ᠵᠢᠯ ᠤᠨ ᠡᠴᠤᠰ ᠪᠤᠯᠬᠤ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠴᠦ ᠵᠠᠯᠭᠠᠭ᠎ᠠ ᠵᠠᠯᠭᠠᠭ᠎ᠠ ᠪᠠᠷ | ᠭᠠᠷᠴᠤ ᠢᠷᠡᠬᠦ ᠶᠢ ᠳᠠᠭᠠᠯᠳᠤᠨ᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢ | ᠬᠡᠷᠡᠭᠵᠢᠭᠦᠯᠬᠦ ᠶᠢ ᠭᠦᠨᠵᠡᠭᠡᠶ ᠳᠥᠯᠭᠢᠨ ᠠᠬᠢᠭᠤᠯᠵᠤ᠂ ᠥᠷᠭᠡᠨ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ | ᠤᠬᠠᠮᠰᠠᠷ ᠢ ᠳᠡᠭᠡᠭᠰᠢᠯᠡᠭᠦᠯᠦᠨ᠂ ᠣᠯᠠᠨ ᠢ ᠬᠠᠪᠰᠤᠷᠤᠨ ᠠᠮᠢᠳᠤᠷᠠᠯ ᠤᠨ ᠳᠤᠮᠳᠠᠬᠢ ᠨᠢᠭᠤᠭᠳᠠᠮᠠᠯ ᠮᠡᠬᠡᠯᠡᠯ ᠤᠨ | ᠲᠦᠭᠰᠢᠭᠦᠷᠢ ᠶᠢ ᠢᠯᠭᠠᠨ ᠲᠠᠨᠢᠭᠤᠯᠵᠤ᠂ ᠬᠡᠷ ᠪᠦᠯᠢ ᠶᠢᠨ ᠪᠦᠷᠢᠯᠳᠦᠬᠦᠨ ᠨᠢᠭᠡᠪᠦᠷᠢ ᠶᠢᠨ ︽ᠵᠣᠭᠤᠰᠣᠨ ᠤᠭᠤᠲᠠ︾ | ᠶᠢ ᠬᠠᠮᠠᠭᠠᠯᠠᠵᠤ᠂ ᠡᠷᠦᠬᠡ ᠪᠦᠷᠢ ᠶᠢᠨ ᠬᠡᠷ ᠪᠦᠯᠢ ᠶᠢᠨ ᠵᠣᠯ ᠵᠢᠷᠭᠠᠯ ᠢ ᠬᠠᠮᠠᠭᠠᠯᠠᠬᠤ ᠶᠢᠨ ᠲᠥᠯᠥᠭᠡ᠂ 2024 | ᠣᠨ ᠤ 12 ᠰᠠᠷ᠎ᠠ ᠶᠢᠨ 4 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ | ᠬᠤᠯᠪᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠴᠠᠬᠢᠯᠭᠠᠨ ᠬᠤᠯᠪᠣᠭᠠᠨ ᠤ | ᠮᠡᠬᠡᠯᠡᠯ ᠢ ᠰᠡᠷᠭᠡᠶᠢᠯᠡᠬᠦ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ | ᠬᠤᠯᠪᠤᠭ᠎ᠠ ᠡᠯ᠎ᠡ ᠰᠠᠯᠠᠭ᠎ᠠ ᠮᠥᠴᠢᠷ ᠤᠨ ᠮᠡᠬᠡᠯᠡᠯ ᠢ ᠡᠰᠡᠷᠭᠦᠴᠡᠬᠦ ᠲᠣᠭᠲᠠᠭᠤᠨ ᠢ ᠬᠠᠮᠠᠭᠠᠯᠠᠬᠤ ᠠᠵᠢᠯ ᠳᠤ | ᠦᠷᠭᠦᠯᠵᠢᠯᠡᠨ ᠬᠦᠴᠦᠨ ᠨᠡᠮᠡᠷᠢᠯᠡᠵᠦ᠂ ᠡᠮᠡᠭᠲᠡᠶᠢᠴᠦᠳ ᠤᠨ ᠬᠦᠴᠦᠨ ᠢᠶᠠᠷ ᠬᠡᠷ ᠪᠦᠯᠢ ᠨᠢᠭᠡᠪᠦᠷᠢ ᠶᠢᠨ ᠵᠣᠯ ᠵᠢᠷᠭᠠᠯ ᠢ | ᠰᠠᠬᠢᠵᠤ᠂ ᠣᠯᠠᠨ ᠤ ︽ ᠪᠠᠭ᠎ᠠ ᠬᠡᠷ ᠪᠦᠯᠢ︾ ᠶᠢ ᠬᠠᠮᠠᠭᠠᠯᠠᠵᠤ᠂ ᠡᠬᠦᠨ ᠤ ᠤᠯᠠᠮ ᠠᠴᠠ ᠨᠡᠶᠢᠭᠡᠮ ᠤᠨ ︽ ᠶᠡᠭᠡ | ᠬᠡᠷ ᠪᠦᠯᠢ︾ ᠶᠢ ᠬᠠᠮᠠᠭᠠᠯᠠᠨ᠂ ᠮᠠᠨ ᠤ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ | ᠬᠥᠭᠵᠢᠯᠲᠡ ᠶᠢ ᠬᠠᠮᠠᠭᠠᠯᠠᠵᠤ᠂ ᠮᠡᠬᠡᠯᠡᠯ ᠤᠨ ᠪᠦᠯᠬᠦᠮ ᠳᠤ ᠠᠵᠠ ᠲᠣᠬᠢᠶᠠᠯ ᠣᠯᠭᠤᠬᠤ ᠥᠬᠡᠶ᠂ ᠵᠣᠯ ᠵᠢᠷᠭᠠᠯᠲᠤ | ᠬᠡᠷ ᠪᠦᠯᠢ ᠶᠢᠨ ᠠᠮᠢᠳᠤᠷᠠᠯ ᠢ ᠰᠠᠬᠢᠨ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠬᠥᠭᠵᠢᠯᠲᠡ ᠶᠢ ᠰᠠᠬᠢᠨ | ᠠᠬᠢᠭᠤᠯᠤᠨ᠎ᠠ᠃ |