ᠰᠢ ᠶᠢᠨ ᠫᠢᠩ ᠾᠧ ᠾᠧᠦ ᠬᠤᠸᠠ ᠪᠠ ᠼᠦᠢ ᠱᠢ ᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/20
      ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ᠃
6387030927437670686510453.jpg
      19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ      ᠰᠢ ᠶᠢᠨ ᠫᠢᠩ ᠾᠧ ᠾᠧᠦ ᠬᠤᠸᠠ ᠪᠣᠯᠣᠨ ᠼᠦᠢ ᠱᠢ ᠠᠨ ᠳᠤ᠂ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠲᠤᠷᠰᠢ ᠣᠣᠮᠧᠨ ᠳᠤ ᠮᠠᠰᠢ ᠶᠡᠭᠡ ᠬᠤᠪᠢᠷᠠᠯᠲᠠ ᠭᠠᠷᠴᠤ᠂ ᠠᠮᠵᠢᠯᠲᠠ ᠪᠦᠳᠦᠮᠵᠢ ᠤᠯᠠᠨ ᠤ ᠠᠩᠬᠠᠷᠤᠯ ᠢ ᠲᠠᠲᠠᠵᠠᠢ ᠃ ᠲᠠ ᠨᠠᠷ ᠤᠷᠢᠳ ᠬᠤᠵᠢᠳ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠭᠠᠭᠤᠯᠤᠨ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠵᠤ᠂ ᠠᠳᠡᠬᠢ ᠠᠯᠤᠰ ᠭᠡᠳᠦ ᠶᠢᠨ ᠬᠥᠭᠵᠢᠯᠲᠡ ᠳᠤ ᠮᠠᠰᠢ ᠰᠠᠶᠢᠨ ᠰᠠᠭᠤᠷᠢ ᠲᠠᠯᠪᠢᠵᠤ ᠥᠭᠴᠡᠢ᠃ ᠣᠣᠮᠧᠨ ᠥᠨᠥᠳᠥᠷ ᠤᠨ ᠰᠠᠶᠢᠨ ᠰᠠᠶᠢᠬᠠᠨ ᠪᠠᠶᠢᠳᠠᠯ ᠲᠠᠢ ᠪᠣᠯᠤᠭᠰᠠᠨ ᠳᠤ ᠲᠠ ᠨᠠᠷ ᠮᠠᠰᠢ ᠶᠡᠭᠡ ᠬᠤᠪᠢ ᠨᠡᠮᠡᠷᠢ ᠦᠵᠡᠭᠦᠯᠦᠭᠰᠡᠨ ᠶᠤᠮ ᠭᠡᠵᠦ ᠢᠯᠡᠳᠬᠡᠪᠡ᠃      ᠰᠢ ᠶᠢᠨ ᠫᠢᠩ᠂ ᠲᠠ ᠨᠠᠷ ᠤᠨ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠥ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠤ ᠬᠥᠭᠵᠢᠨ ᠪᠤᠵᠠᠭᠠᠶᠢᠷᠠᠬᠤ ᠶᠢ ᠲᠡᠮᠵᠢᠵᠥ᠂ ᠣᠣᠮᠧᠨ ᠪᠣᠯᠣᠨ ᠳᠣᠲᠣᠷ᠎ᠠ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠨᠡᠶᠢᠭᠡᠮ ᠳᠤ ᠲᠥᠪ ᠤᠨ ᠴᠢᠭᠯᠡᠯᠲᠡ ᠲᠦᠷᠤ ᠶᠢᠨ ᠪᠣᠳᠣᠯᠭ᠎ᠠ ᠶᠢ ᠤᠬᠠᠭᠤᠯᠵᠤ᠂ ᠣᠣᠮᠧᠨ ᠤ ᠲᠥᠯᠦᠪᠵᠢᠭᠦᠯᠭᠡ ᠶᠢᠨ ᠵᠢᠷᠤᠭ ᠲᠥᠰᠥᠪ ᠢ ᠲᠠᠨᠢᠯᠴᠠᠭᠤᠯᠵᠤ᠂ ᠣᠣᠮᠧᠨ ᠤ ᠦᠯᠢᠭᠡᠷ ᠢ ᠰᠠᠶᠢᠲᠤᠷ ᠶᠠᠷᠢᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠾᠧ ᠾᠧᠦ ᠬᠤᠸᠠ ᠪᠣᠯᠣᠨ ᠼᠦᠢ ᠱᠢ ᠠᠨ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ ᠵᠣᠷᠢᠭᠵᠢᠭᠤᠯᠤᠯ ᠳᠤ ᠲᠠᠯᠠᠷᠬᠠᠵᠤ᠂ ᠣᠣᠮᠧᠨ ᠪᠣᠯᠣᠨ ᠤᠯᠤᠰ ᠲᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠡᠯ᠎ᠡ ᠡᠲᠡᠭᠡᠳ ᠢ ᠪᠦᠯᠬᠦᠮᠳᠡᠭᠦᠯᠦᠨ ᠳᠠᠭᠠᠭᠤᠯᠵᠤ ᠣᠣᠮᠧᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠪᠦᠭᠦ ᠬᠦᠴᠦ ᠪᠠᠷ ᠢᠶᠠᠨ ᠳᠡᠮᠵᠢᠨ᠎ᠡ ᠭᠡᠵᠦ ᠢᠯᠡᠳᠬᠡᠪᠡ᠃      ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号