ᠥᠪᠥᠷ ᠮᠣᠩᠭᠤᠯ ᠤᠨ ︽ᠲᠦᠭ ᠲᠦᠮᠡᠨ ᠵᠠᠯᠠᠭᠤᠴᠤᠳ ᠪᠠᠭᠠᠴᠤᠳ ᠤᠨ ᠵᠠᠭᠤᠨ ᠬᠤᠰᠢᠭᠤ ᠰᠢᠶᠡᠨ ᠳᠠᠬᠢ ᠡᠷᠡᠭᠦᠯ ᠮᠡᠨᠳᠦ ᠶᠢᠨ ᠠᠶᠠᠯᠠᠯ︾ ᠤᠨ ᠪᠤᠭᠤᠲᠤ ᠬᠤᠲᠠ ᠶᠢᠨ ᠰᠢᠷᠢᠰ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/12/16
      ᠤᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠭ ᠲᠦᠮᠡᠨ ᠵᠠᠯᠠᠭᠤᠴᠤᠳ ᠪᠠᠭᠠᠴᠤᠳ ‍ᠤᠨ‌ᠵᠠᠭᠤᠨ ᠬᠤᠰᠢᠭᠤ ᠰᠢᠶᠡᠨ ᠳᠠᠬᠢ  ᠡᠷᠡᠭᠦᠯ ᠮᠡᠨᠳᠦ ᠶᠢᠨ ᠠᠶᠠᠯᠠᠯ︾ ᠪᠤᠭᠤᠲᠤ ᠬᠤᠲᠠ ᠶᠢᠨ ᠰᠢᠷᠢᠰ ᠠᠵᠢᠯᠯᠠᠭ᠎ᠠ ᠶᠢᠨ ᠨᠢᠭᠡᠳᠦᠭᠡᠷ ᠥᠷᠲᠡᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠳᠠ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠬᠥᠯ ᠪᠥᠮᠪᠦᠭᠡ᠂ ᠰᠤᠷ ᠬᠠᠷᠪᠤᠬᠤ ᠬᠤᠶᠠᠷ ᠲᠥᠷᠥᠯ  ᠵᠦᠢᠯ  ᠢ ᠪᠠᠭᠲᠠᠭᠠᠵᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠲᠡ 100 ᠭᠠᠷᠤᠶ ᠰᠣᠷᠣᠭᠴᠢ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号