ᠲᠡᠭᠡᠰᠦᠨ ᠬᠦᠷᠦᠮᠡᠯ ᠤᠨ ᠷᠢᠳᠢ ᠰᠢᠳᠢ
ᠨᠡᠶᠢᠲᠡᠯᠡᠭᠰᠡᠨ ᠴᠠᠭ᠄
2024/12/24
ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ      ᠶᠤᠸᠠᠨ ᠯᠢ ᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠤᠭᠤᠲᠤ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠲᠠᠷᠬᠠᠨ ᠮᠤᠤᠮᠢᠩᠭᠠᠨ ᠤ ᠬᠤᠪᠢᠶᠠᠷᠢ ᠲᠣᠪᠴᠢᠶ᠎ᠠ ᠳᠤ ᠠᠵᠢᠯᠯᠠᠵᠤ᠂ ᠤᠳᠬ᠎ᠠ ᠵᠣᠬᠢᠶᠠᠯ᠂ ᠰᠢᠯᠦᠭ ᠳᠠᠭᠤᠯᠠᠯ᠂ ᠨᠠᠶᠢᠷᠠᠭᠤᠯᠤᠯ ᠂ ᠭᠠᠷ ᠤᠷᠠᠯᠠᠯ  ᠳᠤ ᠲᠤᠷ᠎ᠠ ᠪᠠᠭ᠋ᠠᠳᠠᠢ ᠃ ᠬᠤᠰᠢᠭᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠭᠠᠷ ᠤᠷᠠᠯᠠᠯ ᠤᠨ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ  ᠬᠠᠷᠢᠭᠤᠴᠠᠵᠤ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠡᠮᠡᠭᠲᠡᠶᠢᠴᠦᠳ ᠤᠨ ᠭᠤᠶᠢᠳᠠ ᠰᠠᠶᠢᠬᠠᠨ ᠴᠤᠭ ᠵᠢᠪᠬᠤᠭ᠎ᠠ︾ ᠤᠨᠴᠠᠯᠢᠬᠳᠤ ᠭᠠᠷ ᠤᠷᠠᠯᠠᠯ ᠤᠨ ᠦᠵᠡᠭᠦᠯᠦᠯᠭᠡ ᠶᠢᠨ ᠠᠵᠢᠯᠯᠠᠭ᠎ᠠ ᠳᠤ ᠲᠡᠭᠦᠨ ᠤ ᠳᠡᠭᠡᠰᠦᠨ ᠬᠦᠷᠦᠮᠡᠯ ᠤᠨ ᠪᠦᠲᠦᠭᠡᠯ ᠤᠯᠠᠨ ᠤ ᠰᠠᠶᠢᠨ ᠦᠨᠡᠯᠡᠯᠲᠡ ᠶᠢ ᠣᠯᠵᠠᠢ᠃ ᠤᠯᠠᠨ ᠤᠳᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠷ ᠤᠷᠠᠯᠠᠯ ᠢ ᠤᠯᠠᠮᠵᠢᠯᠠᠵᠤ᠂ ᠵᠦᠪᠭᠡᠨ ᠪᠠᠭ᠋ᠠᠷᠬᠠᠯ ᠢ ᠤᠯᠵᠤ ᠪᠠᠶᠢᠭᠰᠠᠨ ᠠᠴᠠ ᠤᠯᠠᠨ  ᠤ ᠨᠤᠲᠠᠯᠠᠯᠲᠠ ᠶᠢ ᠤᠯᠵᠤ ᠂ ᠪᠤᠰᠤᠳ ᠲᠤ ᠪᠠᠶᠠᠷ ᠪᠠᠶᠠᠰᠤᠯ ᠢ ᠠᠪᠴᠢᠷᠠᠵᠤ ᠦᠭᠴᠤ᠂  ᠲᠡᠭᠡᠰᠦᠨ ᠭᠦᠷᠦᠮᠡᠯ ᠳᠠᠬᠢ ᠤᠳᠬ᠎ᠠ ᠤᠷᠠᠯᠢᠭ ᠤᠨ ᠢᠲᠡᠭᠡᠯ ᠵᠣᠷᠢᠭ ᠢ ᠨᠡᠩ ᠪᠠᠲᠤᠳᠬᠠᠪᠠ᠃ ᠲᠡᠭᠦᠨ ᠤ ᠭᠠᠷ ᠤᠷᠠᠯᠠᠯ ᠤᠨ ᠪᠦᠲᠦᠭᠡᠯ ᠨᠢ ᠴᠥᠮ ᠥᠪᠡᠷ ᠤᠨ ᠬᠤᠯᠪᠤᠨ ᠪᠤᠳᠤᠯᠳᠠ ᠪᠠᠨ ᠪᠠᠳᠠᠷᠠᠭᠤᠯᠵᠤ᠂ ᠠᠮᠢᠳᠤᠷᠠᠯ ᠠᠴᠠ ᠢᠷᠡᠯᠲᠡ ᠲᠠᠢ ᠪᠥᠭᠡᠳ ᠠᠮᠢᠳᠤᠷᠠᠯ ᠠᠴᠠ  ᠬᠦᠨ ᠪᠠᠶᠢᠵᠤ ᠂ ᠪᠦᠲᠦᠭᠡᠯ ᠨᠢᠭᠡᠪᠦᠷᠢ  ᠨᠢ ᠴᠥᠮ ᠰᠦᠭ ᠰᠦᠨᠡᠰᠦ ᠲᠠᠢ  ᠪᠠᠶᠢᠳᠠᠭ᠃
 
 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号