ᠭᠡᠷᠡᠯ  ᠵᠢᠷᠤᠭᠴᠢᠳ ᠢ ᠲᠠᠭᠠᠵᠤ ᠲᠠᠷᠬᠠᠨ ᠮᠤᠤᠮᠢᠩᠭᠠᠨ ᠤ ᠡᠪᠦᠯ ᠤᠨ ᠤᠯᠠᠷᠢᠯ ᠤᠨ ᠨᠠᠭᠠᠳᠤᠮ ᠢ ᠰᠤᠨᠢᠷᠬᠠᠶ᠎ᠠ
ᠨᠡᠶᠢᠲᠡᠯᠡᠭᠰᠡᠨ ᠴᠠᠭ᠄
2024/12/16
      ᠡᠬᠡ ᠣᠷᠣᠨ ᠤ ᠤᠮᠠᠷᠠᠲᠤ ᠤᠷᠤᠨ ᠳᠤ ᠲᠠᠯ᠎ᠠ ᠨᠤᠲᠤᠭ ᠥᠷᠭᠡᠨ ᠠᠭᠤᠳᠠᠮ᠂ ᠡᠳ᠋ ᠪᠣᠳᠠᠰ ᠡᠯᠪᠡᠭ ᠪᠠᠶᠠᠯᠢᠭ ᠪᠠᠶᠢᠳᠠᠭ᠂  ᠦᠷᠭᠡᠨ ᠠᠭᠤᠳᠠᠮ ᠨᠤᠲᠤᠭ  ᠪᠡᠯᠴᠢᠭᠡᠷ ᠨᠢ ᠠᠷᠠᠳ ᠲᠦᠮᠡᠨ ᠳᠡᠭᠡᠨ ᠲᠠᠯ᠎ᠠ ᠨᠤᠲᠤᠭ ᠰᠢᠭ᠋ ᠰᠠᠶᠢᠬᠠᠨ ᠰᠡᠳᠬᠢᠯᠭᠡ ᠪᠠ ᠵᠠᠩ ᠴᠢᠨᠠᠷ ᠢ ᠰᠣᠶᠣᠷᠬᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠴᠦ ᠥᠪᠡᠷ ᠤᠨ ᠢᠶᠠᠨ ᠣᠨᠴᠠᠭᠠᠢ ᠠᠷᠭ᠎ᠠ ᠪᠠᠷᠢᠯ ᠢᠶᠠᠷ ᠢᠶᠠᠨ ᠡᠯ᠎ᠡ ᠭᠠᠵᠠᠷ ᠤᠨ ᠵᠣᠴᠢᠳ ᠢ ᠪᠠᠶᠠᠷᠯᠠᠨ ᠤᠭᠲᠤᠵᠤ ᠪᠠᠶᠢᠨ᠎ᠠ᠃      ᠤᠶᠢᠷ᠎ᠠ ᠶᠢᠨ ᠡᠳᠦᠷ ᠤᠳ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪᠦᠯ ᠤᠨ ᠤᠯᠠᠷᠢᠯ ᠤᠨ ᠨᠠᠭᠠᠳᠤᠮ ᠡᠬᠢᠯᠡᠬᠦ ᠵᠢᠴᠢ  ᠮᠤᠷᠢᠨ ︽  ᠬᠦᠳᠡᠭᠡ ᠲᠤᠰᠬᠤᠨ ᠤ ᠬᠡᠳᠦ ᠲᠡᠰ ᠤᠨ ᠬᠤᠯᠪᠤᠭᠠᠳᠤ︾  ᠤᠷᠤᠯᠳᠤᠭᠠᠨ · ᠦᠬᠦᠴᠡ ᠰᠣᠶᠣᠯ ᠤᠨ ᠠᠵᠢᠯᠯᠠᠭ᠎ᠠ  ᠪᠠᠳᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ  ᠵᠢᠭᠤᠯᠴᠢᠯᠠᠭᠰᠠᠳ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠬᠦᠷᠴᠦ᠂ ᠮᠥᠰᠥ ᠴᠠᠰᠤ ᠪᠣᠯᠤᠨ ᠣᠷᠭᠢᠯᠤᠮ᠎ᠠ ᠰᠡᠳᠭᠢᠯᠭᠡ ᠲᠠᠢ  ᠦᠪᠡᠳᠡᠭᠰᠢ ᠳᠠᠢᠯᠠᠯᠭ᠎ᠠ  ᠳᠤ ᠬᠠᠮᠳᠤᠪᠡᠷ ᠤᠷᠤᠯᠴᠠᠪᠠ᠃     ᠦᠵᠡᠰᠬᠦᠯᠡᠩᠲᠦ ᠰᠠᠶᠢᠬᠠᠨ ᠵᠢᠭᠤᠯᠴᠢᠯᠠᠯ ᠤᠨ ᠲᠠᠸᠠᠷ᠂ ᠠᠩᠬᠢᠯᠤᠮ᠎ᠠ ᠰᠠᠶᠢᠬᠠᠨ ᠲᠠᠯ᠎ᠠ ᠨᠤᠲᠤᠭ ᠤᠨ ᠠᠮᠲᠠᠲᠤ ᠢᠳᠡᠭᠡᠨ᠂ ᠭᠦᠨ ᠵᠤᠵᠠᠭᠠᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠨᠢ  ᠵᠢᠭᠤᠯᠴᠢᠯᠠᠭᠰᠠᠳ ᠤᠨ ᠠᠩᠬᠠᠷᠤᠯ ᠢ ᠲᠠᠲᠠᠪᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠂ ᠪᠤᠭᠤᠲᠤ ᠬᠤᠲᠠ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠡᠷᠡᠯ ᠵᠢᠷᠤᠭᠴᠢᠳ ᠵᠢᠷᠤᠭ ᠳᠦᠷᠰᠦ ᠪᠠᠷ ᠳᠠᠮᠵᠢᠨ ᠶᠡᠷᠦ ᠪᠤᠰᠤ ᠶᠢᠨ ᠳᠤᠷᠠᠰᠤᠮᠵᠢ ᠶᠢ ᠲᠡᠮᠳᠡᠭᠯᠡᠭᠰᠡᠨ ᠪᠠᠶᠢᠨ᠎ᠠ᠂ ᠪᠢᠳᠡᠨ ᠳᠤ ᠭᠡᠷᠡᠯ ᠵᠢᠷᠤᠭ ᠪᠣᠯᠤᠨ ᠲᠠᠯ᠎ᠠ ᠨᠤᠲᠤᠭ ᠤᠨ ᠰᠣᠶᠣᠯ ᠤᠨ ᠭᠦᠨᠵᠡᠭᠡᠶ ᠠᠭᠤᠰᠤᠯᠴᠠᠯ ᠢ ᠬᠠᠮᠲᠤ ᠪᠠᠷ ᠮᠡᠳᠡᠷᠡᠭᠦᠯᠪᠡ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号