ᠢᠷᠡᠬᠦ ᠵᠢᠯ ᠤᠨ ᠠᠵᠤ ᠠᠬᠤᠢ ᠶᠢᠨ ᠠᠵᠢᠯ ᠢ ᠶᠠᠭᠠᠬᠢᠵᠤ ᠬᠢᠬᠦ ᠪᠤᠢ︖ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠠᠷᠪᠠᠨ ᠴᠢᠬᠤᠯᠠ ᠳᠤᠷᠠᠳᠤᠯᠭ᠎ᠠ ᠶᠢ ᠣᠶᠢᠯᠠᠭᠠᠵᠠᠭᠠᠶ᠎ᠠ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢ 12 ᠳ᠋ᠤᠭᠠᠷ ᠰᠠᠷ᠎ᠠ ᠶᠢᠨ 11 ᠠᠴᠠ 12 ᠤᠨ ᠡᠳᠦᠷ | ᠪᠣᠯᠲᠠᠯ᠎ᠠ ᠪᠡᠭᠡᠵᠢᠩ ᠳᠤ ᠬᠤᠷᠠᠯᠳᠤᠭᠤᠯᠪᠠ᠃ ᠬᠤᠷᠠᠯ ᠢᠶᠠᠷ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ | ᠬᠢᠵᠦ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ | ᠬᠤᠷᠠᠯ ᠳᠤ ᠶᠠᠮᠠᠷ ᠶᠠᠮᠠᠷ ᠴᠢᠬᠤᠯᠠ ᠳᠤᠷᠠᠳᠤᠯᠭ᠎ᠠ ᠳᠤᠷᠠᠳᠪᠠ︖ ᠶᠠᠮᠠᠷ ᠶᠠᠮᠠᠷ ᠳᠣᠬᠢᠶ᠎ᠠ ᠶᠢ ᠳᠠᠮᠵᠢᠭᠤᠯᠪᠠ︖ | ᠳᠤᠷᠠᠳᠤᠯᠭ᠎ᠠ 1 | ︽ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠎ᠡ︾ | ᠬᠤᠷᠠᠯ ᠢᠶᠠᠷ ᠵᠢᠭᠠᠨ ᠭᠠᠷᠭᠠᠭᠰᠠᠨ ᠨᠢ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ | ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠬᠦᠨᠵᠡᠭᠡᠶᠢᠷᠡᠭᠦᠯᠦᠭᠰᠡᠭᠡᠷ ᠪᠠᠶᠢᠨ᠎ᠠ᠃ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ | ︽ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠠ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ | ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾ | ︽ᠡᠷᠬᠡᠪᠰᠢ ᠶᠡᠷᠦᠩᠬᠡᠢ ᠬᠠᠩᠭᠠᠯᠭ᠎ᠠ ᠪᠠ ᠶᠡᠷᠦᠩᠬᠡᠢ ᠬᠡᠷᠡᠭᠴᠡᠭᠡᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ | ᠲᠥᠯᠥᠪᠯᠡᠬᠦ ᠬᠡᠷᠡᠭᠲᠡᠢ︾ | ︽ᠡᠷᠬᠡᠪᠰᠢ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠬᠤ ᠪᠠ ᠬᠠᠭᠤᠴᠢᠨ ᠬᠥᠳᠡᠯᠭᠡᠭᠴᠢ ᠬᠦᠴᠦᠨ ᠢ | ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾ | ︽ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠭᠦᠢᠯᠭᠡᠭᠡᠬᠦ ᠶᠢᠨ ᠬᠠᠷᠢᠴᠠᠭ᠎ᠠ ᠶᠢ ᠰᠠᠶᠢᠲᠤᠷ | ᠨᠢᠭᠡᠳᠦᠯᠲᠡᠢ ᠲᠥᠯᠥᠪᠯᠡᠬᠦ ᠬᠡᠷᠡᠭᠲᠡᠢ︾ | ︽ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠶᠢᠨ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾ | ᠳᠤᠷᠠᠳᠤᠯᠭ᠎ᠠ ᠶᠢᠨ ᠲᠠᠶᠢᠯᠤᠮᠵᠢ | ᠡᠳᠡᠭᠡᠷ ᠴᠢᠬᠤᠯᠠ ᠥᠭᠦᠯᠡᠯᠲᠡ ᠨᠢ ᠰᠢ ᠶᠢᠨ ᠫᠢᠩ ᠤᠨ ᠠᠵᠤ ᠠᠬᠤᠢ ᠶᠢᠨ ᠲᠤᠬᠠᠢ ᠦᠵᠡᠯ ᠰᠠᠨᠠᠭ᠎ᠠ ᠶᠢ | ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠦ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ | ᠬᠠᠩᠭᠠᠨ᠂ ᠴᠢᠷᠮᠠᠶᠢᠨ ᠬᠢᠬᠦ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ | ᠭᠠᠵᠠᠷ ᠤᠨ ᠳᠡᠳ᠋ ᠳᠠᠷᠤᠭ᠎ᠠ ᠭᠦᠸᠧ ᠯᠢ ᠶᠠᠨ ᠢᠯᠡᠷᠬᠡᠶᠢᠯᠡᠬᠦ ᠳᠤ ᠪᠠᠨ᠄ ︽ᠡᠳᠡᠭᠡᠷ ᠵᠢᠮ᠎ᠡ ᠶᠣᠰᠣᠴᠢ ᠴᠢᠨᠠᠷᠲᠠᠢ ᠲᠠᠨᠢᠯᠲᠠ ᠨᠢ | ᠣᠳᠣᠬᠠᠨ ᠤ ᠬᠦᠴᠢᠷᠳᠡᠯ ᠪᠠ ᠰᠢᠯᠭᠠᠯᠲᠠ ᠶᠢ ᠠᠷᠭᠠᠴᠠᠭᠠᠬᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ | ᠪᠠᠬᠢᠵᠢᠭᠦᠯᠬᠦ ᠴᠢᠬᠤᠯᠠ ᠬᠦᠴᠦᠯᠡᠬᠦ ᠴᠡᠭ ᠪᠣᠯᠣᠨ᠎ᠠ᠂ ᠮᠥᠨ ᠴᠤ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨᠵᠢᠯᠡᠬᠦ ᠤᠬᠠᠭᠠᠨᠴᠢ | ᠠᠷᠭ᠎ᠠ ᠶᠢᠨ ᠤᠨᠤᠯ ᠪᠣᠯᠣᠨ᠎ᠠ︾ ᠭᠡᠵᠡᠢ᠃ | ᠳᠤᠷᠠᠳᠤᠯᠭ᠎ᠠ 2 | ︽ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ︾ | ᠬᠤᠷᠠᠯ ᠢᠶᠠᠷ ᠵᠢᠭᠠᠨ ᠭᠠᠷᠭᠠᠭᠰᠠᠨ ᠨᠢ᠂ ᠢᠷᠡᠬᠦ ᠵᠢᠯ ᠳᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠂ | ᠠᠵᠢᠯ ᠣᠯᠭᠤᠯᠲᠠ ᠪᠠ ᠪᠠᠷᠠᠭᠠᠨ ᠤ ᠦᠨ᠎ᠡ ᠶᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠣᠯᠠᠨ | ᠤᠯᠤᠰ ᠤᠳ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠨᠢ ᠲᠡᠩᠴᠡᠭᠦᠷᠢᠲᠡᠢ ᠪᠠᠶᠢᠯᠭᠠᠨ᠂ ᠰᠠᠭᠤᠭᠠᠯᠢ | ᠠᠷᠠᠳ ᠤᠨ ᠣᠷᠣᠯᠭ᠎ᠠ ᠬᠢᠭᠡᠳ ᠠᠵᠤ ᠠᠬᠤᠢ ᠶᠢᠨ ᠵᠡᠷᠭᠡ ᠳᠤ ᠨᠡᠮᠡᠭᠳᠡᠬᠦ ᠶᠢ ᠠᠬᠢᠭᠤᠯᠤᠨ᠎ᠠ᠃ | ᠳᠤᠷᠠᠳᠤᠯᠭ᠎ᠠ ᠶᠢᠨ ᠲᠠᠶᠢᠯᠤᠮᠵᠢ | ᠡᠮᠦᠨᠡᠲᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠶᠢᠨ ᠯᠢ | ᠢᠯᠡᠷᠬᠡᠶᠢᠯᠡᠬᠦ ᠳᠤ ᠪᠠᠨ᠂ ᠬᠤᠷᠠᠯ ᠢᠶᠠᠷ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠴᠢᠩᠭ᠎ᠠ | ᠲᠣᠳᠣ ᠳᠣᠬᠢᠶ᠎ᠠ ᠥᠭᠴᠡᠢ᠂ ᠡᠨᠡ ᠨᠢ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠵᠢᠱᠢᠯᠲᠡ ᠶᠢ ᠴᠢᠨᠠᠭᠰᠢᠳᠠ | ᠲᠣᠭᠲᠠᠪᠤᠷᠢᠵᠢᠭᠤᠯᠵᠤ᠂ ᠨᠡᠶᠢᠭᠡᠮ ᠤᠨ ᠬᠢᠨ ᠤ ᠢᠲᠡᠭᠡᠯ ᠵᠣᠷᠢᠭ ᠢ ᠪᠦᠲᠦᠮᠵᠢᠲᠡᠶ ᠪᠠᠷ ᠬᠥᠪᠴᠢᠯᠡᠬᠦ ᠳᠤ ᠠᠰᠢᠭᠲᠠᠢ ᠶᠤᠮ᠃ | ᠡᠭᠦᠨ ᠤ ᠬᠠᠮᠲᠤ᠂ ᠵᠢᠱᠢᠭᠰᠡᠨ ᠬᠠᠷᠠᠯᠲᠠ ᠳᠤ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠪᠡ᠂ ᠡᠨᠡ ᠨᠢ ᠡᠯ᠎ᠡ ᠭᠠᠵᠠᠷ ᠤᠨ ᠢᠷᠡᠬᠦ | ᠵᠢᠯ ᠳᠤ ᠠᠵᠤ ᠠᠬᠤᠢ ᠶᠢᠨ ᠠᠵᠢᠯ ᠢᠶᠠᠨ ᠰᠠᠶᠢᠲᠤᠷ ᠬᠢᠬᠦ ᠳᠤ ᠨᠢ ᠴᠢᠬᠤᠯᠠ ᠪᠦᠬᠦᠢ ᠴᠢᠭᠯᠡᠯ ᠢ ᠵᠢᠭᠠᠨ ᠥᠭᠭᠦᠭᠰᠡᠨ | ᠮᠥᠷᠲᠡᠭᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠨᠡᠩ ᠰᠠᠶᠢᠲᠤᠷ ᠨᠢᠭᠲᠠᠷᠠᠭᠤᠯᠬᠤ ᠳᠤ | ᠠᠰᠢᠭᠲᠠᠢ ᠶᠤᠮ ᠭᠡᠵᠡᠢ᠃ | ᠳᠤᠷᠠᠳᠤᠯᠭ᠎ᠠ 3 | ︽ᠨᠡᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ︾ | ᠬᠤᠷᠠᠯ ᠢᠶᠠᠷ ᠱᠠᠭᠠᠷᠳᠠᠭᠰᠠᠨ ᠨᠢ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠲᠡᠢ᠃ | ᠡᠳ᠋ ᠤᠨ ᠵᠠᠰᠠᠭ ᠤᠨ ᠤᠯᠠᠭᠠᠨ ᠲᠣᠭᠠᠨ ᠤ ᠨᠣᠷᠮ᠎ᠠ ᠶᠢ ᠳᠡᠭᠡᠭᠰᠢᠯᠡᠭᠦᠯᠦᠨ᠎ᠡ︔ | ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ | ᠪᠠᠲᠤᠯᠠᠭ᠎ᠠ ᠶᠢ ᠴᠢᠩᠭᠠᠳᠬᠠᠨ᠎ᠠ︔ | ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ ᠬᠠᠷᠠᠯᠲᠠᠲᠤ ᠵᠢᠭᠡᠯᠡᠯᠭᠡ ᠶᠢ ᠨᠡᠮᠡᠨ ᠲᠠᠷᠬᠠᠭᠠᠨ᠎ᠠ︔ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠭᠦᠯᠬᠦ ᠶᠢ ᠨᠡᠮᠡᠭᠳᠡᠭᠦᠯᠦᠨ᠎ᠡ︔ | | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠨᠥᠭᠡᠴᠡ | ᠬᠦᠴᠦᠨ ᠢᠶᠠᠨ ᠴᠢᠩᠭᠠᠷᠠᠭᠤᠯᠬᠤ ᠶᠢ ᠨᠠᠩ ᠴᠢᠬᠤᠯᠠᠴᠢᠯᠠᠨ᠎ᠠ ᠁ | ᠳᠤᠷᠠᠳᠤᠯᠭ᠎ᠠ ᠶᠢᠨ ᠲᠠᠶᠢᠯᠤᠮᠵᠢ | ᠳᠤᠮᠳᠠᠳᠤ ᠤᠯᠤᠰ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠰᠤᠳᠤᠯᠤᠭᠴᠢ ᠱᠢ ᠶᠢᠩ ᠬᠤᠸᠠ ᠢᠯᠡᠷᠬᠡᠶᠢᠯᠡᠬᠦ ᠳᠤ ᠪᠠᠨ᠂ ︽ᠡᠳ᠋ ᠤᠨ ᠵᠠᠰᠠᠭ ᠤᠨ ᠨᠠᠩ ᠢᠳᠡᠪᠬᠢᠲᠡᠢ ᠲᠥᠷᠥ ᠶᠢᠨ | ᠪᠣᠳᠣᠯᠭ᠎ᠠ︾ ᠨᠢ ᠢᠷᠡᠬᠦ ᠵᠢᠯ ᠳᠤ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠬᠦ | ᠂ ᠨᠠᠩ ᠬᠦᠴᠦᠲᠡᠢ ᠪᠠᠶᠢᠯᠭᠠᠬᠤ ᠴᠢᠩᠭ᠎ᠠ ᠲᠣᠳᠣ ᠳᠣᠬᠢᠶ᠎ᠠ ᠥᠭᠴᠡᠢ᠃ ᠬᠤᠷᠠᠯ ᠢᠶᠠᠷ ᠡᠳ᠋ ᠤᠨ ᠵᠠᠰᠠᠭ ᠤᠨ ᠤᠯᠠᠭᠠᠨ ᠲᠤᠭ᠎ᠠ | ᠂ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ ᠵᠢᠭᠡᠯᠡᠯᠭᠡ᠂ ᠲᠤᠰᠬᠠᠢ ᠵᠢᠭᠡᠯᠡᠯᠭᠡ | ᠵᠡᠷᠭᠡ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠲᠣᠭᠤᠷᠢᠨ ᠳᠤ ᠢᠳᠡᠪᠬᠢᠲᠡᠢ ᠪᠠᠶᠢᠷᠢᠯᠠᠭᠤᠯᠤᠯᠲᠠ | ᠬᠢᠭᠰᠡᠨ ᠪᠣᠯᠬᠤᠷ ᠥᠭᠰᠥᠬᠦ ᠦᠶᠡᠯᠡᠯ ᠤᠨ ᠲᠣᠬᠢᠷᠠᠭᠤᠯᠭ᠎ᠠ ᠶᠢᠨ ᠡᠷᠴᠢᠮ ᠢ ᠴᠢᠨᠠᠭᠰᠢᠳᠠ ᠴᠢᠩᠭᠠᠳᠬᠠᠵᠤ᠂ ᠭᠠᠳᠠᠭᠠᠳᠤ | ᠲᠠᠯ᠎ᠠ ᠶᠢᠨ ᠲᠣᠭᠲᠠᠪᠤᠷᠢ ᠦᠭᠡᠢ ᠴᠢᠨᠠᠷ ᠲᠤ ᠢᠳᠡᠪᠬᠢᠲᠡᠢ ᠬᠠᠨᠳᠤᠨ᠂ ᠢᠷᠡᠬᠦ ᠵᠢᠯ ᠤᠨ ᠠᠵᠤ ᠠᠬᠤᠢ ᠶᠢᠨ ᠲᠣᠭᠲᠠᠭᠤᠨ ᠢᠶᠠᠷ | ᠨᠡᠮᠡᠭᠳᠡᠬᠦ᠂ ᠦᠷᠭᠦᠯᠵᠢᠯᠡᠨ ᠰᠠᠶᠢᠵᠢᠷᠠᠬᠤ ᠳᠤ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠪᠡ᠃ | ᠳᠤᠷᠠᠳᠤᠯᠭ᠎ᠠ 4 | ︽ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ︾ | ᠬᠤᠷᠠᠯ ᠢᠶᠠᠷ ᠳᠤᠷᠠᠳᠤᠭᠰᠠᠨ ᠨᠢ᠂ ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠳᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ | ᠪᠦᠲᠦᠴᠡ ᠶᠢᠨ ᠳᠠᠪᠬᠤᠷ ᠴᠢᠳᠠᠮᠵᠢ ᠶᠢ ᠨᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ | ᠪᠠ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠵᠣᠬᠢᠰᠲᠠᠢ ᠴᠠᠭ ᠲᠤ ᠨᠢ ᠪᠠᠭᠤᠷᠠᠭᠤᠯᠤᠨ᠂ ᠭᠦᠢᠯᠭᠡᠭᠡᠨ ᠤ ᠴᠢᠨᠠᠷ ᠢᠶᠠᠷ | ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠳᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ | ᠬᠡᠮᠵᠢᠶᠡᠨ ᠤ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠤ ᠵᠢᠱᠢᠭᠰᠡᠨ | ᠬᠠᠷᠠᠯᠲᠠ ᠯᠤᠭ᠎ᠠ ᠬᠠᠷᠢᠯᠴᠠᠨ ᠳᠣᠬᠢᠷᠠᠭᠤᠯᠤᠨ᠎ᠠ᠃ | ᠳᠤᠷᠠᠳᠤᠯᠭ᠎ᠠ ᠶᠢᠨ ᠲᠠᠶᠢᠯᠤᠮᠵᠢ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠤᠷᠭᠠᠨ ᠤ ᠳᠠᠷᠤᠭ᠎ᠠ | ᠽᠧᠦ ᠯᠠᠨ ᠢᠯᠡᠷᠬᠡᠶᠢᠯᠡᠬᠦ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠤ ᠬᠤᠪᠢᠷᠠᠯᠲᠠ ᠠᠴᠠ ᠡᠭᠦᠰᠦᠭᠰᠡᠨ ᠠᠰᠢᠭ | ᠦᠭᠡᠢ ᠨᠥᠯᠥᠭᠡ ᠶᠡᠬᠡᠰᠬᠦ ᠶᠢ ᠳᠠᠭᠠᠯᠳᠤᠨ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠮᠥᠨ ᠬᠦ ᠪᠠᠭ᠎ᠠ ᠪᠤᠰᠤ | ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠂ ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ | ᠪᠣᠳᠣᠯᠭ᠎ᠠ ᠶᠢᠨ ᠬᠠᠨᠳᠤᠰᠢ ᠨᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠠᠷᠭᠠᠴᠠᠭᠠᠬᠤ ᠴᠢᠳᠠᠪᠤᠷᠢ ᠪᠠ ᠣᠷᠣᠨ ᠵᠠᠢ ᠶᠢ | ᠳᠡᠭᠡᠭᠰᠢᠯᠡᠭᠦᠯᠵᠦ ᠨᠡᠮᠡᠭᠳᠡᠭᠦᠯᠵᠡᠢ᠃ ᠢᠷᠡᠬᠦ ᠵᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠨᠢ ᠪᠣᠳᠠᠲᠤ ᠴᠣᠭᠴᠠ ᠶᠢᠨ | ᠠᠵᠤ ᠠᠬᠤᠢ ᠶᠢ ᠨᠡᠯᠢᠶᠡᠳ ᠴᠢᠩᠭ᠎ᠠ ᠳᠡᠮᠵᠢᠬᠦ ᠡᠷᠴᠢᠮ ᠢᠶᠠᠨ ᠪᠠᠲᠤᠯᠠᠵᠤ᠂ ᠦᠨ᠎ᠡ ᠬᠠᠩᠰᠢ ᠶᠢᠨ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠶᠡᠷᠦᠩᠬᠡᠢ ᠬᠡᠮᠵᠢᠶᠡᠨ ᠤ ᠲᠠᠯ᠎ᠠ ᠪᠠᠷ ᠦᠷᠭᠦᠯᠵᠢᠯᠡᠨ ᠢᠳᠡᠯᠡᠵᠦ᠂ ᠪᠦᠲᠦᠴᠡ ᠶᠢᠨ ᠲᠠᠯ᠎ᠠ ᠪᠠᠷ ᠬᠦᠴᠦ ᠪᠠᠨ | ᠲᠥᠪᠯᠡᠷᠡᠭᠦᠯᠦᠨ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠬᠤ ᠪᠣᠯᠣᠨ᠎ᠠ ᠭᠡᠵᠡᠢ᠃ | ᠳᠤᠷᠠᠳᠤᠯᠭ᠎ᠠ 5 | ︽ᠤᠯᠤᠰ ᠤᠨ ᠳᠣᠲᠤᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠦᠷᠭᠡᠳᠭᠡᠨ᠎ᠡ︾ | ᠬᠤᠷᠠᠯ ᠢᠶᠠᠷ ︽ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠥᠷᠭᠡᠳᠬᠡᠬᠦ︾ ᠶᠢ | ᠢᠷᠡᠬᠦ ᠵᠢᠯ ᠤᠨ 9 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠨ᠎ᠠ ᠭᠡᠵᠦ ᠳᠤᠷᠠᠳᠪᠠ᠃ | ᠳᠤᠷᠠᠳᠤᠯᠭ᠎ᠠ ᠶᠢᠨ ᠲᠠᠶᠢᠯᠤᠮᠵᠢ | ᠲᠤᠲᠤᠭᠠᠲᠦ ᠶᠢᠨ ᠬᠡᠷᠡᠭᠴᠡᠭᠡ ᠶᠢ ᠦᠷᠬᠡᠳᠬᠡᠭᠦ ᠪᠤᠯ ᠭᠠᠲᠠᠨᠠᠭᠢ ᠲᠠᠭᠠᠷᠢᠯᠲᠠ ᠶᠢ ᠠᠷᠭᠠᠴᠠᠭᠠᠬᠤ᠂ ᠠᠵᠤ ᠠᠬᠤᠢ ᠶᠢᠨ | ᠠᠵᠢᠯᠯᠠᠭᠠᠨ ᠢ ᠲᠤᠭᠲᠠᠪᠤᠷᠢᠵᠢᠭᠤᠯᠬᠤ ᠪᠦᠲᠦᠮᠵᠢᠲᠠᠢ ᠠᠷᠭ᠎ᠠ ᠵᠠᠮ ᠮᠦᠨ ᠪᠦᠭᠡᠳ ᠪᠠᠰᠠ ᠴᠤ ᠬᠦᠭᠵᠢᠯᠲᠠ ᠶᠢᠨ | ᠰᠠᠨᠠᠭᠠᠴᠢᠯᠠᠭᠠᠲᠦ ᠴᠢᠨᠠᠷ ᠢ ᠨᠡᠮᠡᠭᠲᠡᠭᠦᠯᠭᠦ ᠤᠷᠲᠤ ᠬᠤᠭᠤᠴᠠᠭᠠᠨ ᠤ ᠠᠷᠭ᠎ᠠ ᠪᠤᠲᠤᠯᠭ᠎ᠠ ᠮᠦᠨ᠃ | ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠯᠲᠡ ᠶᠢᠨ ᠰᠤᠳᠤᠯᠭᠠᠨ ᠤ ᠲᠥᠪ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠰᠣᠳᠣᠯᠭᠠᠨ ᠤ ᠭᠠᠵᠠᠷ ᠤᠨ ᠰᠤᠳᠤᠯᠤᠭᠴᠢ ᠴᠧᠨ ᠯᠢ ᠹᠧᠨ ᠬᠡᠯᠡᠬᠦ ᠳᠤ ᠪᠠᠨ᠂ ᠰᠠᠭᠤᠭᠠᠯᠢ ᠠᠷᠠᠳ ᠤᠨ | ᠣᠷᠤᠯᠭ᠎ᠠ ᠪᠣᠯ ᠬᠡᠷᠡᠭᠯᠡᠭᠡ ᠶᠢᠨ ᠨᠡᠶᠢᠭᠡᠮ ᠤᠨ ᠰᠠᠭᠤᠷᠢ ᠪᠠᠲᠤᠯᠠᠭ᠎ᠠ ᠪᠠᠶᠢᠵᠤ᠂ ᠬᠡᠷᠡᠭᠯᠡᠭᠡ ᠶᠢ ᠨᠦᠯᠦᠭᠡᠯᠡᠬᠦ ᠴᠢᠬᠤᠯᠠ | ᠡᠯᠧᠮᠧᠨ᠋ᠲ ᠪᠣᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠳᠤᠪᠤᠶᠢᠯᠭᠠᠵᠤ᠂ ᠳᠤᠮᠳᠠ ᠪᠠ | ᠳᠣᠣᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢ ᠨᠢ ᠨᠡᠮᠡᠭᠳᠡᠭᠦᠯᠦᠨ ᠳᠠᠷᠤᠭᠠᠰᠤ ᠶᠢ ᠨᠢ ᠬᠥᠩᠭᠡᠷᠡᠭᠦᠯᠬᠦ ᠶᠢ ᠠᠬᠢᠭᠤᠯᠵᠤ᠂ | ᠣᠷᠣᠯᠭ᠎ᠠ ᠶᠢᠨ ᠵᠢᠱᠢᠯᠲᠡ ᠶᠢ ᠰᠠᠶᠢᠵᠢᠷᠠᠭᠤᠯᠵᠤ᠂ ᠬᠡᠷᠡᠭᠯᠡᠭᠡ ᠶᠢᠨ ᠬᠦᠰᠡᠯ ᠪᠣᠳᠣᠯ ᠢ ᠨᠢ ᠨᠡᠮᠡᠭᠳᠡᠭᠦᠯᠬᠦ ᠬᠡᠷᠡᠭᠲᠡᠢ᠃ ᠡᠭᠦᠨ ᠤ | ᠬᠠᠮᠲᠤ ᠵᠠᠩᠭᠢᠯᠠᠭ᠎ᠠ ᠪᠣᠯᠬᠤ ᠬᠦᠷᠢᠶ᠎ᠡ ᠪᠠ ᠭᠤᠭᠴᠤᠭ᠎ᠠ ᠶᠢ ᠠᠳᠬᠤᠨ ᠬᠡᠷᠡᠭᠯᠡᠭᠡᠨ ᠤ ᠱᠠᠳᠤ ᠳᠡᠰ ᠢ ᠳᠡᠭᠡᠭᠰᠢᠯᠡᠭᠦᠯᠵᠦ᠂ | ᠤᠯᠠᠨ ᠡᠰᠢᠵᠢᠭᠰᠡᠨ ᠬᠡᠷᠡᠭᠯᠡᠭᠡ ᠶᠢᠨ ᠪᠠᠶᠢᠳᠠᠯ ᠳᠤ ᠰᠢᠨ᠎ᠡ ᠶᠢ ᠡᠭᠦᠳᠴᠦ᠂ ᠰᠣᠶᠣᠯ᠂ ᠵᠢᠭᠤᠯᠴᠢᠯᠠᠯ᠂ ᠵᠤᠭ᠎ᠠ ᠴᠡᠩᠭᠡᠯ ᠵᠡᠷᠭᠡ | ᠰᠡᠯᠡᠭᠦᠴᠡᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠨ ᠡᠰᠢᠲᠦ᠂ ᠦᠪᠡᠷᠮᠢᠴᠡ᠂ ᠴᠢᠨᠠᠷ | ᠰᠠᠶᠢᠲᠠᠢ ᠦᠢᠯᠡᠴᠢᠯᠡᠭᠡ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃ | ᠳᠤᠷᠠᠳᠤᠯᠭ᠎ᠠ 6 | ︽︿ᠬᠤᠮᠢᠷᠠᠭ᠎ᠠ﹀ ᠥᠷᠢᠰᠥᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠨ᠎ᠠ︾ | ᠬᠤᠷᠠᠯ ᠢᠶᠠᠷ᠂ ︽ᠬᠤᠮᠢᠷᠠᠭ᠎ᠠ︾ ᠥᠷᠢᠰᠥᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭᠠᠨ ᠢ ᠵᠢᠷᠤᠮᠵᠢᠭᠤᠯᠤᠨ᠎ᠠ ᠭᠡᠵᠦ ᠳᠤᠷᠠᠳᠪᠠ᠃ | ᠳᠤᠷᠠᠳᠤᠯᠭ᠎ᠠ ᠶᠢᠨ ᠲᠠᠶᠢᠯᠤᠮᠵᠢ | ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ | ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠶ ᠬᠡᠯᠡᠬᠦ ᠳᠤ ᠪᠠᠨ᠂ ︽ᠬᠤᠮᠢᠷᠠᠭ᠎ᠠ︾ | ᠥᠷᠢᠰᠥᠯᠳᠦᠭᠡᠨ ᠢ ᠰᠢᠨᠵᠢᠯᠡᠨ ᠵᠠᠳᠠᠯᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ︽ᠬᠤᠶᠠᠷ ᠭᠠᠷ︾ ᠢ ᠰᠠᠶᠢᠲᠤᠷ | ᠬᠡᠷᠡᠭᠯᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠲᠣᠭᠲᠠᠴᠠ ᠪᠠᠷ ᠬᠦᠲᠦᠯᠦᠨ ᠵᠢᠯᠤᠭᠤᠳᠴᠤ ᠰᠢᠨ᠎ᠡ ᠶᠢ ᠡᠭᠦᠳᠬᠦ ᠶᠢ ᠭᠦᠢᠴᠡᠳ | ᠪᠠᠳᠠᠷᠠᠭᠤᠯᠤᠨ᠂ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠠᠵᠤ | ᠠᠬᠤᠶᠢᠯᠠᠯ ᠤᠳ ᠤᠨ ᠥᠪᠡᠷ ᠥᠪᠡᠷ ᠤᠨ ᠣᠨᠴᠠᠯᠢᠭ ᠢ ᠨᠢ ᠪᠠᠳᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠬᠦ ᠮᠥᠷᠲᠡᠭᠡᠨ ᠪᠠᠰᠠ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠲᠦᠷᠢᠮ ᠢ ᠲᠡᠭᠦᠯᠳᠡᠷᠵᠢᠭᠦᠯᠬᠦ᠂ ᠢᠲᠡᠭᠡᠮᠵᠢ ᠶᠢᠨ | ᠲᠣᠭᠲᠠᠯᠴᠠᠭ᠎ᠠ ᠶᠢ ᠴᠢᠩᠭᠠᠷᠠᠭᠤᠯᠬᠤ᠂ ᠵᠠᠬ᠎ᠠ ᠳᠡᠯᠭᠡᠭᠦᠷ ᠤᠨ ᠰᠢᠯᠢᠳᠡᠭ ᠪᠣᠯ ᠢᠯᠠᠵᠤ ᠰᠢᠭᠠᠷᠤ ᠪᠣᠯ ᠰᠢᠭᠰᠢᠭᠳᠡᠭᠦᠯᠬᠦ | ᠲᠣᠭᠲᠠᠴᠠ ᠶᠢ ᠴᠢᠩᠭᠠᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠵᠢᠷᠤᠮ ᠪᠠ | ᠭᠤᠣᠯᠴᠢ ᠥᠷᠢᠰᠦᠯᠳᠦᠭᠡᠨ ᠤ ᠣᠷᠴᠢᠨ ᠨᠥᠬᠦᠴᠡᠯ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠡᠢ᠃ | ᠳᠤᠷᠠᠳᠤᠯᠭ᠎ᠠ 7 | ︽ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠤᠭᠤᠯᠤᠯᠲᠠ ᠪᠡᠯᠡ ᠳᠤᠬᠢᠷᠠᠭᠤᠯᠭ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︾ | ᠬᠤᠷᠠᠯ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠲᠤᠪᠲᠤᠷ ᠪᠠ ᠣᠷᠳᠣ ᠬᠤᠭᠤᠴᠠᠭᠠᠨ ᠤ ᠪᠠᠯᠠ | ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠴᠡᠭ ᠲᠦᠭᠵᠢᠷᠡᠯ ᠴᠡᠭ ᠢ ᠨᠡᠪᠲᠡᠷᠡᠭᠦᠯᠵᠦ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠲᠦᠷᠢᠮ ᠤᠨ ᠪᠠᠭᠲᠠᠭᠠᠮᠵᠢᠲᠤ ᠴᠢᠨᠠᠷ᠂ ᠵᠣᠬᠢᠴᠠᠯᠲᠤ ᠴᠢᠨᠠᠷ ᠢ ᠴᠢᠩᠭᠠᠳᠬᠠᠨ᠎ᠠ ᠭᠡᠵᠦ ᠳᠤᠷᠠᠳᠪᠠ᠃ | ᠳᠤᠷᠠᠳᠤᠯᠭ᠎ᠠ ᠶᠢᠨ ᠲᠠᠶᠢᠯᠤᠮᠵᠢ | ᠵᠥᠩᠱᠠᠨ ᠶᠡᠭᠡ ᠰᠤᠷᠭᠠᠭᠤᠯᠢ ᠶᠢᠨ ᠯᠢᠩ ᠨᠠᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠠᠨ ᠴᠢᠶᠠᠨ ᠤ | ᠦᠵᠡᠬᠦ ᠪᠠᠷ ᠪᠣᠯ᠂ ︽ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠳᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠠ ᠣᠷᠣᠭᠤᠯᠤᠭᠴᠢ ᠶᠢᠨ ᠪᠦᠲᠦᠴᠡ ᠶᠢ ᠰᠢᠯᠢᠳᠡᠭᠵᠢᠭᠦᠯᠬᠦ᠂ | ᠰᠢᠭᠤᠳ ᠪᠠᠯᠠ ᠳᠣᠬᠢᠷᠠᠭᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ | ᠰᠠᠭᠤᠷᠢ ᠲᠦᠷᠢᠮ ᠢ ᠪᠠᠬᠢᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ ᠦᠷ᠎ᠡ | ᠪᠦᠲᠦᠮᠵᠢ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠢ ᠪᠡᠯᠡ ᠣᠷᠣᠭᠤᠯᠤᠯᠲᠠ ᠪᠡᠯᠡ | ᠲᠣᠬᠢᠷᠠᠭᠤᠯᠭ᠎ᠠ ᠬᠠᠷᠢᠯᠴᠠᠨ ᠵᠣᠬᠢᠴᠠᠯᠳᠤᠭᠰᠠᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠦᠷᠭᠦᠯᠵᠢᠯᠡᠨ | ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠳᠠᠬᠢ ᠲᠣᠭᠲᠠᠭᠤᠨ ᠴᠢᠨᠠᠷ ᠪᠠ ᠡᠬᠢ ᠪᠠᠶᠠᠯᠢᠭ ᠢ ᠲᠣᠬᠢᠷᠠᠭᠤᠯᠬᠤ | ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ | ᠳᠤᠷᠠᠳᠤᠯᠭ᠎ᠠ 8 | ︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ | ᠪᠠᠶᠢᠯᠭᠠᠬᠤ ᠳᠤ ᠦᠷᠭᠦᠯᠵᠢᠯᠡᠨ ᠬᠦᠴᠦᠯᠡᠨ ᠠᠬᠢᠭᠤᠯᠤᠨ᠎ᠠ︾ | ᠬᠤᠷᠠᠯ ᠢᠶᠠᠷ ︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ | ᠲᠣᠭᠲᠠᠭᠤᠨ ᠪᠠᠶᠢᠯᠭᠠᠬᠤ ᠳᠤ ᠦᠷᠭᠦᠯᠵᠢᠯᠡᠨ ᠬᠦᠴᠦᠯᠡᠨ ᠠᠬᠢᠭᠤᠯᠬᠤ︾ ᠶᠢ ᠳᠤᠷᠠᠳᠤᠭᠰᠠᠨ ᠪᠥᠭᠡᠳ ᠣᠯᠠᠨ ᠵᠦᠢᠯ ᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠄ ︽ᠬᠤᠲᠠ ᠶᠢᠨ ᠳᠣᠲᠣᠷᠠᠬᠢ ᠲᠣᠰᠬᠤᠨ ᠪᠠ ᠨᠤᠷᠠᠬᠤ | ᠠᠶᠤᠯᠲᠠᠶ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ ᠬᠡᠷᠡᠭᠵᠢᠭᠦᠯᠦᠨ᠎ᠡ᠄ ᠵᠠᠶᠢᠯᠠᠰᠢ ᠥᠬᠡᠶ | ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ | ᠭᠦᠢᠴᠡᠳ ᠪᠠᠳᠠᠷᠠᠭᠤᠯᠬᠤ︾ ᠠᠴᠠ ︽ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠬᠦᠷᠦᠩᠭᠡ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢ ᠵᠤᠬᠢᠰᠲᠠᠢ ᠡᠵᠡᠮᠳᠡᠵᠦ᠂ ᠦᠯᠡᠳᠡᠭᠳᠡᠵᠦ ᠪᠠᠶᠢᠭ᠎ᠠ ᠬᠡᠷᠡᠭᠰᠡᠬᠦ ᠭᠠᠵᠠᠷ ᠪᠠ ᠬᠤᠳᠠᠯᠳᠤᠭ᠎ᠠ ᠠᠯᠪᠠᠯᠠᠬᠤ ᠳᠤ | ᠬᠡᠷᠡᠭᠯᠡᠬᠦ ᠭᠠᠵᠠᠷ ᠢ ᠭᠦᠢᠯᠭᠡᠭᠡᠨ ᠳᠤ ᠣᠷᠣᠭᠤᠯᠵᠤ᠂ ᠦᠯᠡᠳᠡᠭᠳᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ | ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠢ︾᠃ ᠡᠭᠦᠨ ᠤ ᠬᠠᠮᠲᠤ᠂ ︽ᠬᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠲᠠᠢ ᠪᠣᠯᠭᠠᠬᠤ ᠶᠢ ᠠᠬᠢᠭᠤᠯᠵᠤ᠂ ᠬᠠᠮᠢᠶ᠎ᠠ ᠪᠥᠬᠦᠶ ᠰᠠᠭᠤᠷᠢ ᠴᠢᠨᠠᠷᠲᠠᠶ ᠲᠦᠷᠢᠮ ᠢ ᠡᠮᠬᠢ | ᠵᠢᠷᠤᠮ ᠲᠠᠢ ᠪᠠᠶᠢᠭᠤᠯᠤᠨ᠎ᠠ︾ ᠭᠡᠵᠦ ᠳᠤᠷᠠᠳᠪᠠ᠃ | ᠳᠤᠷᠠᠳᠤᠯᠭ᠎ᠠ ᠶᠢᠨ ᠲᠠᠶᠢᠯᠤᠮᠵᠢ | ᠳᠤᠮᠳᠠᠳᠤ ᠤᠯᠤᠰ ᠤᠨ ᠬᠤᠷᠸ᠎ᠠ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠯᠢᠦ ᠯᠢᠨ | ᠢᠯᠡᠷᠬᠡᠶᠢᠯᠡᠬᠦ ᠳᠤ ᠪᠠᠨ᠂ ᠡᠨᠡ ᠬᠦ ᠳᠤᠷᠠᠳᠤᠯᠭ᠎ᠠ ᠨᠢ ᠨᠡᠩ ᠡᠷᠡᠰ ᠪᠠᠲᠤ ᠪᠠᠷ ︽ᠣᠷᠣᠨ ᠰᠠᠭᠤᠴᠠ ᠶᠢ ᠲᠣᠭᠲᠠᠭᠤᠨ | ᠪᠠᠶᠢᠯᠭᠠᠬᠤ︾ ᠴᠢᠩᠭ᠎ᠠ ᠳᠣᠬᠢᠶ᠎ᠠ ᠶᠢ ᠪᠤᠶ ᠪᠣᠯᠭᠠᠵᠠᠢ᠃ ︽ᠦᠷᠭᠦᠯᠵᠢᠯᠡᠨ ᠬᠦᠴᠦᠯᠡᠬᠦ︾ ᠨᠢ ᠲᠥᠪ ᠠᠴᠠ ᠣᠷᠣᠨ ᠨᠤᠲᠤᠭ | ᠬᠦᠷᠲᠡᠯ᠎ᠡ᠂ ᠡᠯ᠎ᠡ ᠵᠦᠢᠯ ᠤᠨ ᠭᠡᠷ ᠪᠠᠶᠢᠰᠢᠩ ᠭᠠᠵᠠᠷ ᠬᠦᠷᠦᠩᠭᠡ ᠶᠢ ᠳᠡᠮᠵᠢᠬᠦ ᠲᠦᠷᠦ ᠶᠢᠨ ᠪᠤᠳᠤᠯᠭ᠎ᠠ ᠪᠠᠨ ᠦᠷᠭᠦᠯᠵᠢᠯᠡᠨ | ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠠᠷᠠᠭᠤᠯᠪᠠ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠨᠢ ᠬᠠᠩᠭᠠᠯᠭ᠎ᠠ | ᠬᠡᠷᠡᠭᠴᠡᠭᠡ ᠬᠤᠶᠠᠷ ᠲᠠᠯ᠎ᠠ ᠠᠴᠠ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠵᠤ᠂ ᠣᠳᠣᠬᠠᠨ ᠤ ᠵᠠᠬ᠎ᠠ ᠳᠡᠯᠭᠡᠭᠦᠷ ᠤᠨ | ᠰᠠᠶᠢᠵᠢᠷᠠᠬᠤ ᠬᠠᠨᠳᠤᠰᠢ ᠶᠢ ᠦᠷᠭᠦᠯᠵᠢᠯᠡᠭᠦᠯᠵᠦ᠂ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ | ᠢᠲᠡᠭᠡᠯ ᠪᠠ ᠬᠥᠭᠵᠢᠯᠲᠡ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠳᠤ ᠠᠰᠢᠭᠲᠠᠶ ᠶᠤᠮ ᠭᠡᠵᠡᠢ᠃ | ᠳᠤᠷᠠᠳᠤᠯᠭ᠎ᠠ 9 | ︽ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠵᠣᠬᠢᠴᠠᠯᠳᠤᠭᠤᠯᠤᠨ | ᠠᠬᠢᠭᠤᠯᠤᠨ᠎ᠠ︾ | ᠬᠤᠷᠠᠯ ᠢᠶᠠᠷ᠂ ᠵᠢᠱᠢᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠ | ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠵᠣᠬᠢᠴᠠᠯᠳᠤᠭᠤᠯᠤᠨ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠬᠥᠲᠥᠯᠥᠨ | ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃ | ᠳᠤᠷᠠᠳᠤᠯᠭ᠎ᠠ ᠶᠢᠨ ᠲᠠᠶᠢᠯᠤᠮᠵᠢ | ︽ᠵᠢᠱᠢᠯᠲᠡ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠬᠥᠪᠴᠢᠯᠡᠬᠦ ᠪᠣᠯ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠶᠢᠨ ᠵᠠᠩᠭᠢᠯᠠᠭ᠎ᠠ ᠪᠣᠯᠣᠨ᠎ᠠ᠂ ᠵᠢᠱᠢᠯᠲᠡ ᠶᠢᠨ ᠬᠠᠮᠢᠶᠠᠷᠤᠯᠲᠠ ᠶᠢ ᠬᠤᠷᠸ᠎ᠠ ᠠᠵᠤ ᠠᠬᠤᠢ ᠶᠢᠨ ᠵᠠᠰᠠᠯᠲᠠ ᠶᠢᠨ | ᠲᠣᠪᠤᠶᠢᠮ᠎ᠠ ᠪᠠᠶᠢᠷᠢᠨ ᠳᠤ ᠲᠠᠯᠪᠢᠨ᠎ᠠ᠃ ᠡᠳ᠋ ᠤᠨ ᠵᠠᠰᠠᠭ᠂ ᠵᠣᠭᠤᠰᠤᠨ ᠤ ᠲᠥᠷᠥ ᠶᠢᠨ ᠪᠣᠳᠣᠯᠭ᠎ᠠ ᠴᠤ ᠲᠡᠷᠡ᠂ ᠪᠡᠯᠡ | ᠣᠷᠣᠭᠤᠯᠤᠯᠲᠠ᠂ ᠬᠡᠷᠡᠭᠯᠡᠭᠡ᠂ ᠠᠷᠠᠳ ᠤᠨ ᠠᠮᠢᠳᠤᠷᠠᠯ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠴᠤ ᠲᠡᠷᠡ᠂ | ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠬᠦ᠂ ᠨᠡᠶᠢᠲᠡᠯᠡᠬᠦ ᠵᠠᠩᠭᠢᠯᠠᠭ᠎ᠠ ᠶᠢᠨ ᠴᠡᠭ᠂ ᠤᠬᠠᠭᠤᠯᠤᠨ ᠲᠠᠶᠢᠯᠪᠤᠷᠢᠯᠠᠬᠤ | ᠠᠷᠭ᠎ᠠ ᠮᠠᠶ᠋ᠢᠭ᠂ ᠬᠡᠷᠡᠭᠵᠢᠭᠦᠯᠬᠦ ᠡᠷᠴᠢᠮ ᠤᠨ ᠲᠠᠯ᠎ᠠ ᠪᠠᠷ ᠴᠥᠮ ᠵᠢᠱᠢᠯᠲᠡ ᠶᠢ ᠲᠣᠭᠲᠠᠪᠤᠷᠢᠵᠢᠭᠤᠯᠬᠤ ᠪᠠᠨ ᠴᠢᠬᠤᠯᠠᠴᠢᠯᠠᠵᠤ᠂ | ᠣᠯᠠᠨ ᠲᠠᠯ᠎ᠠ ᠶᠢᠨ ᠬᠠᠷᠠᠭᠠᠰᠤ ᠶᠢ ᠶᠡᠷᠦᠩᠬᠡᠶᠢᠯᠡᠨ ᠭᠦᠢᠴᠡᠳ ᠦᠨᠡᠯᠡᠨ ᠵᠢᠱᠢᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ | ᠬᠢᠵᠦ᠂ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠠᠴᠠ ᠡᠭᠦᠰᠴᠦ ᠮᠡᠳᠡᠬᠦ ᠠᠪᠴᠢᠬᠤ ᠦᠢᠯᠡᠳᠦᠯ ᠢ ᠠᠯᠢ ᠴᠢᠳᠠᠬᠤ ᠪᠠᠷ | ᠪᠠᠭᠠᠰᠬᠠᠨ᠎ᠠ︾ ᠭᠡᠵᠦ ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠢ ᠬᠡᠯᠡᠪᠡ᠃ | ᠳᠤᠷᠠᠳᠤᠯᠭ᠎ᠠ 10 | ︽ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ︾ | ᠬᠤᠷᠠᠯ ᠢᠶᠠᠷ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠦᠪᠴᠢᠯᠡᠨ᠂ ᠬᠦᠴᠢᠷ ᠢ ᠰᠥᠷᠦᠨ ᠤᠷᠤᠭᠰᠢᠯᠠᠵᠤ᠂ | ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠪᠠᠨ ᠪᠠᠲᠤᠯᠠᠨ᠎ᠠ᠃ ᠵᠥᠪ ᠴᠢᠭᠯᠡᠯ ᠢᠶᠠᠷ | ᠤᠷᠮᠠᠰᠢᠭᠤᠯᠬᠤ ᠪᠠᠨ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠨ᠎ᠡ ᠭᠡᠵᠦ ᠴᠢᠬᠤᠯᠠᠴᠢᠯᠠᠪᠠ᠃ | ᠳᠤᠷᠠᠳᠤᠯᠭ᠎ᠠ ᠶᠢᠨ ᠲᠠᠶᠢᠯᠤᠮᠵᠢ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠫᠷᠣᠹᠧᠰᠰᠣᠷ ᠰᠢᠦᠢ ᠭᠤᠸᠠᠩ ᠵᠢᠶᠠᠨ ᠢᠯᠡᠷᠬᠡᠶᠢᠯᠡᠬᠦ ᠳᠤ ᠪᠠᠨ᠂ ᠠᠵᠤ ᠠᠬᠤᠢ ᠶᠢᠨ ᠠᠵᠢᠯ ᠪᠣᠯ ᠨᠠᠮ ᠪᠠ | ᠤᠯᠤᠰ ᠤᠨ ᠭᠤᠣᠯ ᠠᠵᠢᠯ ᠪᠣᠯᠣᠨ᠎ᠠ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ ᠲᠦᠷᠦ ᠶᠢ | ᠵᠠᠰᠠᠬᠤ ᠴᠢᠬᠤᠯᠠ ᠶᠡᠭᠡ ᠡᠭᠦᠷᠭᠡ ᠪᠣᠯᠣᠨ᠎ᠠ᠃ ᠣᠳᠣᠬᠠᠨ ᠳᠤ᠂ ᠮᠠᠨ ᠤ ᠤᠯᠤᠰ ᠨᠠᠷᠢᠨ ᠪᠤᠳᠤᠯᠢᠶᠠᠨᠲᠠᠢ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠳᠤ ᠲᠤᠯᠭᠠᠷᠠᠵᠤ᠂ ᠬᠦᠴᠢᠷ ᠪᠡᠷᠬᠡᠰᠢᠶᠡᠯ ᠪᠠ ᠰᠢᠯᠭᠠᠯᠲᠠ ᠶᠢ | ᠠᠷᠭᠠᠴᠠᠭᠠᠬᠤ ᠳᠤ ᠪᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶᠠᠨ ᠤ ᠠᠵᠤ | ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠭᠦᠢᠴᠡᠳᠬᠡᠨ | ᠰᠠᠶᠢᠲᠤᠷ ᠨᠠᠶᠢᠳᠠᠪᠤᠷᠢᠵᠢᠭᠤᠯᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠯᠠᠪᠳᠠᠭᠤᠨ ᠢᠶᠠᠷ ᠰᠠᠶᠢᠲᠤᠷ ᠬᠦᠯᠢᠶᠡᠨ ᠠᠪᠴᠤ᠂ | ᠢᠮᠠᠭᠲᠠ ︽ᠳᠤᠷᠠᠲᠠᠶ᠎ᠠ ᠡᠭᠦᠷᠭᠡᠯᠡᠵᠦ᠂ ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠡᠭᠦᠷᠭᠡᠯᠡᠬᠦ︾ ᠶᠢ ᠠᠵᠢᠯ | ᠦᠢᠯᠡᠰ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠯᠤᠭ᠎ᠠ ᠬᠤᠯᠪᠣᠭᠳᠠᠭᠤᠯᠵᠤ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠬᠦᠴᠦᠷᠬᠡᠭ ᠶᠡᠭᠡ ᠬᠦᠳᠡᠯᠭᠡᠭᠴᠢ ᠬᠦᠴᠦᠨ ᠢ ᠬᠥᠭᠵᠢᠭᠡᠵᠦ ᠪᠠᠶᠢᠭᠠᠳ ᠠᠵᠤ ᠠᠬᠤᠢ ᠶᠢᠨ ᠠᠵᠢᠯ ᠤᠨ ᠵᠥᠪ ᠴᠢᠭᠯᠡᠯ ᠪᠠ | ᠬᠠᠷᠠᠯᠲᠠ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ ᠭᠡᠵᠡᠢ᠃ | | | |