠪᠦᠷᠢᠯᠡᠭᠳᠡᠬᠦᠢ ᠰᠡᠳᠬᠢᠬᠦᠢ﹀ ᠶᠢ ᠴᠢᠩᠭᠠᠳᠬᠠᠵᠤ᠂ ᠡᠬᠢ ᠪᠠᠶᠠᠯᠢᠭ ᠢ ᠨᠡᠶᠢᠳᠬᠡᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号