ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠤ ᠰᠢᠨ᠎ᠡ ᠣᠷᠳᠣᠨ ᠵᠢᠩᠬᠢᠨᠢ ᠪᠠᠷ ᠫᠠᠶᠢᠰᠠ ᠰᠡᠬᠦᠬᠦᠵᠥ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/12/20
      12 ᠰᠠᠷ᠎ᠠ ᠶᠢᠨ 18 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠰᠢᠨ᠎ᠡ ᠣᠷᠳᠣᠨ ᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠪᠤᠭᠤᠲᠤ ᠬᠤᠲᠠ ᠶᠢᠨ ᠲᠠᠩᠰᠠ ᠡᠪᠬᠡᠮᠡᠯ ᠤᠨ ᠣᠷᠳᠣᠨ ᠤ ᠳᠠᠷᠤᠭ᠎ᠠ ᠿᠧᠨ ᡁᠢ ᠭᠠᠩ ᠨᠠᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠨ ᠴᠦᠨ ᠯᠸᠢ ᠵᠢᠴᠢ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠤ ᠣᠳᠣᠷᠢᠳᠬᠤ ᠪᠠᠭ ᠤᠨ ᠪᠥᠬᠦ ᠭᠡᠰᠢᠭᠦᠨ᠂ ᠲᠠᠩᠰᠠ ᠡᠪᠬᠡᠮᠡᠯ ᠤᠨ ᠣᠷᠳᠣᠨ ᠤ ᠪᠥᠬᠦ ᠺᠠᠳ᠋ᠷ ᠠᠵᠢᠯᠲᠠᠨ ᠶᠣᠰᠣᠯᠠᠯ ᠳᠤ ᠣᠷᠣᠯᠴᠠᠪᠠ᠃      ᠰᠢᠨ᠎ᠡ ᠪᠠᠷ ᠪᠠᠶᠢᠭᠤᠯᠤᠭᠰᠠᠨ ᠲᠠᠩᠰᠠ ᠡᠪᠬᠡᠮᠡᠯ ᠤᠨ ᠣᠷᠳᠣᠨ ᠤ ᠡᠵᠡᠯᠡᠬᠦ ᠲᠠᠯᠠᠪᠠᠶ ᠨᠢ 6003 ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 2737 ᠲᠡᠭᠰᠢ ᠳᠥᠷᠪᠡᠯᠵᠢᠨ ᠮᠧᠲᠷ ᠪᠠᠶᠢᠵᠤ᠂ 3 ᠳᠠᠪᠬᠤᠷᠭ᠎ᠠ ᠶᠢᠨ ᠪᠦᠲᠦᠴᠡᠲᠦ ᠪᠠᠷᠢᠯᠭ᠎ᠠ ᠪᠣᠯᠤᠨ᠎ᠠ᠃ ᠵᠢᠷᠭᠤᠭᠠᠨ ᠶᠡᠭᠡ ᠴᠢᠳᠠᠮᠵᠢᠳᠤ ᠣᠷᠣᠨ ᠲᠠᠢ ᠪᠠᠶᠢᠵᠤ᠂ ᠠᠯᠪᠠᠯᠠᠬᠤ ᠲᠣᠭᠤᠷᠢᠭ᠂  ᠰᠠᠩ ᠬᠥᠮᠥᠷᠭᠡ ᠶᠢᠨ ᠲᠣᠭᠤᠷᠢᠭ᠂ ᠪᠠᠶᠢᠴᠠᠭᠠᠨ ᠦᠵᠡᠬᠦ ᠦᠢᠯᠡᠴᠢᠯᠡᠭᠡᠨ ᠤ ᠲᠣᠭᠤᠷᠢᠭ᠂ ᠲᠤᠬᠠᠶᠢᠯᠠᠭᠰᠠᠨ ᠠᠵᠢᠯ ᠤᠨ ᠵᠢᠯᠣᠭᠤᠳᠬᠤ ᠲᠣᠭᠤᠷᠢᠭ᠂ ᠲᠠᠩᠰᠠ ᠡᠪᠬᠡᠮᠡᠯ ᠤᠨ ᠰᠢᠷᠪᠢᠯᠲᠡ ᠶᠢᠨ ᠲᠣᠭᠤᠷᠢᠭ᠂ ᠳᠡᠯᠭᠡᠨ ᠦᠵᠡᠭᠦᠯᠬᠦ ᠲᠣᠭᠤᠷᠢᠭ ᠬᠡᠵᠥ ᠬᠤᠪᠢᠶᠠᠪᠠ᠃ ᠡᠭᠦᠨ ᠳᠤ ᠪᠠᠶᠢᠴᠠᠭᠠᠨ ᠦᠵᠡᠬᠦ ᠦᠢᠯᠡᠴᠢᠯᠡᠭᠡᠨ ᠤ ᠲᠣᠭᠤᠷᠢᠭ ᠨᠢ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠳᠤ ᠪᠠᠶᠢᠷᠢᠯᠠᠵᠤ᠂ ᠲᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠦᠢᠯᠡᠴᠢᠯᠡᠭᠡᠨ ᠤ ᠴᠣᠩᠬᠤ 3 ᠪᠠᠶᠢᠵᠤ᠂ ᠬᠢᠲᠠᠳ᠂ ᠮᠣᠩᠭᠤᠯ ︽ᠬᠤᠤᠰ ᠬᠡᠯᠡᠨ ︾ ᠤ ᠦᠢᠯᠡᠴᠢᠯᠡᠭᠡ  ᠬᠠᠩᠭᠠᠪᠠ︔ ᠰᠠᠩ ᠬᠥᠮᠥᠷᠭᠡ ᠶᠢᠨ ᠲᠣᠭᠤᠷᠢᠭ ᠲᠤ ᠨᠡᠶᠢᠲᠡ 6 ᠳᠠᠩᠰᠠ ᠡᠪᠬᠡᠮᠡᠯ ᠤᠨ ᠬᠥᠮᠥᠷᠭᠡ ᠲᠠᠢ ᠪᠠᠶᠢᠵᠤ᠂ ᠶᠡᠷᠦᠩᠬᠡᠶᠢᠯᠡᠭᠰᠡᠨ ᠲᠠᠩᠰᠠ ᠡᠪᠬᠡᠮᠡᠯ ᠤᠨ ᠬᠥᠮᠥᠷᠭᠡ ᠪᠠ ᠲᠤᠰᠬᠠᠶ ᠲᠠᠩᠰᠠ ᠡᠪᠬᠡᠮᠡᠯ ᠤᠨ ᠬᠥᠮᠥᠷᠭᠡ ᠬᠤᠪᠢᠶᠠᠵᠤ᠂ 47 ᠴᠤᠪᠤᠭ᠎ᠠ 208 ᠳᠤᠭᠤᠶᠢᠯᠠᠩ ᠭᠠᠷ ᠬᠥᠳᠡᠯᠭᠡᠭᠦᠷᠲᠦ ᠨᠢᠭᠲᠠᠷᠠᠯ ᠵᠢᠶᠠᠰᠠ ᠲᠣᠬᠢᠷᠠᠭᠤᠯᠤᠭᠰᠠᠨ ᠪᠥᠭᠡᠳ ︽ᠶᠢᠰᠦ ᠶᠢ ᠰᠡᠷᠭᠡᠶᠢᠯᠡᠬᠦ︾ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠢᠵᠢ ᠪᠥᠷᠢᠳᠦᠭᠦᠯᠬᠦ ᠲᠥᠬᠦᠭᠡᠷᠦᠮᠵᠢ ᠶᠢ ᠳᠣᠭᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ︽ᠲᠠᠩᠰᠠ ᠡᠪᠬᠡᠮᠡᠯ ᠪᠠᠶᠢᠭᠤᠯᠬᠤ᠂ ᠲᠡᠤᠬᠡ ᠶᠢ ᠬᠠᠳᠠᠭᠠᠯᠠᠬᠤ᠂ ᠵᠠᠰᠠᠭ ᠲᠤ ᠲᠤᠰᠠᠯᠠᠬᠤ᠂ ᠠᠷᠠᠳ ᠤᠨ ᠲᠥᠯᠥᠭᠡ ᠪᠠᠶᠢᠬᠤ︾ ᠦᠢᠯᠡᠴᠢᠯᠡᠭᠡᠨ ᠤ ᠵᠣᠷᠢᠯᠲᠠ ᠶᠢ ᠨᠠᠷᠢᠨ ᠬᠢᠨᠠᠮᠠᠭᠠᠶ ᠰᠠᠶᠢᠲᠤᠷ ᠭᠦᠢᠴᠡᠳᠬᠡᠵᠦ᠂ ᠲᠠᠩᠰᠠ ᠡᠪᠬᠡᠮᠡᠯ ᠤᠨ ᠠᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠭᠠᠷᠳᠠᠬᠤ ᠴᠡᠭ ᠢ ᠣᠨᠣᠪᠴᠢᠲᠠᠶ ᠣᠯᠵᠤ᠂ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠤᠷᠢᠶᠠᠨ ᠬᠠᠳᠠᠭᠠᠯᠠᠬᠤ ᠬᠡᠪᠴᠢᠶ᠎ᠡ ᠶᠢ ᠥᠷᠭᠡᠳᠬᠡᠵᠦ᠂ ᠰᠤᠳᠤᠯᠭᠠᠨ ᠤ ᠴᠢᠳᠠᠪᠤᠷᠢ ᠪᠠᠨ ᠴᠢᠩᠭᠠᠳᠬᠠᠨ᠂ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号