ᠳᠥᠷᠥᠭᠰᠡᠨ ᠨᠤᠲᠤᠭ ᠪᠤᠯ ᠰᠡᠳᠬᠢᠯ ᠳᠤ ᠰᠠᠭᠤᠭᠳᠠᠭᠰᠠᠨ ᠨᠢᠭᠡᠨ ᠠᠭᠤᠯᠠ ᠤᠰᠤᠨ ᠤ ᠵᠢᠷᠤᠭ᠂ ᠰᠠᠨᠠᠭ᠎ᠠ | ᠪᠤᠳᠤᠯ ᠢ ᠳᠠᠳᠠᠭᠰᠠᠨ ᠨᠢᠭᠡᠨ ᠦᠯᠢᠭᠡᠷ ᠳᠣᠮᠤᠭ ᠮᠥᠨ᠃ ᠥᠨᠥᠳᠥᠷ ᠤᠨ ︽ᠨᠤᠲᠤᠭ ᠤᠰᠤᠨ ᠤ ᠰᠢᠨ᠎ᠡ ᠰᠣᠷᠭᠤᠭ | ᠬᠡᠷᠡᠭ ᠶᠠᠪᠤᠳᠠᠯ︾ ᠪᠤᠯᠤᠩ ᠢᠶᠠᠷ ᠪᠢᠳᠡ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠦᠯᠢᠭᠡᠷ ᠢ ᠰᠣᠨᠣᠰᠣᠶ᠎ᠠ᠃ ᠶᠡᠷᠡᠭᠡᠳ ᠣᠨ ᠳᠤ ᠳᠥᠷᠥᠭᠰᠡᠨ ᠵᠠᠯᠠᠭᠤ ᠼᠤᠤ ᠵᠧᠩ ᠶᠡᠭᠡ ᠰᠤᠷᠭᠠᠭᠤᠯᠢ | ᠲᠡᠭᠦᠰᠦᠭᠰᠡᠨ ᠤ ᠳᠠᠷᠠᠭ᠎ᠠ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠵᠠᠮ ᠢᠶᠠᠨ ᠡᠯᠭᠦᠵᠡᠢ᠃ ᠼᠤᠤ | ᠵᠧᠩ ᠡᠯᠧᠲᠷᠤᠨ ᠬᠤᠳᠠᠯᠳᠤᠭᠠᠨ ᠬᠡᠭᠦ ᠲᠦᠷᠭᠡᠨ ᠳᠡᠷᠭᠡ ᠪᠡ ︽ᠰᠢᠨ᠎ᠡ ᠲᠠᠷᠢᠶᠠᠯᠠᠩ︾ ᠲᠠᠢ ᠬᠤᠣᠰ ᠴᠢᠭᠯᠡᠯ ᠢᠶᠠᠷ | ᠤᠷᠤᠭᠰᠢᠯᠠᠵᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠪᠥᠬᠦ ᠤᠯᠤᠰ ᠤᠨ ᠡᠯ᠎ᠡ ᠭᠠᠵᠠᠷ ᠤᠨ | ᠬᠡᠷᠡᠭᠯᠡᠭᠴᠢᠳ ᠤᠨ ᠬᠤᠭᠤᠯᠠᠨ ᠰᠢᠷᠡᠭᠡᠨ ᠳᠤ ᠬᠥᠷᠭᠡᠪᠡ᠃ | ᠨᠠᠮᠤᠷ ᠤᠨ ᠰᠡᠭᠦᠯᠴᠢ ᠪᠤᠯᠬᠤ ᠳᠤ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠤ ᠬᠤᠯᠪᠣᠭᠠᠲᠤ | ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠥᠷᠯᠥᠭᠡ ᠡᠷᠳᠡ ᠶᠢᠨ ᠠᠭᠤᠷ ᠠᠮᠢᠰᠬᠤᠯ ᠨᠢ ᠬᠠᠬᠢᠷ ᠬᠦᠢᠲᠡᠨ | ᠪᠠᠶᠢᠵᠤ᠂ ᠬᠡᠳᠥᠶᠢᠪᠡᠷ ᠵᠤᠨ ᠤ ᠤᠯᠠᠷᠢᠯ ᠤᠨ ᠥᠩᠭᠡ ᠬᠢᠯᠪᠠᠭ᠎ᠠ ᠦᠭᠡᠢ ᠪᠣᠯᠤᠭᠰᠠᠨ ᠴᠤ᠂ ᠡᠪᠦᠯ ᠤᠨ ᠡᠬᠢᠨ ᠤ | ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠣᠯ ᠨᠡᠮᠡᠭᠳᠡᠭᠰᠡᠨ ᠪᠠᠶᠢᠨ᠎ᠠ᠃ ᠰᠢᠤᠢ ᠶᠤᠸᠠᠨ ᠳᠡᠭᠡᠳᠦ ᠰᠢᠨ᠎ᠡ ᠮᠡᠷᠭᠡᠵᠢᠯ ᠤᠨ | ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠮᠢᠬ᠎ᠠ ᠡᠳ᠋ᠰᠢᠭᠦᠯᠬᠦ ᠰᠠᠭᠤᠷᠢᠨ ᠭᠠᠵᠠᠷ ᠲᠤ᠂ ᠪᠢᠳᠡ ᠶᠡᠷᠡᠭᠡᠳ | ᠣᠨ ᠳᠤ ᠳᠥᠷᠥᠭᠰᠡᠨ ᠰᠢᠨ᠎ᠡ ᠲᠠᠷᠢᠶᠠᠴᠢᠨ ᠼᠤᠤ ᠵᠧᠩ ᠢ ᠣᠯᠵᠤ ᠬᠠᠷᠠᠪᠠ᠂ ᠳᠠᠷᠡ ᠶᠠᠭ ᠰᠠᠶᠢᠬᠠᠨ ᠦᠬᠡᠷ ᠬᠤᠨᠢ | ᠨᠢᠲᠤᠯᠬᠤ ᠦᠢᠯᠡᠳᠪᠦᠷᠢ ᠶᠢᠨ ᠲᠠᠰᠤᠭ ᠲᠤ ᠦᠢᠯᠡᠳᠪᠦᠷᠢᠯᠡᠯ ᠤᠨ ᠱᠤᠭᠤᠮ ᠳᠡᠭᠡᠷᠡᠬᠢ ᠠᠵᠢᠯᠴᠢᠳ ᠲᠤ ᠬᠢᠨᠠᠯᠲᠠ | ᠲᠠᠯᠪᠢᠵᠤ᠂ ᠮᠢᠬᠠᠨ ᠤ ᠬᠤᠨᠢ ᠶᠢᠨ ᠡᠳ᠋ᠰᠢᠭᠦᠯᠬᠦ᠂ ᠨᠢᠲᠤᠯᠬᠤ᠂ ᠰᠠᠯᠭᠠᠬᠤ᠂ ᠪᠣᠭᠤᠳᠠᠯᠯᠠᠵᠤ ᠪᠠᠶᠢᠪᠠ᠂ ᠬᠤᠨᠢᠨ ᠤ | ᠮᠢᠬ᠎ᠠ ᠶᠢ ᠡᠳ᠋ᠰᠢᠯᠡᠭᠦᠯᠵᠥ ᠪᠠᠷᠠᠭᠠᠳ᠂ ᠬᠦᠢᠳᠡᠨ ᠬᠦᠮᠦᠷᠬᠡ ᠤᠷᠤᠭᠤ ᠵᠥᠭᠡᠪᠥᠷᠢᠯᠡᠵᠥ᠂ ᠲᠡᠷᠡ ᠲᠠᠷᠤᠢ ᠳᠤᠨᠢ ᠪᠦᠬᠦ | ᠤᠯᠤᠰ ᠤᠨ ᠡᠯ᠎ᠡ ᠭᠠᠵᠠᠷ ᠲᠤ ᠬᠥᠷᠭᠡᠵᠥ ᠪᠠᠶᠢᠬᠤ ᠶᠢ ᠣᠯᠵᠤ ᠬᠠᠷᠠᠪᠠ᠃ | 2015 ᠣᠨ ᠳᠤ᠂ ᠼᠤᠤ ᠵᠧᠩ ᠶᠡᠭᠡ ᠰᠤᠷᠭᠠᠭᠤᠯᠢ ᠪᠠᠨ ᠳᠡᠭᠦᠰᠬᠡᠭᠡᠳ᠂ ᠥᠪᠡᠷ ᠤᠨ ᠨᠤᠲᠤᠭ ᠪᠤᠭᠤᠲᠤ | ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶ᠋ᠬᠤᠪᠣᠭᠠ ᠰᠣᠮᠣᠨ ᠤ ᠬᠡᠷᠠᠯᠠᠤᠳᠥ ᠭᠠᠴᠠᠭᠠᠨ | ᠳᠤ ᠪᠠᠨ ᠪᠤᠴᠠᠨ ᠢᠷᠡᠵᠥ᠂ ᠠᠳᠠᠯ ᠦᠢᠯᠡᠰ ᠪᠤᠰᠬᠠᠵᠠᠢ᠃ | ᠰᠠᠶᠢᠨ ᠬᠤᠨᠢᠨ ᠮᠢᠬ᠎ᠠ ᠬᠡᠷᠬᠢᠨ ᠰᠠᠶᠢᠨ ᠮᠠᠭᠳᠠᠭᠠᠯ ᠢ ᠤᠯᠪᠠ︖ ᠼᠤᠤ ᠵᠧᠩ ᠬᠤᠨᠢᠨ ᠮᠢᠬᠠᠨ ᠤ ᠲᠦᠷᠦᠯ | ᠲᠡᠮᠳᠡᠭ ᠤᠨ ᠪᠤᠶᠢᠵᠢᠯᠲᠠ ᠶᠢ ᠣᠨᠴᠠᠭᠠᠶᠢᠯᠠᠨ ᠴᠢᠬᠤᠯᠠᠴᠢᠯᠠᠵᠤ᠂ ᠬᠤᠨᠢᠨ ᠮᠢᠬ᠎ᠠ ᠶᠢ ᠡᠳ᠋ᠰᠢᠭᠦᠯᠬᠦ ᠠᠴᠠ ᠡᠬᠢᠯᠡᠨ᠂ | ᠲᠡᠷᠡ ᠣᠳᠣ ᠦᠶ᠎ᠡ ᠶᠢᠨ ᠬᠥᠮᠦᠰ ᠤᠨ ᠢᠳᠡᠭᠡᠨ ᠤᠮᠳᠠᠭᠠᠨ ᠤ ᠳᠠᠳᠬᠠᠯ ᠲᠠᠢ ᠨᠡᠶᠢᠴᠡᠭᠰᠡᠨ ᠡᠳ᠋ᠰᠢᠭᠦᠯᠬᠦ ᠠᠷᠭ᠎ᠠ | ᠬᠡᠯᠪᠡᠷᠢ ᠶᠢ ᠠᠪᠴᠤ᠂ ᠬᠤᠨᠢᠨ ᠮᠢᠬ᠎ᠠ ᠶᠢ ᠨᠠᠷᠢᠯᠢᠭᠵᠢᠭᠤᠯᠤᠨ ᠬᠡᠰᠡᠭᠯᠡᠵᠦ᠂ ᠡᠭᠦᠨ ᠤ ᠳᠡᠭᠡᠷ᠎ᠡ ᠬᠦᠢᠳᠡᠨ ᠬᠡᠯᠬᠢᠶᠡᠲᠦ | ᠪᠠᠷᠠᠭᠠᠨ ᠤ ᠭᠦᠢᠯᠭᠡᠭᠡ ᠶᠢ ᠳᠥᠭᠦᠮ ᠳᠥᠲᠡ ᠪᠤᠯᠭᠠᠵᠤ᠂ ᠠᠮᠲᠠᠲᠤ ᠢᠳᠡᠭᠡᠨ ᠪᠣᠯᠤᠨ ᠬᠤᠭᠤᠯᠠᠨ ᠰᠢᠷᠡᠭᠡᠨ ᠤ ᠵᠠᠶ ᠶᠢ | ᠲᠦᠢᠯ ᠤᠨ ᠶᠡᠭᠡ ᠪᠠᠷ ᠪᠠᠭᠠᠰᠬᠠᠭᠰᠠᠨ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠦᠨ ᠳᠤ ᠪᠤᠢ᠃ ᠼᠤᠤ ᠵᠧᠩ | ᠪᠣᠯ ︽ᠰᠢᠨ᠎ᠡ ᠲᠠᠷᠢᠶᠠᠴᠢᠨ︾ ᠤ ᠲᠥᠯᠥᠭᠡᠯᠡᠭᠴᠢ ᠪᠣᠯᠬᠤ ᠶᠤᠮ᠂ ᠲᠡᠷᠡ ᠰᠢᠨ᠎ᠡ ᠣᠶᠢᠯᠠᠭᠠᠭᠳᠠᠬᠤᠨ᠂ ᠰᠢᠨ᠎ᠡ | ᠮᠡᠳᠡᠯᠭᠡ᠂ ᠰᠢᠨ᠎ᠡ ᠤᠷ᠎ᠠ ᠴᠢᠳᠠᠪᠤᠷᠢ ᠶᠢ ᠡᠪᠦᠷᠯᠡᠨ᠂ ᠨᠤᠳᠤᠭ ᠤᠰᠤᠨ ᠳᠤ ᠪᠠᠨ ᠪᠤᠴᠠᠵᠤ᠂ ᠲᠠᠯ᠎ᠠ ᠨᠤᠲᠤᠭ ᠢᠶᠠᠨ | ᠵᠡᠭᠦᠳᠥ ᠪᠠᠨ ᠲᠡᠷᠭᠡᠯᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ | ᠠᠪᠴᠢᠷᠠᠵᠤ᠂ ᠰᠢᠨ᠎ᠡ ᠲᠠᠷᠢᠶᠠᠴᠢᠳ ᠢ ᠬᠦᠳᠦᠯᠦᠨ ᠳᠠᠭᠠᠭᠤᠯᠤᠭᠰᠠᠨ᠂ ᠰᠢᠨ᠎ᠡ ᠬᠥᠳᠡᠭᠡ ᠲᠣᠰᠬᠤᠨ ᠢ | ᠬᠥᠭᠵᠢᠭᠦᠯᠥᠭᠰᠡᠨ᠂ ᠰᠢᠨ᠎ᠡ ᠬᠥᠳᠡᠭᠡ ᠠᠵᠤ ᠠᠬᠤᠢ ᠶᠢ ᠬᠥᠭᠵᠢᠭᠦᠯᠥᠭᠰᠡᠨ ︽ᠲᠠᠷᠢᠶᠠᠯᠠᠩ ᠠᠵᠤ ᠠᠬᠤᠢ ᠶᠢ | ᠬᠥᠭᠵᠢᠭᠦᠯᠦᠭᠴᠢ︾ ᠪᠤᠯᠤᠭᠰᠠᠨ ᠪᠠᠶᠢᠨ᠎ᠠ᠃ ᠲᠡᠷᠡ ᠲᠠᠷᠢᠶᠠᠯᠠᠩ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ | ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠲᠠᠢ | ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠠᠩᠬ᠎ᠠ | ᠵᠡᠷᠭᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠤᠨ ᠬᠤᠷᠰᠢᠶ᠎ᠠ᠂ | ᠪᠣᠯᠪᠠᠰᠤᠷᠠᠭᠤᠯᠬᠤ ᠦᠢᠯᠡᠳᠪᠦᠷᠢ ᠪᠠᠷ ᠳᠠᠮᠵᠢᠭᠤᠯᠤᠨ ᠪᠠᠷᠢᠮᠵᠢᠶᠠᠵᠢᠭᠤᠯᠤᠭᠰᠠᠨ ᠲᠠᠸᠠᠷ ᠪᠣᠯᠭᠠᠵᠤ᠂ ᠺᠣᠮᠫᠠᠨᠢ ᠠᠴᠠ | ᠨᠢᠭᠡᠳᠦᠯᠲᠡᠶ ᠠᠵᠢᠯᠯᠠᠭᠤᠯᠵᠤ᠂ ᠰᠦᠯᠵᠢᠶᠡᠨ ᠳᠡᠭᠡᠷ᠎ᠡ ᠪᠣᠷᠣᠯᠠᠭᠤᠯᠵᠤ᠂ ᠼᠤᠤ ᠵᠧᠩ ᠣᠯᠠᠨ ᠢ ᠳᠠᠭᠠᠭᠤᠯᠤᠨ | ᠬᠠᠮᠲᠤ ᠪᠠᠷ ᠪᠠᠶᠠᠵᠢᠵᠤ᠂ ᠮᠠᠯᠴᠢᠨ ᠲᠠᠷᠢᠶᠠᠴᠢᠨ ᠤ ᠨᠢᠳᠦᠨ ᠳᠠᠬᠢ ︽ᠲᠠᠷᠢᠶᠠᠯᠠᠩ ᠠᠵᠤ ᠠᠬᠤᠢ ᠶᠢ | ᠬᠥᠭᠵᠢᠭᠦᠯᠦᠭᠴᠢ︾ ᠪᠣᠯᠪᠠ᠃ | ︽ᠲᠠ ᠰᠢᠯᠦᠭ ᠪᠠ ᠬᠥᠰᠡᠯ ᠲᠠᠢ ᠪᠤᠯ᠂ ᠨᠠᠳᠠ ᠳᠤ ᠬᠤᠨᠢᠨ ᠮᠢᠬ᠎ᠠ ᠪᠠ ᠱᠥᠯᠥ ᠲᠠᠢ ᠰᠢᠤ︾᠂ | ᠡᠯᠧᠲᠷᠤᠨ ᠬᠤᠳᠠᠯᠳᠤᠭ᠎ᠠ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠰᠠᠶᠢᠵᠢᠷᠠᠭᠤᠯᠤᠨ ᠳᠡᠰ ᠳᠡᠪᠰᠢᠭᠦᠯᠵᠦ᠂ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠳᠤ ᠵᠢᠭᠦᠷ | ᠤᠷᠭᠤᠭᠤᠯᠵᠤ᠂ ᠼᠤᠤ ᠵᠧᠩ ᠰᠢᠭ ᠰᠢᠨ᠎ᠡ ᠲᠠᠷᠢᠶᠠᠴᠢᠨ ᠤ ᠬᠦᠮᠦᠰ ᠨᠤᠲᠤᠭ ᠲᠠᠭᠠᠨ ᠪᠤᠴᠠᠵᠤ ᠦᠢᠯᠡᠰ ᠪᠤᠰᠬᠠᠵᠤ᠂ | ᠢᠨᠲ᠋ᠧᠷ ᠰᠦᠯᠵᠢᠶᠡᠨ ᠤ ᠶᠡᠭᠡ ᠤᠷᠤᠰᠬᠠᠯ ᠢ ᠠᠰᠢᠭᠯᠠᠵᠤ᠂ ᠤᠯᠠᠮ ᠠᠴᠠ ᠤᠯᠠᠮ ᠣᠯᠠᠨ ᠴᠢᠨᠠᠷ ᠰᠠᠶᠢᠲᠠᠶ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠩ ᠣᠯᠠᠨ ᠬᠡᠷᠡᠭᠯᠡᠭᠴᠢᠳ ᠤᠨ ᠬᠤᠭᠤᠯᠠᠨ ᠰᠢᠷᠡᠭᠡᠨ ᠳᠤ | ᠭᠠᠷᠭᠠᠵᠤ ᠥᠭᠪᠡ᠃ | |