ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ | ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠭᠡᠷ᠎ᠡ ᠶᠢᠨ | ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠤᠯᠢ ᠪᠤᠰᠤ ᠬᠡᠭᠡᠷ᠎ᠡ ᠶᠢᠨ ᠠᠮᠢᠲᠠᠨ ᠤᠷᠭᠤᠮᠠᠯ ᠤᠨ ᠠᠷᠠᠯᠵᠢᠶ᠎ᠠ ᠶᠢ ᠪᠦᠬᠦ ᠲᠠᠯ᠎ᠠ ᠪᠠᠷ | ᠴᠠᠭᠠᠵᠠᠯᠠᠬᠤ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠳᠤᠷ᠎ᠠ ᠪᠠᠷ ᠢᠳᠡᠬᠦ | ᠮᠠᠭᠤ ᠳᠠᠳᠬᠠᠯ ᠢ ᠠᠷᠢᠯᠭᠠᠵᠤ᠂ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ | ᠲᠦᠪᠰᠢᠨ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ | ᠡᠳᠦᠭᠡ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠤᠲᠠᠰᠤ ᠶᠢ ᠳᠣᠤᠷᠠᠬᠢ ᠮᠡᠲᠦ | ᠵᠠᠷᠯᠠᠶ᠎ᠠ᠂ ᠲᠣᠰ ᠡᠳᠦᠷ ᠠᠴᠠ ᠡᠬᠢᠯᠡᠨ ᠣᠯᠠᠨ ᠨᠡᠶᠢᠲᠡ ᠶᠢᠨ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠨ᠎ᠠ᠃ | ᠢᠯᠡᠴᠢᠯᠡᠨ ᠮᠡᠳᠡᠭᠦᠯᠬᠦ ᠤᠲᠠᠰᠤ᠄ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0472 – 8423765 | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0472 – 8428684 | ᠢᠯᠡᠴᠢᠯᠡᠨ ᠮᠡᠳᠡᠭᠦᠯᠬᠦ ᠬᠦᠷᠢᠶ᠎ᠡ ᠬᠡᠪᠴᠢᠶ᠎ᠡ᠄ | 1. ᠰᠦᠯᠵᠢᠶᠡᠨ ᠭᠠᠳᠠᠨ᠎ᠠ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠪᠣᠯᠣᠨ ᠲᠡᠭᠦᠨ ᠤ | ᠪᠦᠳᠦᠭᠡᠭᠳᠡᠭᠦᠨ ᠢ ᠬᠠᠤᠯᠢ ᠪᠤᠰᠤ ᠪᠠᠷ ᠠᠩᠨᠠᠭᠰᠠᠨ᠂ ᠪᠣᠷᠣᠯᠠᠭᠤᠯᠤᠭᠰᠠᠨ᠂ ᠬᠤᠳᠠᠯᠳᠤᠨ ᠠᠪᠤᠭᠰᠠᠨ᠂ ᠢᠯᠡᠭᠡᠭᠰᠡᠨ᠂ | ᠢᠳᠡᠭᠰᠡᠨ᠂ ᠠᠰᠢᠭᠯᠠᠭᠰᠠᠨ ᠵᠢᠴᠢ ᠰᠦᠯᠵᠢᠶᠡᠨ ᠭᠠᠳᠠᠨ᠎ᠠ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ | ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠤᠭᠰᠠᠨ᠂ ᠪᠣᠷᠣᠯᠠᠭᠤᠯᠤᠭᠰᠠᠨ᠂ ᠬᠤᠳᠠᠯᠳᠤᠨ | ᠠᠪᠤᠭᠰᠠᠨ ᠠᠵᠢᠯᠯᠠᠭ᠎ᠠ᠃ | 2. ᠰᠦᠯᠵᠢᠶᠡᠨ ᠳᠡᠭᠡᠷ᠎ᠡ ᠬᠡᠭᠡᠷ᠎ᠡ ᠶᠢᠨ ᠠᠮᠢᠲᠠᠨ ᠤᠷᠭᠤᠮᠠᠯ ᠪᠣᠯᠣᠨ ᠲᠡᠭᠦᠨ ᠤ ᠪᠦᠲᠦᠭᠡᠭᠳᠡᠬᠦᠨ ᠢ ᠬᠠᠤᠯᠢ | ᠪᠤᠰᠤ ᠪᠠᠷ ᠪᠣᠷᠣᠯᠠᠭᠤᠯᠤᠭᠰᠠᠨ᠂ ᠬᠤᠳᠠᠯᠳᠤᠨ ᠠᠪᠤᠭᠰᠠᠨ ᠵᠢᠴᠢ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠪᠠ | ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠ | ᠢᠯᠡᠭᠡᠭᠰᠡᠨ ᠠᠵᠢᠯᠯᠠᠭ᠎ᠠ᠃ | 3.ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠠᠴᠠ | ᠵᠥᠷᠢᠴᠡᠨ ᠪᠣᠷᠣᠯᠠᠭᠤᠯᠤᠭᠰᠠᠨ᠂ ᠬᠤᠳᠠᠯᠳᠤᠨ ᠠᠪᠤᠭᠰᠠᠨ᠂ ᠢᠳᠡᠭᠰᠡᠨ᠂ ᠠᠰᠢᠭᠯᠠᠭᠰᠠᠨ ᠡᠰᠡᠬᠦᠯ᠎ᠡ ᠬᠡᠷᠡᠭᠯᠡᠬᠦ ᠶᠢ | ᠴᠠᠭᠠᠵᠠᠯᠠᠭᠰᠠᠨ ᠠᠩᠨᠠᠬᠤ ᠪᠠᠭᠠᠵᠢ ᠬᠡᠷᠡᠭᠰᠡᠯ ᠢ ᠵᠠᠷ ᠨᠡᠶᠢᠲᠡᠯᠡᠭᠰᠡᠨ ᠪᠤᠶᠤ ᠳᠡᠯᠭᠡᠨ ᠦᠵᠡᠭᠦᠯᠦᠭᠰᠡᠨ᠂ | ᠠᠷᠠᠯᠵᠢᠶᠠᠯᠠᠭᠰᠠᠨ᠂ ᠬᠡᠷᠡᠭᠯᠡᠭᠡᠨ ᠤ ᠦᠢᠯᠡᠴᠢᠯᠡᠭᠡ ᠬᠠᠩᠭᠠᠭᠰᠠᠨ ᠠᠵᠢᠯᠯᠠᠭ᠎ᠠ᠃ | ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠬᠠᠤᠯᠢ ᠶᠢ ᠵᠥᠷᠢᠴᠡᠭᠰᠡᠨ | ᠶᠠᠯᠠᠲᠤ ᠡᠲᠡᠭᠡᠳ ᠢ ᠦᠮᠦᠭᠯᠡᠭᠰᠡᠨ᠂ ᠳᠤᠷ᠎ᠠ ᠪᠠᠷ ᠨᠢ ᠲᠠᠯᠪᠢᠭᠰᠠᠨ ᠪᠤᠶᠤ ᠮᠠᠭᠤ ᠰᠠᠨᠠᠭ᠎ᠠ ᠪᠠᠷ ᠢᠯᠡᠴᠢᠯᠡᠨ | ᠮᠡᠳᠡᠭᠦᠯᠦᠭᠰᠡᠨ᠂ ᠭᠦᠳᠬᠡᠨ ᠭᠦᠵᠢᠷᠯᠡᠭᠰᠡᠨ ᠢ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ᠢᠯᠡᠴᠢᠯᠡᠨ ᠮᠡᠳᠡᠭᠦᠯᠦᠭᠴᠢ ᠠᠴᠠ ᠦᠰᠢᠶ᠎ᠡ ᠠᠪᠤᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠬᠦᠨᠳᠦ ᠪᠠᠷ | ᠰᠢᠢᠳᠬᠡᠨ᠎ᠡ᠃ | ᠣᠨᠴᠠᠭᠠᠶᠢᠯᠠᠨ ᠵᠠᠷᠯᠠᠨ ᠨᠡᠶᠢᠲᠡᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 2024 ᠣᠨ ᠤ 12 ᠳ᠋ᠤᠭᠠᠷ ᠰᠠᠷ᠎ᠠ ᠶᠢᠨ 18 ᠤ ᠡᠳᠦᠷ | |