12 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ ᠭᠠᠷᠠᠭ︾ ᠤᠨ ᠠᠵᠢᠯᠯᠠᠭ᠎ᠠ ᠶᠢ ᠥᠪᠥᠷ | ᠮᠣᠩᠭᠤᠯ ᠤᠨ ᠵᠢᠬᠤᠪᠤᠭᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ᠡᠬᠢᠯᠡᠭᠦᠯᠵᠦ᠂ ᠲᠠᠷᠠᠭᠠᠴᠢ ᠶᠢᠨ ᠨᠢᠭᠡ ᠭᠠᠷᠠᠭ ᠤᠨ ᠬᠤᠭᠤᠴᠠᠭᠠᠨ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠣᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠵᠢᠴᠢ ᠰᠦᠯᠵᠢᠶᠡᠨ ᠭᠠᠳᠠᠨᠠᠬᠢ + | ᠰᠦᠯᠵᠢᠶᠡᠨ ᠲᠡᠭᠡᠷᠡᠬᠢ ᠲᠤᠰᠬᠠᠶ ᠠᠵᠢᠯᠲᠠᠨ ᠡᠯᠰᠡᠬᠦ ᠴᠤᠭᠯᠠᠭᠠᠨ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ | ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠨᠠᠷᠢᠯᠢᠭ | ᠣᠨᠣᠴᠠᠲᠠᠶ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡ ᠬᠠᠩᠭᠠᠬᠤ ᠪᠣᠯᠤᠨ᠎ᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠨ ᠯᠦ ᠶᠢᠦ ᠸᠠᠩ | ᠰᠠᠨᠠᠭᠠᠨ ᠳᠠᠭᠠᠨ ᠲᠠᠭᠠᠷᠠᠭᠰᠠᠨ ᠠᠵᠢᠯ ᠤᠯᠬᠤ ᠬᠦᠰᠡᠯ ᠡᠪᠦᠷᠯᠡᠨ ᠡᠷᠳᠡᠯᠡᠨ ᠠᠵᠢᠯᠯᠠᠭᠠᠨ ᠤ ᠠᠬᠤᠶ ᠲᠠᠯᠠᠪᠠᠶ ᠳᠤ | ᠢᠷᠡᠵᠦ ᠂ ᠪᠥᠬᠦ ᠬᠤᠰᠢᠭᠤᠨ ᠤ 40 ᠭᠠᠷᠤᠶ ᠴᠡᠷᠢᠭ ᠤᠨ ᠠᠯᠪᠠ ᠠᠴᠠ ᠬᠠᠯᠠᠭᠳᠠᠭᠰᠠᠳ ᠴᠤ ᠯᠦ ᠶᠢᠦ ᠸᠠᠩ ᠲᠠᠢ | ᠠᠳᠠᠯᠢᠬᠠᠨ ᠪᠣᠳᠣᠯ ᠡᠪᠦᠷᠯᠡᠨ ᠠᠵᠢᠯᠯᠠᠭ᠎ᠠ ᠶᠢᠨ ᠠᠬᠤᠶ ᠲᠠᠯᠠᠪᠠᠶ ᠳᠤ ᠢᠷᠡᠵᠠᠢ ᠃ ︽ᠴᠡᠷᠢᠭ ᠤᠨ ᠠᠯᠪᠠ ᠠᠴᠠ | ᠬᠠᠯᠠᠭᠳᠠᠭᠰᠠᠳ ᠢ ᠡᠯᠰᠡᠬᠦ ᠭᠠᠷᠠᠭ︾ ᠢ ᠡᠬᠢᠯᠡᠭᠦᠯᠬᠦ ᠲᠤᠬᠠᠶ ᠶᠢᠨ ᠲᠠᠯᠠᠪᠠᠶ ᠳᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠥᠪᠥᠷ | ᠮᠣᠩᠭᠤᠯ ᠤᠨ ᠵᠢᠬᠤᠪᠤᠭᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ | ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠫᠠᠶᠢᠰᠠ ᠣᠯᠭᠤᠵᠤ᠂ ᠠᠵᠢᠯᠯᠠᠭ᠎ᠠ ᠳᠤ | ᠣᠷᠣᠯᠴᠠᠭᠰᠠᠨ ᠪᠦᠬᠦ ᠴᠡᠷᠢᠭ ᠤᠨ ᠠᠯᠪᠠ ᠠᠴᠠ ᠬᠠᠯᠠᠭᠳᠠᠭᠰᠠᠳ ᠥᠪᠥᠷ ᠮᠣᠩᠭᠤᠯ ᠤᠨ ᠵᠢᠬᠤᠪᠤᠭᠠ ᠹᠯᠣᠷ ᠤᠨ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠲᠣᠭᠤᠷᠢᠨ ᠦᠵᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ | ᠭᠠᠷᠠᠭ︾ ᠤᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠳᠠᠯᠢ ᠪᠤᠰᠤ ᠬᠡᠯᠪᠡᠷᠢ ᠶᠢᠨ | ᠡᠭᠦᠳᠦᠯᠲᠡ ᠶᠢᠨ ᠠᠵᠢᠯ ᠤᠯᠬᠤ ᠶᠠᠷᠢᠶᠠᠨ ᠤ ᠲᠠᠪᠴᠠᠩ᠂ ᠲᠥᠷᠥᠯ ᠵᠦᠢᠯ ᠢ ᠲᠠᠨᠢᠯᠴᠠᠭᠤᠯᠬᠤ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠠᠵᠢᠯ ᠣᠯᠭᠤᠯᠲᠠ ᠶᠢ ᠵᠢᠯᠣᠭᠤᠳᠬᠤ ᠵᠢᠴᠢ ᠰᠦᠯᠵᠢᠶᠡᠨ ᠭᠠᠳᠠᠨᠠᠬᠢ + | ᠰᠦᠯᠵᠢᠶᠡᠨ ᠲᠡᠭᠡᠷᠡᠬᠢ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠬᠤᠷᠠᠯ ᠵᠡᠷᠭᠡ ᠰᠢᠷᠢᠰ ᠠᠵᠢᠯᠯᠠᠭ᠎ᠠ ᠶᠢ ᠡᠷᠭᠢᠯᠡᠵᠦ | ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡ ᠬᠠᠩᠭᠠᠵᠤ᠂ | ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠴᠡᠷᠢᠭ ᠠᠴᠠ | ᠬᠠᠯᠠᠭᠳᠠᠭᠰᠠᠳ ᠤᠨ ᠴᠢᠨᠠᠷ ᠰᠠᠶᠢᠲᠠᠶ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠴᠢᠷᠮᠠᠶᠢᠨ ᠪᠡᠶᠡᠯᠡᠭᠦᠯᠵᠦ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ | ᠬᠤᠪᠢ ᠨᠡᠮᠡᠷᠢ ᠦᠵᠡᠭᠦᠯᠬᠦ ᠪᠣᠯᠤᠨ᠎ᠠ᠃ | ᠥᠪᠥᠷ ᠮᠣᠩᠭᠤᠯ ᠤᠨ ᠵᠢᠬᠤᠪᠤᠭᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠬᠥᠮᠦᠨ ᠤ ᠬᠦᠴᠦᠨ ᠤ ᠡᠬᠢ ᠪᠠᠶᠠᠯᠢᠭ ᠤᠨ ᠬᠡᠯᠲᠡᠰ ᠤᠨ ᠳᠠᠷᠤᠭ᠎ᠠ ᠴᠢᠨ ᠭᠦᠸᠧ ᠳ᠋ᠦᠩ ᠢᠯᠡᠷᠬᠡᠶᠢᠯᠡᠬᠦ ᠳᠡᠭᠡᠨ᠂ | ᠴᠡᠷᠢᠭ ᠤᠨ ᠠᠯᠪᠠ ᠠᠴᠠ ᠬᠠᠯᠠᠭᠳᠠᠭᠰᠠᠳ ᠪᠣᠯ ᠤᠯᠤᠰ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠪᠠᠰᠠ ᠴᠤ | ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠦᠢᠯ ᠤᠨ ᠬᠡᠷᠡᠭᠴᠡᠭᠡ ᠲᠠᠢ ᠬᠥᠮᠦᠨ ᠤ ᠬᠦᠴᠦᠨ ᠤ ᠡᠬᠢ | ᠪᠠᠶᠠᠯᠢᠭ ᠮᠥᠨ᠃ ︽ᠵᠢᠬᠤᠪᠤᠭᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠨᠢᠭᠡᠨᠲᠡ 41 | ᠴᠡᠷᠢᠭ ᠤᠨ ᠠᠯᠪᠠ ᠠᠴᠠ ᠬᠠᠯᠠᠭᠳᠠᠭᠰᠠᠳ ᠢ ᠰᠢᠩᠭᠡᠭᠡᠨ ᠠᠪᠴᠤ᠂ ᠲᠡᠳᠡ ᠲᠣᠰ ᠲᠣᠰ ᠤᠨ ᠠᠵᠢᠯ ᠤᠨ ᠪᠠᠶᠢᠷᠢ | ᠳᠡᠭᠡᠷ᠎ᠡ ᠪᠠᠨ ᠭᠠᠷᠮᠠᠭᠠᠶ ᠢᠯᠡᠷᠡᠯ ᠲᠠᠢ ᠪᠠᠶᠢᠵᠤ᠂ ᠺᠣᠮᠫᠠᠨᠢ ᠶᠢᠨ ᠡᠯ᠎ᠡ ᠪᠠᠶᠢᠭᠤᠯᠭ᠎ᠠ ᠨᠢᠭᠡᠴᠡ ︵ᠰᠠᠯᠠᠭ᠎ᠠ ᠮᠥᠴᠢᠷ︶ | ᠶᠢᠨ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ ᠪᠢᠳᠡ ᠲᠤᠰᠬᠠᠶᠢᠯᠠᠨ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ | ᠨᠡᠶᠢᠴᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠷᠢᠳ ᠢᠶᠠᠷ ᠡᠯᠰᠡᠨ ᠬᠡᠷᠡᠭᠯᠡᠭᠰᠡᠨ ᠪᠥᠭᠡᠳ ᠲᠡᠳᠡᠨ ᠤ | ᠣᠨᠴᠠ ᠴᠢᠳᠠᠪᠤᠷᠢ ᠪᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠴᠠᠩᠭᠤᠶ ᠲᠤᠰᠬᠠᠶ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠰᠠᠶᠢᠲᠤᠷ ᠬᠢᠵᠦ᠂ ᠴᠢᠳᠠᠪᠤᠷᠢ ᠲᠠᠢ᠂ ᠳᠠᠯᠳᠠ ᠬᠦᠴᠦᠨ ᠲᠠᠢ ᠴᠡᠷᠢᠭ ᠤᠨ | ᠠᠯᠪᠠ ᠠᠴᠠ ᠬᠠᠯᠠᠭᠳᠠᠭᠰᠠᠳ ᠲᠤ ᠳᠡᠪᠰᠢᠬᠦ ᠥᠷᠭᠡᠨ ᠠᠭᠤᠳᠠᠮ ᠣᠷᠣᠨ ᠵᠠᠶ ᠬᠠᠩᠭᠠᠪᠠ᠃ ᠲᠡᠳᠡᠨ ᠢ ᠠᠵᠤ | ᠠᠬᠤᠶᠢᠯᠠᠯ ᠳᠤ ᠲᠠᠰᠤᠷᠠᠯᠲᠠ ᠥᠬᠡᠶ ᠰᠤᠷᠤᠯᠴᠠᠵᠤ᠂ ᠲᠠᠰᠤᠷᠠᠯᠲᠠ ᠥᠬᠡᠶ ᠦᠰᠦᠨ ᠪᠤᠶᠢᠵᠢᠬᠤ ᠶᠢ ᠵᠣᠷᠢᠭᠵᠢᠭᠤᠯᠵᠤ᠂ | ᠬᠤᠪᠢ ᠬᠥᠮᠦᠨ ᠤ ᠥᠷᠲᠡᠭ ᠬᠢᠭᠡᠳ ᠠᠵᠤ ᠠᠬᠤᠶᠢᠯᠠᠯ ᠤᠨ ᠥᠷᠲᠡᠭ ᠤᠨ ᠬᠠᠮᠲᠤ ᠪᠠᠷ ᠳᠡᠭᠡᠭᠰᠢᠯᠡᠬᠦ ᠶᠢ | ᠪᠡᠶᠡᠯᠡᠭᠦᠯᠦᠨ᠎ᠡ︾ ᠭᠡᠵᠡᠶ᠃ ᠴᠢᠨ ᠭᠦᠸᠧ ᠳ᠋ᠦᠩ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠵᠢᠬᠤᠪᠤᠭᠠ | ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠳᠡᠮᠵᠢᠬᠦ ᠶᠢᠨ ᠬᠠᠮᠲᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠴᠢ ᠡᠯ᠎ᠡ ᠲᠠᠯ᠎ᠠ ᠶᠢᠨ ᠬᠢᠨ ᠲᠠᠢ ᠭᠠᠷ | ᠬᠤᠯᠪᠣᠨ ᠡᠷᠡᠯᠬᠡᠭᠯᠡᠨ ᠤᠷᠤᠭᠰᠢᠯᠠᠨ᠎ᠠ ᠭᠡᠵᠡᠶ᠃ | ︽ᠣᠳᠣᠬᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠴᠡᠷᠢᠭ ᠤᠨ ᠠᠯᠪᠠ ᠠᠴᠠ | ᠬᠠᠯᠠᠭᠳᠠᠭᠰᠠᠳ ᠨᠡᠶᠢᠲᠡ 2332 ᠨᠡᠷᠡᠰ ᠪᠠᠶᠢᠵᠤ᠂ ᠲᠤᠰ ᠤᠳᠠᠭ᠎ᠠ ᠲᠤᠰᠬᠠᠶᠢᠯᠠᠨ ᠠᠵᠢᠯᠲᠠᠨ ᠡᠯᠰᠡᠬᠦ ᠬᠤᠷᠠᠯ ᠢ | ᠡᠷᠬᠢᠯᠡᠵᠦ᠂ ᠭᠤᠤᠯᠳᠠᠭᠤ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠠᠵᠤ ᠠᠬᠤᠶᠢᠯᠠᠯ ᠳᠤ ᠲᠠᠪᠴᠠᠩ | ᠪᠠᠶᠢᠭᠤᠯᠤᠨ ᠥᠭᠴᠦ᠂ ᠠᠵᠤ ᠠᠬᠤᠶᠢᠯᠠᠯ ᠢ ᠴᠡᠷᠢᠭ ᠤᠨ ᠠᠯᠪᠠ ᠠᠴᠠ ᠬᠠᠯᠠᠭᠳᠠᠭᠰᠠᠳ ᠲᠠᠢ ᠰᠢᠭᠤᠳ ᠶᠠᠷᠢᠯᠴᠠᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠪᠰᠤᠷᠤᠨ ᠰᠠᠨᠠᠭᠠᠨ ᠳᠤ ᠨᠢ ᠲᠠᠭᠠᠷᠠᠭᠰᠠᠨ ᠠᠵᠢᠯ ᠢ ᠨᠠᠩ ᠥᠨᠳᠥᠷ | ᠪᠦᠲᠦᠮᠵᠢᠲᠡᠶ ᠪᠠᠷ ᠤᠯᠭᠤᠬᠤ ᠶᠢᠨ ᠲᠥᠯᠥᠭᠡ ᠶᠤᠮ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯ ᠣᠯᠵᠤ ᠦᠢᠯᠡᠰ ᠪᠤᠰᠬᠠᠬᠤ | ᠬᠠᠷᠢᠭᠤᠴᠠᠯᠭᠠᠲᠠᠨ ᠵᠠᠩ ᠰᠢᠶᠤᠤ ᠯᠢᠨ ᠶᠠᠷᠢᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠷᠭᠦᠯᠵᠢᠯᠡᠨ ᠴᠡᠷᠢᠭ ᠠᠴᠠ | ᠬᠠᠯᠠᠭᠳᠠᠭᠰᠠᠳ ᠲᠤ ᠲᠤᠰᠬᠠᠢ ᠮᠡᠷᠭᠡᠵᠢᠯ᠂ ᠥᠨᠳᠥᠷ ᠪᠦᠲᠦᠮᠵᠢᠲᠡᠢ ᠠᠵᠢᠯ ᠣᠯᠵᠤ ᠦᠢᠯᠡᠰ ᠪᠤᠰᠬᠠᠬᠤ | ᠦᠢᠯᠡᠴᠢᠯᠡᠭᠡ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠶᠢᠭᠡᠮ ᠳᠤ ᠤᠷᠤᠭᠰᠢᠲᠠᠢ | ᠠᠭᠤᠰᠤᠯᠴᠠᠬᠤ ᠶᠢ ᠠᠬᠢᠭᠤᠯᠵᠤ᠂ ᠲᠤᠰ ᠪᠡᠶ᠎ᠡ ᠶᠢᠨ ᠦᠷᠳᠡᠭ ᠢᠶᠠᠨ ᠪᠡᠶᠡᠯᠡᠭᠦᠯᠦᠨ᠎ᠡ ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ | ᠡᠷᠬᠢᠯᠡᠭᠴᠢ ᠸᠠᠩ ᠵᠢᠩ ᠲᠠᠨᠢᠯᠴᠠᠭᠤᠯᠬᠤ ᠳᠠᠭᠠᠨ᠂ ︽ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ ᠭᠠᠷᠠᠭ︾ | ᠤᠨ ᠠᠵᠢᠯᠯᠠᠭ᠎ᠠ ᠳᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠢᠨᠠᠷ ᠰᠠᠶᠢᠲᠠᠶ ᠠᠵᠢᠯ ᠤᠨ ᠪᠠᠶᠢᠷᠢ ᠶᠢ ᠨᠡᠶᠢᠲᠡ | 150 ᠭᠠᠷᠤᠶ ᠡᠯᠰᠡᠵᠦ᠂ ᠵᠠᠯᠭᠠᠭᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ ᠬᠠᠮᠲᠤᠷᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠤᠨ | ᠲᠥᠯᠥᠪᠵᠢᠭᠦᠯᠭᠡ ᠪᠣᠯᠤᠨ ᠵᠢᠯᠣᠭᠤᠳᠣᠯᠭ᠎ᠠ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠵᠤ ᠦᠢᠯᠡᠰ | ᠪᠤᠰᠬᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡᠨ ᠤ | ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠡᠷᠢᠬᠦ ᠵᠠᠮ ᠢ ᠪᠥᠬᠦ ᠶᠠᠪᠤᠴᠠ ᠳᠤ | ᠬᠠᠮᠠᠭᠠᠯᠠᠨ᠎ᠠ ᠭᠡᠵᠠᠢ᠃ |