ᠦᠬᠡᠷ ᠤᠨ ᠨᠢᠭᠡ ᠵᠦᠢᠯ ᠤᠨ ᠲᠦᠷᠭᠡᠨ ᠴᠢᠨᠠᠷᠲᠠᠢ ᠴᠢᠰᠤ ᠦᠵᠢᠷᠡᠬᠦ ᠴᠢᠨᠠᠷᠲᠠᠢ ᠬᠠᠯᠳᠠᠪᠤᠷᠢᠲᠤ ᠡᠪᠡᠳᠴᠢᠨ | ᠪᠣᠯᠣᠨ᠎ᠠ᠃ ᠵᠤᠵᠠᠭᠠᠨ ᠮᠢᠬ᠎ᠠ ᠲᠠᠢ ᠪᠤᠯᠴᠢᠩ ᠤᠨ ᠬᠡᠰᠡᠭ ᠲᠤ ᠬᠠᠷ᠎ᠠ ᠥᠩᠭᠡ ᠲᠠᠢ ᠬᠡᠢ ᠬᠠᠪᠤᠩᠳᠠᠵᠤ᠂ ᠳᠠᠷᠤᠪᠠᠯ | ᠳᠠᠭᠤ ᠭᠠᠷᠳᠠᠭ᠃ | ᠡᠪᠡᠳᠴᠢᠨ ᠤ ᠢᠯᠡᠷᠡᠯ᠄ ᠣᠯᠠᠩᠬᠢ ᠨᠢ ᠭᠡᠨᠡᠳᠲᠡ ᠪᠠᠷ ᠡᠪᠡᠳᠴᠢᠯᠡᠵᠦ᠂ ᠡᠬᠢᠨ ᠳᠡᠭᠡᠨ ᠪᠡᠶ᠎ᠡ ᠶᠢᠨ | ᠬᠠᠯᠠᠭᠤᠨ ᠨᠢ ᠥᠨᠳᠥᠷᠵᠢᠵᠦ᠂ ᠵᠠᠷᠢᠮ ᠡᠪᠡᠳᠴᠢᠨ ᠲᠠᠢ ᠦᠬᠡᠷ ᠤᠨ ᠪᠡᠶ᠎ᠡ ᠶᠢᠨ ᠬᠠᠯᠠᠭᠤᠨ ᠤ ᠲᠤᠰᠬᠠᠯ ᠨᠢ ᠢᠯᠡᠷᠬᠡᠢ | ᠪᠢᠰᠢ᠃ ᠢᠳᠡᠭᠡᠨ ᠤ ᠳᠤᠷᠠᠰᠢᠯ ᠦᠭᠡᠢ ᠪᠤᠯᠵᠤ ᠬᠡᠪᠢᠬᠦ ᠪᠠᠨ ᠵᠣᠭᠰᠣᠵᠤ᠂ ᠴᠤᠭ ᠰᠦᠯᠳᠡ ᠦᠭᠡᠢ᠂ ᠬᠦᠳᠡᠯᠬᠦ | ᠳᠤᠷ᠎ᠠ ᠦᠭᠡᠢ᠂ ᠬᠦᠯ ᠨᠢ ᠳᠣᠭᠤᠯᠳᠠᠳᠠᠭ᠃ ᠣᠯᠠᠩᠬᠢ ᠡᠪᠡᠳᠴᠢᠨ ᠲᠠᠢ ᠦᠬᠡᠷ ᠳᠠᠯᠤ ᠶᠢᠨ ᠬᠡᠰᠡᠭ ᠪᠠ ᠳᠤᠮᠳᠠ | ᠴᠢᠮᠦᠭᠡᠨ ᠤ ᠬᠡᠰᠡᠭ ᠤᠨ ᠨᠢᠭᠡ ᠪᠤᠶᠤ ᠬᠤᠶᠠᠷ ᠬᠡᠰᠡᠭ ᠲᠤ ᠦᠷᠪᠢᠰᠦᠯ ᠤᠨ ᠴᠢᠨᠠᠷᠲᠠᠢ ᠤᠰᠤᠨ ᠬᠠᠪᠤᠩ ᠡᠭᠦᠰᠦᠨ᠎ᠡ᠃ | ᠣᠯᠠᠨ ᠭᠠᠵᠠᠷ ᠲᠤ ᠬᠠᠪᠤᠳᠤᠭᠰᠠᠨ ᠡᠪᠡᠳᠴᠢᠨ ᠤ ᠵᠢᠱᠢᠶ᠎ᠡ ᠨᠡᠯᠢᠶᠡᠳ ᠴᠥᠭᠡᠨ ᠪᠠᠶᠢᠳᠠᠭ᠃ ᠡᠪᠡᠳᠴᠢᠯᠡᠭᠰᠡᠨ | ᠬᠡᠰᠡᠭ ᠤᠨ ᠠᠷᠠᠰᠤ ᠨᠢ ᠬᠠᠭᠤᠷᠠᠶᠢᠳᠠᠨ ᠲᠡᠯᠡᠷᠡᠵᠦ᠂ ᠠᠭᠠᠵᠢᠮ ᠢᠶᠠᠷ ᠬᠦᠷᠡᠩ ᠬᠠᠷ᠎ᠠ ᠥᠩᠭᠡ ᠲᠠᠢ ᠪᠣᠯᠵᠤ᠂ | ᠬᠠᠲᠠᠭᠤᠷᠠᠵᠤ᠂ ᠲᠣᠭᠰᠢᠵᠤ ᠣᠨᠣᠰᠢᠯᠠᠬᠤ ᠳᠤ ᠳᠠᠭᠤ ᠭᠠᠷᠳᠠᠭ᠃ ᠰᠢᠷᠬ᠎ᠠ ᠪᠠ ᠠᠷᠠᠰᠤ ᠨᠢ ᠬᠠᠭᠠᠷᠠᠬᠤ ᠪᠤᠶᠤ | ᠬᠠᠭᠠᠯᠬᠤ ᠦᠶ᠎ᠡ ᠳᠤ᠂ ᠬᠥᠭᠡᠰᠦ ᠲᠠᠢ ᠭᠦᠨ ᠤᠯᠠᠭᠠᠨ ᠥᠩᠭᠡᠲᠡᠢ ᠬᠦᠴᠢᠯᠯᠢᠭ ᠦᠮᠡᠬᠡᠢ ᠰᠢᠩᠭᠡᠨ ᠪᠡᠶᠡᠲᠦ | ᠤᠷᠤᠰᠤᠨ ᠭᠠᠷᠤᠨ᠎ᠠ᠃ ᠡᠪᠡᠳᠴᠢᠯᠡᠭᠰᠡᠨ ᠤ ᠰᠡᠭᠦᠯᠴᠢ ᠶᠢᠨ ᠬᠤᠭᠤᠴᠠᠭᠠᠨ ᠳᠤ ᠪᠣᠰᠬᠤ ᠦᠭᠡᠢ ᠪᠤᠯᠵᠤ᠂ ᠪᠡᠶ᠎ᠡ ᠶᠢᠨ | ᠬᠠᠯᠠᠭᠤᠨ ᠨᠢ ᠲᠦᠷᠭᠡᠨ ᠢᠶᠠᠷ ᠳᠣᠷᠣᠭᠰᠢᠯᠠᠵᠤ᠂ ᠠᠮᠢᠰᠬᠤᠯ ᠨᠢ ᠬᠦᠴᠢᠷᠳᠡᠵᠦ᠂ ᠵᠣᠪᠬᠢ ᠨᠢ ᠬᠥᠬᠡ ᠪᠣᠷᠣ | ᠥᠩᠭᠡ ᠲᠠᠢ ᠪᠣᠯᠵᠤ᠂ ᠶᠡᠷᠦ ᠳᠡᠭᠡᠨ 1~2 ᠡᠳᠦᠷ ᠤᠨ ᠳᠣᠲᠣᠷ᠎ᠠ ᠦᠬᠦᠳᠡᠭ᠃ | ᠰᠡᠷᠭᠡᠶᠢᠯᠡᠨ ᠵᠠᠰᠠᠬᠤ ᠠᠷᠭ᠎ᠠ᠄ ᠡᠪᠡᠳᠴᠢᠨ ᠭᠠᠷᠴᠤ ᠥᠩᠭᠡᠷᠡᠭᠰᠡᠨ ᠭᠠᠵᠠᠷ ᠣᠷᠣᠨ ᠳᠤ ᠵᠢᠯ ᠪᠦᠷᠢ ᠶᠢᠨ | ᠬᠠᠪᠤᠷ ᠤᠨ ᠤᠯᠠᠷᠢᠯ ᠳᠤ ᠬᠡᠢ ᠬᠠᠪᠤᠩ ᠤᠨ ᠪᠠᠺᠲ᠋ᠧᠷᠢᠲᠦ ᠸᠠᠺᠼᠢᠨ ᠲᠠᠷᠢᠨ᠎ᠠ᠂ ᠢᠯᠠᠩᠭᠤᠶ᠎ᠠ ᠡᠪᠡᠳᠴᠢᠨ | ᠡᠭᠦᠰᠦᠭᠰᠡᠨ ᠭᠠᠵᠠᠷ ᠣᠷᠣᠨ ᠳᠤ ᠪᠠᠺᠲ᠋ᠧᠷᠢᠲᠦ ᠸᠠᠺᠼᠢᠨ ᠲᠠᠷᠢᠬᠤ ᠶᠢ ᠨᠡᠩ ᠠᠩᠬᠠᠷᠬᠤ ᠬᠡᠷᠡᠭᠲᠡᠢ᠃ | ᠡᠪᠡᠳᠴᠢᠨ ᠲᠠᠢ ᠦᠬᠡᠷ ᠤᠨ ᠬᠡᠭᠦᠷ᠂ ᠪᠣᠬᠢᠷᠲᠤᠭᠰᠠᠨ ᠪᠠᠭᠠᠰᠤ᠂ ᠰᠢᠭᠡᠰᠦ᠂ ᠳᠡᠪᠢᠰᠦᠭᠰᠡᠨ ᠡᠪᠡᠰᠦ ᠵᠡᠷᠭᠡ ᠶᠢ ᠴᠦᠮ | ᠬᠠᠮᠲᠤ ᠰᠢᠲᠠᠭᠠᠬᠤ ᠪᠤᠶᠤ ᠭᠦᠨ ᠪᠤᠯᠠᠳᠠᠭ᠃ ᠡᠪᠡᠳᠴᠢᠨ ᠲᠠᠢ ᠦᠬᠡᠷ ᠤᠨ ᠬᠠᠰᠢᠶ᠎ᠠ ᠶᠢ 0.2% ᠤᠨ ᠮᠥᠩᠭᠦᠨ | ᠤᠰᠤᠨ ᠤ ᠰᠢᠩᠭᠡᠨ ᠪᠤᠶᠤ 20% ᠶᠢᠨ ᠴᠠᠶᠢᠷᠠᠭᠤᠯᠬᠤ ᠨᠤᠨᠳᠠᠭ ᠤᠨ ᠠᠭᠤᠰᠤᠮᠠᠯ ᠢᠶᠠᠷ ᠲᠦᠢᠯᠪᠤᠷᠢᠲᠠᠢ | ᠠᠷᠢᠭᠤᠳᠬᠠᠬᠤ ᠬᠡᠷᠡᠭᠲᠡᠢ᠃ |