12 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠢ | ᠾᠧ ᠰᠢᠶᠠᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ | ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ | ᠵᠢᠶᠠ ᠪᠦᠦ ᠯᠢᠶᠠᠩ ᠨᠠᠷ ᠤᠷᠢᠳ ᠬᠤᠵᠢᠳ ᠰᠢ ᠾᠧ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠢ | ᠾᠧ ᠰᠢᠶᠠᠩ ᠤᠨ ᠴᠢᠶᠠᠨ ᠾᠧ ᠲᠣᠰᠬᠤᠨ ᠤ ᠠᠮᠤ ᠪᠤᠳᠠᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠤᠶᠠᠳᠤᠭᠠᠷ | ᠬᠤᠭᠤᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠬᠢᠨᠠᠨ ᠬᠡᠮᠵᠢᠬᠦ ᠡᠷᠦᠬᠡ᠂ | ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ ᠡᠷᠬᠢᠨ ᠦᠵᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠲᠦᠷᠦ ᠶᠢᠨ ᠪᠤᠳᠤᠯᠭ᠎ᠠ ᠶᠢ | ᠤᠬᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠬᠢᠨᠠᠨ ᠬᠡᠮᠵᠢᠬᠦ ᠡᠷᠦᠬᠡ᠂ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠣᠳᠣᠬᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ | ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠵᠡᠷᠭᠡ ᠠᠵᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠶᠠ ᠪᠦᠦ ᠯᠢᠶᠠᠩ | ᠴᠢᠬᠤᠯᠠᠴᠢᠯᠠᠭᠰᠠᠨ ᠨᠢ᠂ ︽ᠨᠢᠭᠡᠳᠦᠯᠲᠡᠢ ᠲᠠᠷᠢᠬᠤ︾᠂ ︽ᠨᠢᠭᠡᠳᠦᠯᠲᠡᠢ ᠲᠡᠵᠢᠭᠡᠬᠦ︾ ᠵᠠᠭᠪᠤᠷ ᠢ ᠶᠡᠬᠡᠪᠡᠷ | ᠳᠡᠯᠭᠡᠷᠡᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠨᠡᠩ ᠤᠯᠠᠨ ᠤᠯᠠᠨ ᠲᠦᠮᠡᠨ ᠢ ᠣᠷᠣᠭᠤᠯᠤᠨ ᠠᠪᠴᠢᠷᠠᠵᠤ᠂ | ᠤᠳᠤ ᠶᠢᠨ ᠰᠠᠭᠤᠷᠢᠨ ᠳᠡᠭᠡᠷ᠎ᠡ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ ᠬᠡᠷᠡᠭᠲᠡᠢ᠃ ︽ᠨᠢᠭᠡᠳᠦᠯᠲᠡᠢ ᠲᠠᠷᠢᠬᠤ︾ | ᠤᠨ ᠠᠮᠵᠢᠯᠲᠠ ᠲᠠᠢ ᠠᠷᠭ᠎ᠠ ᠬᠢᠳᠡᠯ ᠢ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠬᠠᠩᠭᠠᠵᠤ᠂ | ᠤᠯᠠᠨ ᠵᠦᠢᠯ ᠤᠨ ︽ᠨᠢᠭᠡᠳᠦᠯᠲᠡᠢ ᠲᠡᠵᠢᠭᠡᠬᠦ︾ ᠵᠠᠭᠪᠤᠷ ᠢ ᠰᠦᠪᠡᠭᠴᠢᠯᠡᠵᠦ᠂ ᠪᠠᠷᠢᠮᠵᠢᠶ᠎ᠠ ᠶᠢ ᠨᠢᠭᠡᠳᠬᠡᠵᠦ᠂ | ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ ᠠᠷᠠᠴᠢᠯᠠᠨ ᠲᠡᠵᠢᠭᠡᠵᠦ᠂ ᠨᠢᠭᠡᠳᠦᠯᠲᠡᠢ ᠪᠤᠷᠤᠯᠠᠭᠤᠯᠵᠤ᠂ | ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠳ᠋ᠦᠩᠨᠡᠨ ᠳᠡᠭᠡᠭᠰᠢᠯᠡᠭᠦᠯᠵᠦ᠂ ᠲᠤᠷᠰᠢᠯᠭ᠎ᠠ ᠠᠷᠭ᠎ᠠ ᠬᠢᠳᠡᠯ ᠢ | ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ ᠭᠡᠷᠡᠭᠳᠠᠢ᠃ ᠲᠤᠰ ᠪᠡᠶ᠎ᠡ ᠶᠢᠨ ᠡᠯᠧᠮᠧᠨ᠋ᠲ ᠤᠨ | ᠳᠠᠪᠠᠭᠤᠯᠢᠭ᠂ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠴᠠᠭ ᠲᠤᠬᠠᠢ ᠲᠤᠨᠢ ᠠᠵᠤ ᠦᠢᠯᠡᠰ ᠤᠨ | ᠪᠦᠲᠦᠴᠡ ᠪᠠᠨ ᠲᠤᠬᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠰᠠᠭᠤᠷᠢᠯᠠᠨ ᠬᠥᠭᠵᠢᠯᠲᠡ ᠶᠢᠨ ᠠᠷᠭ᠎ᠠ | ᠵᠠᠮ ᠢᠶᠠᠨ ᠣᠨᠣᠪᠴᠢᠲᠠᠢ ᠣᠯᠵᠤ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠪᠣᠯᠤᠨ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠭᠦᠨᠵᠡᠭᠡᠢ ᠰᠤᠳᠤᠯᠤᠨ ᠮᠠᠭᠠᠳᠯᠠᠵᠤ᠂ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ | ᠣᠷᠭᠠᠨᠢᠭ ᠭᠡᠷᠡᠴᠢᠯᠡᠯ ᠢ ᠰᠠᠶᠢᠲᠤᠷ ᠬᠢᠵᠦ᠂ ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠶᠢ ᠰᠦᠪᠡᠭᠴᠢᠯᠡᠵᠦ᠂ ᠨᠡᠩ ᠤᠯᠠᠨ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ | ᠬᠥᠳᠡᠯᠭᠡᠬᠦ ᠬᠦᠴᠦᠨ ᠢ ᠬᠠᠨᠳᠤᠯᠭᠠᠲᠤ ᠴᠢᠨᠠᠷᠲᠠᠢ ᠪᠠᠷ ᠣᠷᠣᠭᠤᠯᠤᠨ ᠠᠪᠴᠢᠷᠠᠵᠤ᠂ ᠨᠡᠩ ᠤᠯᠠᠨ ᠰᠢᠨ᠎ᠡ ᠠᠵᠤ | ᠠᠬᠤᠢ ᠶᠢᠨ ᠨᠡᠮᠡᠭᠳᠡᠯ ᠤᠨ ᠴᠡᠭ ᠢ ᠴᠣᠭᠴᠠᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠳᠤ ᠲᠦᠰᠢᠭᠯᠡᠨ ᠭᠠᠵᠠᠷ ᠰᠢᠷᠣᠶ ᠶᠢᠨ ᠬᠡᠪᠴᠢᠶᠡᠵᠢᠭᠰᠡᠨ ᠡᠵᠡᠩᠨᠡᠯᠲᠡ ᠶᠢ ᠥᠷᠭᠡᠳᠬᠡᠵᠦ᠂ | ᠤᠨᠴᠠᠯᠢᠬᠳᠤ ᠠᠵᠤ ᠦᠢᠯᠡᠰ᠂ ᠳᠠᠪᠠᠭᠤᠯᠢᠭ ᠠᠵᠤ ᠦᠢᠯᠡᠰ᠂ ᠠᠷᠠᠳ ᠢ ᠪᠠᠶᠠᠵᠢᠭᠤᠯᠬᠤ ᠠᠵᠤ ᠦᠢᠯᠡᠰ ᠢ ᠨᠠᠷᠢᠯᠢᠭ | ᠪᠥᠭᠡᠳ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠢ ᠭᠦᠨᠵᠡᠭᠡᠶ ᠠᠭᠤᠳᠠᠯᠵᠤ᠂ ᠡᠬᠢ | ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠠᠷᠢᠶᠠᠯᠠᠩ ᠤᠨ | ᠤᠳᠤᠬᠢᠴᠢᠯᠠᠯᠳᠠ ᠶᠢᠨ ᠬᠢᠷᠢ ᠲᠦᠪᠰᠢᠨᠢ ᠲᠠᠰᠤᠷᠠᠯᠲᠠ ᠥᠬᠡᠶ ᠲᠡᠭᠡᠭᠰᠢᠯᠡᠬᠦᠯᠵᠦ᠂ | ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠠᠵᠤ | ᠦᠢᠯᠡᠰ ᠤᠨ ᠬᠥᠭᠵᠢᠯᠲᠡ ᠪᠠᠷ ᠲᠠᠷᠢᠶᠠᠯᠠᠩ ᠤᠨ ᠬᠤᠷᠢᠶᠠᠯᠲᠠ ᠶᠢ ᠨᠡᠮᠡᠭᠳᠡᠬᠦᠯᠵᠦ᠂ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠶ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠶᠤ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠢ | ᠢᠳᠡᠪᠬᠢᠲᠡᠢ ᠲᠠᠶᠢᠴᠢᠯᠠᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠳᠤ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠦᠨᠳᠦᠰᠦᠨ | ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠪᠦᠲᠦᠮᠵᠢᠲᠡᠢ ᠠᠰᠢᠭᠯᠠᠵᠤ᠂ ᠲᠡᠳᠡᠨ ᠤ ᠲᠣᠭᠲᠠᠭᠤᠨ ᠢᠶᠠᠷ ᠠᠵᠢᠯ | ᠤᠯᠬᠤ ᠪᠠ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠮᠴᠢᠯᠡᠭᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠡᠰᠢᠵᠢᠭᠰᠡᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠡᠮᠴᠢᠯᠡᠭᠡ ᠶᠢᠨ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠬᠦᠯᠢᠴᠡᠩᠭᠦᠢ ᠪᠠᠷ ᠨᠠᠷᠢᠨ ᠨᠢᠮᠪᠠᠢ ᠰᠠᠶᠢᠲᠤᠷ ᠬᠢᠵᠦ᠂ | ᠤᠯᠠᠨ ᠲᠦᠮᠡᠨ ᠤ ᠠᠩᠬᠠᠷᠴᠤ ᠪᠠᠶᠢᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠷᠦ ᠶᠢᠨ ᠪᠤᠳᠤᠯᠭ᠎ᠠ ᠶᠢ | ᠲᠣᠳᠣᠷᠬᠠᠢ ᠶᠠᠷᠢᠵᠤ᠂ ᠲᠣᠳᠣᠷᠬᠠᠢ ᠤᠶᠢᠯᠠᠭᠠᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠤᠮᠧᠲᠷ︾ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠣᠯ ᠤᠳᠤᠷᠢᠳᠤᠯᠭ᠎ᠠ ᠠᠷᠭ᠎ᠠ ᠰᠦᠪᠡᠭᠴᠢᠯᠡᠬᠦ᠂ | ᠠᠬᠢᠭᠤᠯᠬᠤ ᠶᠢ ᠠᠳᠬᠤᠵᠤ᠂ ᠪᠠᠷᠢᠮᠵᠢᠶ᠎ᠠ ᠲᠠᠢ ᠬᠠᠷᠭᠤᠭᠤᠯᠵᠤ᠂ ᠲᠦᠷᠦ ᠶᠢᠨ ᠪᠤᠳᠤᠯᠭ᠎ᠠ ᠶᠢ ᠪᠣᠳᠠᠲᠠᠢ | ᠨᠠᠶᠢᠳᠠᠪᠤᠷᠢᠵᠢᠭᠤᠯᠵᠤ᠂ ᠠᠵᠢᠯ ᠢ ᠪᠣᠳᠠᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠤᠳᠠᠳᠤ ᠦᠷ᠎ᠡ ᠪᠦᠳᠦᠮᠵᠢ ᠤᠯᠬᠤ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ | ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ | ᠬᠤᠷᠠᠯ ᠳᠤ ᠣᠷᠣᠯᠴᠠᠪᠠ᠃ |