ᠮᠠᠨ ᠤ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ | ᠪᠠᠶᠠᠯᠢᠭ ᠢ ᠦᠷᠭᠦᠯᠵᠢᠯᠡᠨ ᠰᠠᠶᠢᠲᠤᠷ ᠤᠬᠠᠭᠤᠯᠵᠤ᠂ ᠰᠠᠶᠢᠲᠤᠷ ᠲᠠᠨᠢᠯᠴᠠᠭᠤᠯᠬᠤ ᠶᠢᠨ ᠲᠥᠯᠥᠭᠡ᠂ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ | ᠦᠵᠡᠭᠦᠯᠵᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠰᠢᠨ᠎ᠡ ᠦᠵᠡᠯ ᠰᠠᠨᠠᠭ᠎ᠠ ᠶᠢ ᠤᠯᠠᠮᠵᠢᠯᠠᠵᠤ᠂ | ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠰᠢᠨ᠎ᠡ ᠠᠮᠢᠳᠤᠷᠠᠯ ᠢ ᠴᠣᠭᠴᠠᠯᠠᠨ ᠪᠠᠶᠢᠭᠤᠯᠬᠤ ᠶᠢᠨ ᠲᠥᠯᠥᠭᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠲᠥᠪ ︽ᠤᠮᠠᠷᠠᠳᠤ ᠶᠢᠨ ᠠᠶᠠᠯᠠᠯ᠂ ᠦᠵᠡᠰᠭᠦᠯᠡᠩᠳᠥ ᠲᠠᠷᠬᠠᠨ ᠮᠤᠤᠮᠢᠩᠭᠠᠨ︾ ᠬᠡᠷᠡᠯ ᠵᠢᠷᠤᠭ ᠤᠨ | ᠤᠷᠤᠯᠳᠤᠭᠠᠨ ᠡᠷᠭᠢᠯᠡᠪᠡ᠃ | ᠤᠷᠤᠯᠳᠤᠭᠠᠨ ᠨᠢ ᠡᠬᠡ ᠪᠢᠴᠢᠭ ᠠᠪᠤᠭᠰᠠᠨ ᠠᠴᠠ ᠨᠠᠰᠢ᠂ ᠨᠡᠢᠲᠡ 1292 ᠬᠤᠪᠢ ᠪᠦᠲᠦᠭᠡᠯ ᠢ ᠬᠦᠯᠢᠶᠡᠨ | ᠠᠪᠴᠠᠢ᠃ ᠡᠬᠡ ᠪᠢᠴᠢᠭ ᠢ ᠡᠯᠰᠡᠬᠦ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠤᠷᠤᠯᠳᠤᠭᠠᠨ ᠤ ᠭᠤᠤᠯᠯᠠᠨ | ᠡᠷᠬᠢᠯᠡᠬᠦ ᠲᠠᠯ᠎ᠠ ᠠᠴᠠ ᠬᠡᠷᠡᠯ ᠵᠢᠷᠤᠭ ᠤᠨ ᠨᠠᠷᠠᠲᠤ ᠬᠥᠮᠦᠰ ᠵᠡᠷᠭᠡ ᠶᠢ ᠤᠷᠢᠵᠤ ᠰᠢᠯᠭᠠᠷᠠᠭᠤᠯᠬᠤ ᠺᠣᠮᠢᠰ ᠢ | ᠪᠦᠷᠢᠯᠳᠦᠭᠦᠯᠵᠦ᠂ ᠤᠷᠤᠯᠳᠤᠭᠠᠨ ᠤ ᠱᠠᠭᠠᠷᠳᠠᠯᠭ᠎ᠠ ᠶᠣᠰᠣᠭᠠᠷ ᠤᠷᠤᠯᠳᠤᠭᠠᠨ ᠤ ᠪᠦᠲᠦᠭᠡᠯ ᠨᠢᠭᠡᠪᠦᠷᠢ ᠶᠢ ᠨᠠᠷᠢᠨ | ᠬᠢᠨᠠᠮᠠᠭᠠᠶ᠂ ᠪᠤᠰᠤᠳᠴᠢ᠂ ᠲᠥᠪ ᠭᠤᠤᠯᠴᠢ ᠪᠠᠷ ᠬᠢᠨᠠᠨ ᠲᠣᠭᠲᠠᠭᠠᠵᠤ᠂ ᠰᠢᠯᠭᠠᠷᠠᠭᠤᠯᠬᠤ ᠺᠣᠮᠢᠰ ᠤᠨ ᠬᠢᠨᠠᠨ | ᠰᠢᠯᠭᠠᠷᠠᠭᠤᠯᠤᠯᠲᠠ ᠪᠠᠷ ᠳᠡᠮᠵᠢᠨ᠂ ᠡᠴᠦᠰ ᠲᠤ ᠨᠢᠭᠡᠳᠦᠭᠡᠷ ᠳᠡᠰ ᠤᠨ ᠱᠠᠩᠨᠠᠯ 5 ᠬᠤᠪᠢ ︵ᠳᠤᠭᠤᠶᠢᠯᠠᠩ︶᠂ | ᠬᠤᠶᠠᠳᠤᠭᠠᠷ ᠳᠡᠰ ᠤᠨ ᠱᠠᠩᠨᠠᠯ 10 ᠬᠤᠪᠢ ︵ᠳᠤᠭᠤᠶᠢᠯᠠᠩ︶᠂ ᠭᠤᠷᠪᠠᠳᠤᠭᠠᠷ ᠳᠡᠰ ᠤᠨ ᠱᠠᠩᠨᠠᠯ 20 ᠬᠤᠪᠢ | ︵ᠳᠤᠭᠤᠶᠢᠯᠠᠩ︶᠂ ᠰᠢᠯᠢᠳᠡᠭ ᠱᠠᠩᠨᠠᠯ 65ᠬᠤᠪᠢ ︵ᠳᠤᠭᠤᠶᠢᠯᠠᠩ︶ ᠰᠢᠯᠭᠠᠷᠠᠭᠤᠯᠪᠠ᠃ ᠤᠳᠤ ᠱᠠᠩᠨᠠᠯ | ᠣᠯᠤᠭᠰᠠᠨ ᠨᠡᠷᠡᠰ ᠢ ᠨᠡᠶᠢᠲᠡᠯᠡᠵᠦ᠂ ᠨᠡᠶᠢᠲᠡᠯᠡᠬᠦ ᠬᠤᠭᠤᠴᠠᠭ᠎ᠠ ᠨᠢ 2024 ᠣᠨ ᠤ 12 ᠳ᠋ᠤᠭᠠᠷ ᠰᠠᠷ᠎ᠠ ᠶᠢᠨ | 24 ᠤ ᠡᠳᠦᠷ ᠠᠴᠠ 30 ᠤ ᠡᠳᠦᠷ ᠪᠣᠯᠤᠨ᠎ᠠ᠃ | ᠠᠵᠢᠯᠲᠠᠳ ᠣᠶᠢᠷ᠎ᠠ ᠶᠢᠨ ᠬᠤᠭᠤᠴᠠᠭᠠᠨ ᠳᠤ ᠱᠠᠩᠨᠠᠯ ᠣᠯᠤᠭᠰᠠᠨ ᠵᠣᠬᠢᠶᠠᠭᠴᠢ ᠯᠤᠭ᠎ᠠ ᠱᠠᠩᠨᠠᠯ ᠤᠨ ᠮᠥᠩᠭᠦ | ᠣᠯᠭᠤᠬᠤ ᠳᠣᠬᠠᠢ ᠬᠠᠷᠢᠯᠴᠠᠵᠤ᠂ ᠱᠠᠩᠨᠠᠯ ᠣᠯᠤᠭᠰᠠᠨ ᠵᠣᠬᠢᠶᠠᠭᠴᠢ 2025 ᠣᠨ ᠤ 1 ᠰᠠᠷ᠎ᠠ ᠶᠢᠨ 20 ᠤ | ᠡᠳᠦᠷ ᠠᠴᠠ ᠡᠮᠦᠨ᠎ᠡ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠬᠠᠷᠢᠯᠴᠠᠬᠤ ᠤᠲᠠᠰᠤ᠂ ᠪᠠᠩᠬᠢ ᠶᠢᠨ | ᠲᠠᠩᠰᠠᠨ ᠤ ᠨᠣᠮᠧᠷ᠂ ᠲᠠᠩᠰᠠ ᠨᠡᠭᠡᠭᠡᠭᠰᠡᠨ ᠪᠠᠩᠬᠢ᠂ ᠰᠢᠦᠳᠠᠨ ᠬᠠᠶ᠋ᠢᠭ ᠵᠡᠷᠭᠡ ᠮᠡᠳᠡᠭᠡ ᠵᠠᠩᠭᠢ ᠪᠠᠨ ᠰᠢᠦᠳᠠᠨ | ᠬᠠᠶᠢᠷᠴᠠᠭ ︵dmqwwqzbss@126.com︶ ᠲᠤ ᠬᠦᠷᠭᠡᠵᠦ᠂ ᠰᠢᠤᠳᠠᠨ ᠤ ᠵᠦᠢᠯ ᠤᠨ ᠨᠡᠷ᠎ᠡ ᠪᠠᠨ | ︽ᠬᠡᠷᠡᠯ ᠵᠢᠷᠤᠭ ᠤᠨ ᠤᠷᠤᠯᠳᠤᠭᠠᠨ ᠤ ᠱᠠᠩᠨᠠᠯ ᠣᠯᠤᠭᠰᠠᠨ ᠮᠡᠳᠡᠭᠡ ᠵᠠᠩᠭᠢ︾ ᠪᠠᠷ ᠲᠣᠳᠣᠷᠬᠠᠶᠢᠯᠠᠭᠠᠷᠠᠢ᠃ | ᠱᠠᠩᠨᠠᠯ ᠤᠨ ᠮᠥᠩᠭᠦ ᠶᠢ ᠭᠤᠷᠪᠠᠳᠠᠬᠢ ᠡᠲᠡᠭᠡᠳ ᠠᠴᠠ ᠨᠢᠭᠡᠳᠦᠯᠲᠡᠶ ᠳᠠᠩᠰᠠ ᠰᠢᠯᠵᠢᠭᠦᠯᠦᠨ᠎ᠡ ︵ᠬᠤᠪᠢ ᠬᠥᠮᠦᠨ ᠤ | ᠠᠰᠢᠭ ᠣᠷᠣᠯᠭ᠎ᠠ ᠶᠢᠨ ᠭᠠᠶᠢᠯᠢ ᠶᠢ ᠣᠷᠣᠯᠠᠨ ᠰᠠᠭᠤᠯᠭᠠᠨ ᠠᠪᠤᠨ᠎ᠠ︶᠃ | |