12 ᠳ᠋ᠤᠭᠠᠷ ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠣᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠭᠤᠸᠠᠩᠳᠦ᠋ᠩ ᠤᠨ ᠲᠠᠯ᠎ᠠ ᠨᠤᠲᠤᠭ ᠤᠨ ᠬᠠᠶᠢᠷ᠎ᠠ ᠬᠠᠯᠠᠮᠵᠢ ᠶᠢᠨ | ᠰᠤᠷᠤᠯᠭ᠎ᠠ ᠶᠢ ᠲᠡᠳᠬᠦᠬᠦ ᠪᠦᠯᠬᠦᠮ ᠤᠨ ᠲᠤᠰᠠᠯᠠᠮᠵᠢ ᠬᠦᠷᠲᠡᠭᠰᠡᠨ ᠰᠤᠷᠤᠭᠴᠢᠳ ᠢ ᠬᠠᠷᠢᠭᠤ ᠰᠤᠷᠪᠤᠯᠵᠢᠯᠠᠬᠤ︾ | ᠠᠵᠢᠯᠯᠠᠭ᠎ᠠ ᠶᠢ ᠬᠠᠮᠲᠤᠷᠠᠨ ᠡᠷᠭᠢᠯᠡᠪᠡ᠃ ᠭᠤᠸᠠᠩᠳᠦ᠋ᠩ ᠤᠨ ᠲᠠᠯ᠎ᠠ ᠨᠤᠲᠤᠭ ᠤᠨ ᠬᠠᠶᠢᠷ᠎ᠠ ᠬᠠᠯᠠᠮᠵᠢ ᠶᠢᠨ | ᠰᠤᠷᠤᠯᠭ᠎ᠠ ᠶᠢ ᠲᠡᠳᠬᠦᠬᠦ ᠪᠦᠯᠬᠦᠮ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠤᠤᠯ ᠤᠨ ᠳᠡᠳ᠋ ᠲᠡᠷᠢᠭᠦᠯᠡᠭᠴᠢ ᠨᠠᠷᠠᠨ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ | ᠯᠦᠩ ᠮᠧᠢ᠂ ᠢᠦᠢ ᠷᠦᠩ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ | ᠲᠣᠭᠤᠷᠢᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠬᠠᠷᠢᠭᠤᠴᠠᠯᠭᠠᠲᠠᠨ᠂ ︽ᠠᠨᠢᠷ ᠦᠭᠡᠢ ᠠᠮᠢᠨ ᠭᠤᠣᠯ︾ | ᠷᠤᠮᠠᠨ ᠤ ᠵᠣᠬᠢᠶᠠᠭᠴᠢ ᠰᠠᠷᠠᠨᠲᠤᠶᠠᠭ᠎ᠠ᠂ ︽ᠤᠤᠷ ᠴᠢᠨᠠᠷ — ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ | ᠥᠬᠢᠨ ᠳᠡᠭᠦᠦ ᠶᠢᠨ ᠠᠮᠢᠳᠤᠷᠠᠯ ᠤᠨ ᠪᠣᠳᠠᠲᠤ ᠲᠡᠮᠳᠡᠭᠯᠡᠯ︾ ᠤᠨ ᠵᠣᠬᠢᠶᠠᠭᠴᠢ ᠨᠠᠰᠤᠨ᠋ᠤ᠋ᠷᠲᠤ ᠨᠠᠷ ᠠᠵᠢᠯᠯᠠᠭ᠎ᠠ ᠳᠤ | ᠣᠷᠣᠯᠴᠠᠪᠠ᠃ | ᠬᠠᠷᠢᠭᠤ ᠰᠤᠷᠪᠤᠯᠵᠢᠯᠠᠬᠤ ᠠᠵᠢᠯᠯᠠᠭ᠎ᠠ ᠳᠤ ᠣᠷᠣᠯᠴᠠᠭᠰᠠᠳ ᠤᠷᠢᠳ ᠬᠤᠵᠢᠳ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠯᠦᠩ ᠮᠧᠢ᠂ ᠢᠦᠢ ᠷᠦᠩ ᠤᠨ ᠬᠠᠭᠤᠴᠢᠨ ᠰᠠᠭᠤᠴᠠ᠂ ᠪᠠᠶ᠋ᠬᠠᠤᠪᠤᠭ᠎ᠠ | ᠠᠭᠤᠷᠬᠠᠢ ᠶᠢᠨ ᠲᠣᠭᠤᠷᠢᠭ ᠤᠨ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ | ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠢᠭᠡᠳᠦᠭᠡᠷ ᠪᠠᠭ᠎ᠠ | ᠰᠤᠷᠭᠠᠭᠤᠯᠢ — ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠰᠤᠷᠭᠠᠭᠤᠯᠢ︾ ᠶᠢ | ᠲᠣᠭᠤᠷᠢᠨ ᠦᠵᠡᠵᠦ᠂ ᠬᠠᠮᠲᠤ ᠪᠠᠷ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠯᠦᠩ | ᠮᠧᠢ᠂ ᠢᠦᠢ ᠷᠦᠩ ᠤᠨ ᠦᠢᠯᠡ ᠠᠵᠢᠯᠯᠠᠭ᠎ᠠ ᠶᠢᠨ ᠦᠯᠢᠭᠡᠷ ᠢ ᠡᠷᠭᠢᠴᠡᠭᠦᠯᠵᠦ᠂ ᠴᠠᠭ ᠦᠶ᠎ᠡ ᠶᠢᠨ ᠪᠠᠭᠠᠲᠤᠷᠴᠤᠳ ᠢ | ᠣᠶᠢᠯᠠᠭᠠᠵᠤ᠂ ᠦᠯᠢᠭᠡᠷ ᠳᠠᠭᠤᠷᠢᠶᠠᠯ ᠤᠨ ᠬᠦᠴᠦᠨ ᠢ ᠰᠢᠩᠭᠡᠬᠡᠨ ᠠᠪᠤᠪᠠ᠃ | ᠳᠠᠷᠠᠭ᠎ᠠ ᠪᠠᠷ ᠨᠢ ᠶᠠᠪᠤᠭᠳᠠᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠬᠤᠶᠠᠷ ᠭᠠᠵᠠᠷ ᠤᠨ ᠲᠤᠰᠠᠯᠠᠮᠵᠢ | ᠬᠦᠷᠲᠡᠭᠰᠡᠨ ᠰᠤᠷᠤᠭᠴᠢᠳ ᠤᠨ ᠰᠤᠷᠭᠠᠭᠤᠯᠢ᠂ ᠠᠵᠢᠯ ᠤᠨ ᠪᠠᠶᠢᠷᠢ ᠠᠴᠠ ᠢᠷᠡᠭᠦᠯᠦᠭᠰᠡᠨ ᠲᠠᠯᠠᠷᠬᠠᠯ ᠤᠨ ᠸᠢᠳᠢᠤ᠋ ᠶᠢ | ᠬᠠᠮᠲᠤ ᠪᠠᠷ ᠰᠣᠨᠢᠷᠬᠠᠵᠤ᠂ ᠲᠤᠰᠠᠯᠠᠮᠵᠢ ᠬᠦᠷᠲᠡᠭᠰᠡᠨ ᠰᠤᠷᠤᠭᠴᠢᠳ ᠵᠢᠴᠢ ᠭᠡᠷ ᠤᠨ ᠠᠬᠠᠮᠠᠳ ᠤᠨ | ᠲᠥᠯᠥᠭᠡᠯᠡᠭᠴᠢᠳ ᠤᠨ ᠲᠠᠯᠠᠷᠬᠠᠯ ᠤᠨ ᠶᠠᠷᠢᠶ᠎ᠠ ᠶᠢ ᠰᠣᠨᠣᠰᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠪᠦᠦ ᠴᠦᠨ᠂ ᠡᠨᠡ ᠵᠢᠯ ᠪᠣᠯ ᠲᠠᠯ᠎ᠠ ᠨᠤᠲᠤᠭ ᠤᠨ ᠪᠢᠴᠢᠬᠠᠨ | ᠪᠠᠭᠠᠲᠤᠷ ᠡᠭᠡᠴᠢ ᠥᠬᠢᠨ ᠳᠡᠭᠦᠦ ᠶᠢᠨ ᠨᠡᠶᠢᠲᠡ ᠶᠢᠨ ᠬᠤᠨᠢᠨ ᠰᠦᠷᠦᠭ ᠢ ᠬᠠᠮᠠᠭᠠᠯᠠᠭᠰᠠᠨ ᠬᠥᠮᠥᠰ ᠤᠨ ᠰᠡᠳᠬᠢᠯ ᠢ | ᠬᠥᠳᠡᠯᠭᠡᠮ᠎ᠡ ᠦᠶ᠋ᠯᠡ ᠠᠵᠢᠯᠯᠠᠭ᠎ᠠ ᠶᠢᠨ 60 ᠵᠢᠯ ᠤᠨ ᠣᠶ ᠮᠥᠨ᠂ 60 ᠵᠢᠯ ᠤᠨ ᠲᠤᠷᠰᠢ᠂ ᠪᠠᠭᠠᠲᠤᠷ ᠤᠨ ᠵᠣᠷᠢᠭ | ᠰᠠᠨᠠᠭ᠎ᠠ ᠶᠢ ᠥᠷᠭᠡᠨ ᠢᠶᠠᠷ ᠤᠯᠠᠮᠵᠢᠯᠭ᠍ᠳᠠᠨ ᠮᠠᠭᠲᠠᠭᠳᠠᠵᠤ᠂ ᠦᠶ᠎ᠡ ᠦᠶ᠎ᠡ ᠶᠢᠨ ᠵᠠᠯᠠᠭᠤᠴᠤᠳ ᠪᠠᠭᠠᠴᠤᠳ ᠤᠨ | ᠥᠭᠡᠳᠡᠯᠡᠨ ᠳᠠᠪᠰᠢᠬᠤ ᠶᠢ ᠨᠥᠯᠥᠭᠡᠯᠡᠵᠦ᠂ 60 ᠵᠢᠯ ᠤᠨ ᠲᠤᠷᠰᠢ᠂ ᠯᠦᠩ ᠮᠧᠶ᠂ ᠢᠦᠢ ᠷᠦᠩ ᠤᠭ ᠰᠠᠨᠠᠭ᠎ᠠ ᠪᠠᠨ | ᠥᠯᠥ ᠮᠠᠷᠲᠠᠵᠤ᠂ ᠢᠷᠠᠭᠤ ᠠᠯᠳᠠᠷ ᠢᠶᠠᠨ ᠨᠠᠨᠳᠢᠩᠨᠠᠨ᠂ ᠥᠪᠡᠷ ᠤᠨ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ | ᠨᠡᠶᠢᠭᠡᠮ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ᠨᠤᠲᠤᠭ | ᠤᠰᠤᠨ ᠤ ᠪᠠᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠥᠭᠦᠷᠭᠡ | ᠬᠤᠯᠪᠣᠭᠠᠰᠤ ᠪᠠᠶᠢᠭᠤᠯᠵᠤ ᠪᠠᠶᠢᠭᠠᠳ ᠭᠤᠸᠠᠩᠳᠦ᠋ᠩ ᠮᠤᠵᠢ ᠶᠢᠨ ᠲᠠᠯ᠎ᠠ ᠨᠤᠲᠤᠭ ᠤᠨ ᠬᠠᠶᠢᠷ᠎ᠠ ᠬᠠᠯᠠᠮᠵᠢ ᠶᠢᠨ | ᠰᠤᠷᠤᠯᠭ᠎ᠠ ᠶᠢ ᠲᠡᠳᠬᠦᠬᠦ ᠪᠦᠯᠬᠦᠮ ᠢ ᠣᠷᠣᠭᠤᠯᠤᠨ ᠠᠪᠴᠢᠷᠠᠵᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ | ᠪᠣᠯᠣᠨ ᠪᠠᠶᠠᠨ᠋ᠤ᠋ᠪᠤᠭ᠎ᠠ ᠠᠭᠤᠷᠬᠠᠢ ᠶᠢᠨ ᠲᠣᠭᠤᠷᠢᠭ ᠲᠤ ᠢᠷᠡᠭᠦᠯᠵᠦ᠂ ᠤᠯᠠᠨ ᠵᠢᠯ ᠤᠨ ᠲᠤᠷᠰᠢ ᠬᠤᠶᠠᠷ ᠭᠠᠵᠠᠷ ᠤᠨ | ᠬᠡᠳᠦᠨ ᠵᠠᠭᠤᠨ ᠶᠠᠳᠠᠭᠤ ᠬᠦᠴᠢᠷᠳᠡᠯᠲᠡᠢ ᠰᠤᠷᠤᠭᠴᠢᠳ ᠲᠤ ᠵᠤᠭᠤᠰ ᠮᠥᠩᠭᠦ ᠬᠠᠨᠳᠢᠪᠯᠡᠵᠤ᠂ ᠬᠠᠶᠢᠷ᠎ᠠ ᠬᠠᠯᠠᠮᠵᠢ | ᠬᠦᠷᠭᠡᠵᠦ᠂ ᠲᠡᠳᠡᠭᠡᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠬᠦᠴᠢᠷ ᠢ ᠲᠤᠭᠤᠯᠵᠤ᠂ ᠬᠥᠮᠦᠨ ᠤ | ᠠᠮᠢᠳᠤᠷᠠᠯ ᠤᠨ ᠰᠢᠨ᠎ᠡ ᠡᠬᠢᠯᠡᠯᠲᠡ ᠶᠢᠨ ᠴᠡᠭ ᠵᠦᠭ ᠤᠷᠤᠭᠰᠢᠯᠠᠭᠤᠯᠪᠠ᠃ | ᠵᠠᠩ ᠢᠦᠢ ᠬᠠᠩ ᠠᠪᠤᠭᠠᠢ ᠪᠠᠷ ᠲᠥᠯᠥᠭᠡᠯᠡᠭᠦᠯᠦᠭᠰᠡᠨ ᠬᠠᠶᠢᠷ᠎ᠠ ᠬᠠᠯᠠᠮᠵᠢᠲᠤ ᠬᠥᠮᠥᠰ 28 ᠵᠢᠯ ᠢ ᠨᠢᠭᠡ | ᠡᠳᠦᠷ ᠮᠡᠲᠦ ᠪᠠᠲᠤ ᠰᠠᠬᠢᠵᠤ᠂ ᠠᠭᠤᠯᠠ ᠤᠰᠤ ᠶᠢ ᠠᠯᠤᠰᠯᠠᠭᠰᠠᠨ ᠶᠡᠭᠡ ᠬᠠᠶᠢᠷ᠎ᠠ ᠪᠠᠷ ᠡᠮᠦᠨᠡᠲᠦ | ᠭᠤᠸᠠᠩᠳᠦ᠋ᠩ ᠠᠴᠠ ᠤᠮᠠᠷᠠᠲᠤ ᠬᠢᠯᠢ ᠬᠦᠷᠲᠡᠯᠡᠬᠢ ᠨᠥᠬᠦᠷᠯᠡᠯ ᠤᠨ ᠬᠥᠭᠦᠷᠭᠡ ᠶᠢ ᠪᠣᠰᠬᠠᠵᠤ᠂ ᠦᠨᠳᠦᠰᠦᠲᠡᠨ ᠤ | ᠪᠦᠯᠬᠦᠮᠳᠡᠯ ᠤᠨ ᠲᠡᠦᠬᠡ ᠶᠢᠨ ᠳᠠᠭᠤᠷᠢᠰᠬᠠᠯ ᠢ ᠪᠢᠴᠢᠭᠯᠡᠵᠦ᠂ ᠥᠪᠥᠷ ᠮᠣᠩᠭᠤᠯ ᠤᠨ ᠲᠠᠯ᠎ᠠ ᠨᠤᠲᠤᠭ ᠲᠤ ᠵᠣᠭᠤᠰ | ᠮᠥᠩᠭᠦ ᠪᠠᠷ ᠰᠤᠷᠤᠯᠭ᠎ᠠ ᠶᠢ ᠲᠡᠳᠬᠦᠬᠦ ᠪᠠᠯᠠᠷᠠᠰᠢ ᠦᠭᠡᠢ ᠬᠥᠰᠢᠶ᠎ᠡ ᠨᠦᠭᠦᠳ ᠢ ᠪᠣᠰᠬᠠᠪᠠ᠃ ᠲᠤᠰᠠᠯᠠᠮᠵᠢ ᠭᠥᠷᠳᠡᠭᠰᠡᠨ | ᠬᠡᠦᠬᠡᠳ ᠤᠳ ᠰᠢᠯᠢᠳᠡᠭ ᠬᠢᠷᠢ ᠪᠦᠲᠦᠮᠵᠢ ᠪᠠᠷ ᠢᠶᠠᠨ ᠰᠤᠷᠭᠠᠭᠤᠯᠢ᠂ ᠨᠡᠶᠢᠭᠡᠮ ᠳᠤ ᠠᠴᠢ ᠬᠠᠷᠢᠭᠤᠯᠠᠵᠤ᠂ | ᠲᠤᠯᠭᠠᠭᠤᠷᠢ ᠬᠦᠴᠦᠨ ᠪᠣᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶᠠᠨ᠋ᠤ᠋ᠪᠤᠭ᠋ ᠠ ᠠᠭᠤᠷᠬᠠᠢ ᠶᠢᠨ ᠲᠣᠭᠤᠷᠢᠭ ᠠᠴᠠ | ᠭᠤᠸᠠᠩᠳᠦ᠋ᠩ ᠤᠨ ᠲᠠᠯ᠎ᠠ ᠨᠤᠲᠤᠭ ᠤᠨ ᠰᠤᠷᠤᠯᠭ᠎ᠠ ᠶᠢ ᠲᠡᠳᠬᠦᠬᠦ ᠬᠠᠶᠢᠷ᠎ᠠ ᠬᠠᠯᠠᠮᠵᠢ ᠶᠢᠨ ᠪᠦᠯᠬᠦᠮ ᠳᠤ ᠬᠡᠮᠡᠷᠯᠢᠭ | ᠲᠤᠭ ᠬᠦᠷᠭᠡᠵᠦ᠂ ᠲᠤᠰᠠᠯᠠᠮᠵᠢ ᠬᠦᠷᠲᠡᠭᠰᠡᠨ ᠰᠤᠷᠤᠭᠴᠢᠳ ᠠᠴᠠ ︽ᠲᠠᠯ᠎ᠠ ᠨᠤᠲᠤᠭ ᠤᠨ ᠪᠢᠴᠢᠬᠠᠨ ᠪᠠᠭᠠᠲᠤᠷ | ᠡᠭᠡᠴᠢ ᠥᠬᠢᠨ ᠳᠡᠭᠦᠦ︾ ᠳᠤ ᠬᠡᠮᠡᠷᠯᠢᠭ ᠲᠤᠭ ᠬᠦᠷᠭᠡᠵᠦ᠂ ᠭᠤᠸᠠᠩᠳᠦ᠋ᠩ ᠤᠨ ᠲᠠᠯ᠎ᠠ ᠨᠤᠲᠤᠭ ᠤᠨ ᠬᠠᠶᠢᠷ᠎ᠠ | ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠪᠦᠯᠬᠦᠮ ᠤᠨ ᠵᠠᠩ ᠢᠦᠢ ᠬᠠᠩ ᠠᠪᠤᠭᠠᠢ᠂ ᠯᠦᠩ ᠮᠧᠢ᠂ ᠢᠦᠢ ᠷᠦᠩ | ᠪᠣᠯᠣᠨ ᠨᠢᠭᠦᠯᠡᠰᠦᠩᠭᠦᠢ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠲᠤᠰ ᠲᠤᠰ ᠰᠤᠷᠤᠭᠴᠢᠳ ᠲᠤ ᠦᠭᠡ ᠬᠡᠯᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠯᠦᠩ ᠮᠧᠶ᠂ ᠢᠦᠢ ᠷᠦᠩ ᠪᠣᠯᠣᠨ ᠵᠠᠩ ᠢᠦᠢ ᠬᠠᠩ | ᠭᠤᠷᠪᠠᠭᠤᠯᠠ ᠪᠣᠯ ᠠᠩᠬᠠᠳᠠᠭᠴᠢ ᠬᠤᠭᠤᠴᠠᠭᠠᠨ ᠤ ᠥᠪᠥᠷ ᠮᠣᠩᠭᠤᠯ ᠢ ᠳᠣᠭᠳᠣᠯᠤᠭᠤᠯᠤᠭᠰᠠᠨ ᠬᠦᠮᠦᠰ ᠪᠣᠯᠣᠨ᠎ᠠ᠃ | ᠡᠨᠡ ᠤᠳᠠᠭ᠎ᠠ ᠪᠣᠯ ᠭᠤᠸᠠᠩᠳᠦ᠋ᠩ ᠤᠨ ᠲᠠᠯ᠎ᠠ ᠨᠤᠲᠤᠭ ᠤᠨ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ | ᠪᠦᠯᠬᠦᠮ ᠤᠨ 50 ᠳ᠋ᠤᠭᠠᠷ ᠤᠳᠠᠭ᠎ᠠ ᠥᠪᠥᠷ ᠮᠣᠩᠭᠤᠯ ᠳᠤ ᠢᠷᠡᠵᠦ ᠪᠠᠶᠢᠭ᠎ᠠ ᠨᠢ ᠶᠤᠮ᠃ ᠵᠠᠩ ᠢᠦᠢ ᠬᠠᠩ ᠤᠨ | ᠪᠦᠯᠬᠦᠮ ᠨᠢ 28 ᠵᠢᠯ ᠳᠤ ᠥᠪᠥᠷ ᠮᠣᠩᠭᠤᠯ ᠤᠨ 12 ᠠᠶᠢᠮᠠᠭ ᠬᠤᠳᠠ ᠶᠢᠨ 84 ᠬᠤᠰᠢᠭᠤ ᠰᠢᠶᠠᠨ | ᠲᠣᠭᠤᠷᠢᠭ ᠢᠶᠠᠷ ᠬᠦᠷᠴᠦ᠂ 5000 ᠭᠠᠷᠤᠢ ᠬᠥᠮᠥᠨ ᠢ ᠲᠤᠰᠠᠯᠠᠵᠤ᠂ ᠬᠠᠶᠢᠷ᠎ᠠ ᠬᠠᠯᠠᠮᠵᠢ ᠪᠠᠨ ᠲᠠᠯ᠎ᠠ ᠨᠤᠲᠤᠭ ᠲᠤ | ᠰᠠᠴᠤᠵᠠᠢ᠃ ︽ᠪᠢ ᠥᠪᠥᠷ ᠮᠣᠩᠭᠤᠯ ᠢ ᠳᠣᠭᠳᠣᠯᠤᠭᠤᠯᠤᠭᠰᠠᠨ ᠪᠢᠰᠢ᠂ ᠬᠠᠷᠢᠨ ︿ᠭᠤᠷᠪᠠᠨ ᠮᠢᠩᠭᠠᠨ ᠥᠨᠥᠴᠢᠨ | ᠬᠡᠦᠬᠡᠳ ᠥᠪᠥᠷ ᠮᠣᠩᠭᠤᠯ ᠳᠤ ᠢᠷᠡᠭᠰᠡᠨ﹀ ᠪᠣᠯᠣᠨ ︿ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ﹀ | ᠶᠢᠨ ᠦᠢᠯᠡ ᠶᠠᠪᠤᠳᠠᠯ ᠨᠠᠮᠠᠶᠢ ᠳᠣᠭᠳᠣᠯᠤᠭᠤᠯᠵᠤ᠂ ᠥᠪᠥᠷ ᠮᠣᠩᠭᠤᠯ ᠤᠨ ᠠᠷᠠᠳ ᠲᠦᠮᠡᠨ ᠨᠠᠮᠠᠶᠢ | ᠳᠣᠭᠳᠣᠯᠤᠭᠤᠯᠵᠤ᠂ ᠨᠠᠳᠠ ᠳᠤ ᠰᠡᠩᠬᠡᠷᠡᠭᠦᠯᠦᠯ ᠪᠠ ᠬᠦᠴᠦᠨ ᠣᠯᠭᠤᠭᠰᠠᠨ ᠶᠤᠮ︾ ᠭᠡᠵᠦ ᠭᠤᠸᠠᠩᠳᠦ᠋ᠩ ᠤᠨ | ᠲᠠᠯ᠎ᠠ ᠨᠤᠲᠤᠭ ᠤᠨ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠪᠦᠯᠬᠦᠮ ᠤᠨ ᠵᠠᠩ ᠢᠦᠢ ᠬᠠᠩ ᠠᠪᠤᠭᠠᠢ᠂ | ᠢᠷᠡᠭᠡᠳᠦᠢ ᠳᠤ ᠥᠩᠭᠡᠷᠡᠭᠰᠡᠨ ᠲᠠᠢ ᠪᠠᠨ ᠠᠳᠠᠯᠢ ᠪᠠᠷ ᠴᠠᠶᠢᠯᠭᠠᠨ ᠰᠡᠳᠬᠢᠯ ᠢᠶᠠᠨ ᠪᠠᠷᠢᠮᠲᠠᠯᠠᠵᠤ᠂ ᠬᠠᠶᠢᠷ᠎ᠠ | ᠬᠠᠯᠠᠮᠵᠢ ᠶᠢᠨ ᠠᠵᠢᠯᠯᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠬᠠᠪᠰᠤᠷᠤᠨ ᠲᠡᠳᠬᠦᠬᠦ ᠬᠡᠪᠴᠢᠶ᠎ᠡ ᠪᠠᠨ | ᠦᠷᠭᠦᠯᠵᠢᠯᠡᠨ ᠥᠷᠭᠡᠳᠬᠡᠵᠦ᠂ ᠬᠤᠶᠠᠷ ᠭᠠᠵᠠᠷ ᠭᠤᠷᠪᠠᠨ ᠲᠠᠯ᠎ᠠ ᠶᠢᠨ ᠣᠯᠣᠯᠴᠠᠭ᠎ᠠ ᠬᠠᠷᠢᠯᠴᠠᠭ᠎ᠠ ᠪᠠᠨ ᠲᠠᠰᠤᠷᠠᠯᠳᠡ | ᠦᠭᠡᠢ ᠥᠷᠭᠡᠳᠬᠡᠨ ᠴᠢᠩᠭᠠᠳᠬᠠᠵᠤ᠂ ᠶᠡᠭᠡ ᠬᠠᠶᠢᠷ᠎ᠠ ᠶᠢ ᠡᠭᠦᠷᠢᠳᠡ ᠤᠷᠤᠰᠬᠠᠨ᠎ᠠ ᠭᠡᠵᠦ ᠢᠯᠡᠳᠬᠡᠪᠡ᠃ | ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠯᠦᠩ ᠮᠧᠢ᠂ ᠢᠦᠢ ᠷᠦᠩ ᠠᠴᠠ | ᠲᠤᠰᠠᠯᠠᠮᠵᠢ ᠬᠦᠷᠲᠡᠭᠰᠡᠨ ᠰᠤᠷᠠᠭᠴᠢᠳ ᠲᠤ᠄ ︽ᠰᠤᠷᠤᠭᠴᠢ ᠨᠦᠬᠦᠳ ᠤᠨ ᠬᠦᠮᠦᠨ ᠤ ᠠᠮᠢᠳᠤᠷᠠᠯ ᠤᠨ ᠰᠢᠨ᠎ᠡ | ᠲᠠᠪᠴᠠᠩ ᠳᠡᠭᠡᠷ᠎ᠡ ᠴᠤᠴᠠᠯᠲᠠ ᠦᠭᠡᠢ ᠴᠢᠷᠮᠠᠶᠢᠵᠤ᠂ ᠡᠷᠳᠡᠮ ᠴᠢᠳᠠᠪᠤᠷᠢ ᠶᠢ ᠰᠠᠶᠢᠲᠤᠷ ᠰᠤᠷᠤᠯᠴᠠᠵᠤ᠂ ᠡᠬᠡ | ᠤᠯᠤᠰ ᠲᠤ ᠪᠠᠨ ᠬᠦᠴᠦ ᠪᠠᠨ ᠡᠷᠭᠦᠵᠦ᠂ ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠬᠠᠶᠢᠷ᠎ᠠ ᠬᠠᠯᠠᠮᠵᠢᠲᠤ | ᠬᠥᠮᠥᠰ ᠤᠨ ᠬᠠᠪᠰᠤᠷᠤᠯᠭ᠎ᠠ ᠳᠡᠮᠵᠢᠯᠭᠡ ᠪᠣᠯᠣᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ | ᠪᠠᠶᠢᠨ᠎ᠠ︾ ᠭᠡᠵᠦ ᠬᠡᠯᠡᠪᠡ᠃ |