ᠰᠢ ᠶᠢᠨ ᠫᠢᠩ ᠯᠢ ᠵᠢᠶᠠ ᠴᠤᠤ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2024/12/16
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 13 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 13 ᠤ ᠦᠳᠡ ᠶᠢᠨ ᠬᠤᠶᠢᠨ᠎ᠠ ᠵᠥᠩ ᠨᠠᠨ ᠬᠠᠢ ᠶᠢᠨ ᠶᠢᠩᠲ᠋ᠠᠢ ᠳᠤ ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠵᠤ᠂ ᠰᠢᠶᠠᠩᠭᠠᠩ ᠤᠨ ᠣᠳᠣᠬᠠᠨ ᠤ ᠪᠠᠶᠢᠳᠠᠯ ᠪᠣᠯᠣᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
6386994052558903084179261.jpg
      12 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠣᠸᠡᠢ ᠷᠧᠨ ᠰᠡᠭᠦᠳᠡᠷᠯᠡᠪᠡ      ᠰᠢ ᠶᠢᠨ ᠫᠢᠩ᠂ ᠨᠢᠭᠡ ᠵᠢᠯ ᠤᠨ ᠲᠤᠷᠰᠢ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠢ ᠳᠠᠭᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠵᠤ᠂ ᠦᠨᠳᠦᠰᠦ ᠪᠤᠯᠬᠤ ᠬᠠᠤᠯᠢ ᠶᠢᠨ 23 ᠳ᠋ᠤᠭᠠᠷ ᠵᠦᠢᠯ ᠤᠨ ᠬᠠᠤᠯᠢ ᠲᠣᠭᠲᠠᠭᠠᠯᠲᠠ ᠶᠢ ᠲᠡᠦᠬᠡᠲᠦ ᠴᠢᠨᠠᠷᠲᠠᠢ ᠪᠡᠶᠡᠯᠡᠭᠦᠯᠵᠦ᠂ ᠤᠶᠤᠨ ᠤᠬᠠᠭᠠᠨ ᠢᠶᠠᠨ ᠲᠥᠪᠯᠡᠷᠡᠭᠦᠯᠦᠨ ᠠᠵᠤ ᠠᠬᠤᠢ ᠶᠢ ᠬᠥᠭᠵᠢᠭᠦᠯᠵᠦ᠂ ᠬᠥᠭᠵᠢᠯᠲᠡ ᠶᠢ ᠡᠷᠢᠯᠬᠢᠯᠡᠵᠦ᠂ ᠣᠷᠣᠨ ᠰᠠᠭᠤᠴᠠ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠢᠶᠠᠩᠭᠠᠩ ᠤᠨ ᠲᠣᠭᠲᠠᠭᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠲᠥᠪ ᠠᠴᠠ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ ᠪᠠᠶᠢᠨ᠎ᠠ ᠭᠡᠵᠦ ᠢᠯᠡᠳᠬᠡᠪᠡ᠃
6386994054996402345232562.jpg      12 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ
ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠣᠸᠡᠢ ᠷᠧᠨ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠤᠨ᠎ᠠ ᠭᠡᠵᠦ ᠴᠢᠬᠤᠯᠠᠴᠢᠯᠠᠭᠰᠠᠨ ᠪᠣᠯᠬᠤᠷ ᠰᠢᠶᠠᠩᠭᠠᠩ ᠤᠨ ᠬᠥᠭᠵᠢᠯᠲᠡ ᠳᠤ ᠰᠢᠨ᠎ᠡ ᠲᠡᠦᠬᠡ ᠶᠢᠨ ᠠᠵᠠ ᠲᠣᠭᠢᠶᠠᠯ ᠢ ᠠᠪᠴᠢᠷᠠᠪᠠ᠃ ᠲᠥᠪ ᠠᠴᠠ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠯᠤᠭ᠎ᠠ ᠢᠳᠡᠪᠬᠢᠲᠡᠢ ᠵᠣᠯᠭᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠵᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤᠮᠳᠠ ᠰᠢᠶᠠᠩᠭᠠᠩ ᠤᠨ ᠵᠠᠰᠠᠯᠲᠠ ᠠᠴᠠ ᠮᠠᠨᠳᠤᠯᠳᠠ ᠳᠤ ᠬᠦᠷᠬᠦ ᠶᠢ ᠠᠬᠢᠭᠤᠯᠵᠤ᠂ ᠰᠢᠶᠠᠩᠭᠠᠩ ᠤᠨ ᠬᠥᠭᠵᠢᠯ ᠴᠡᠴᠡᠭᠯᠡᠯ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠪᠦᠭᠦ ᠬᠦᠴᠦᠨ ᠢᠶᠠᠷ ᠳᠡᠮᠵᠢᠨ᠎ᠠ ᠭᠡᠵᠦ ᠵᠢᠭᠠᠵᠤ ᠭᠠᠷᠭᠠᠪᠠ᠃      ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠱᠢ ᠲᠠᠢ ᠹᠧᠩ᠂ ᠴᠧᠨ ᠸᠧᠨ ᠴᠢᠩ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号