ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠤ ᠥᠷᠳᠡᠭ 41.97 ᠳ᠋ᠦᠩᠰᠢᠭᠤᠷ ᠲᠥᠭᠦᠷᠢᠭ ᠲᠤ ᠬᠦᠷᠪᠡ︕
ᠨᠡᠶᠢᠲᠡᠯᠡᠭᠰᠡᠨ ᠴᠠᠭ᠄
2024/12/24
      ᠣᠶᠢᠷ᠎ᠠ ᠳᠤ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠵᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ 2024 ᠣᠨ ᠤ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠳᠤ ᠰᠤᠩᠭᠤᠭᠳᠠᠵᠤ᠂ ᠨᠠᠷᠠᠲᠤ ᠲᠡᠮᠳᠡᠭᠲᠦ ᠶᠢᠨ ᠵᠢᠱᠢᠯᠳᠡ ᠥᠷᠲᠡᠭ ᠨᠢ 41.97 ᠳ᠋ᠦᠩᠰᠢᠭᠤᠷ ᠲᠥᠭᠦᠷᠢᠭ ᠲᠤ ᠬᠦᠷᠴᠦ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠥᠪᠥᠷ ᠮᠣᠩᠭᠤᠯ ᠤᠨ ᠨᠠᠷᠠᠲᠤ ᠲᠡᠮᠳᠡᠭᠲᠦ ᠪᠤᠶᠢᠵᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠡᠭᠦᠨ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠨᠡᠯᠢᠶᠡᠳ ᠣᠯᠠᠨ ᠠᠵᠤ ᠠᠬᠤᠶᠢᠯᠠᠯ ᠢᠷᠠᠭᠤ ᠠᠯᠳᠠᠷ ᠬᠦᠷᠲᠡᠪᠡ︕      2024 ᠣᠨ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠥᠷᠲᠡᠭ ᠤᠨ ᠦᠨᠡᠯᠡᠨ ᠵᠢᠱᠢᠯᠲᠡ ᠨᠢ 2023 ᠣᠨ ᠤ 30.78 ᠳ᠋ᠦᠩᠰᠢᠭᠤᠷ ᠲᠥᠭᠦᠷᠢᠭ ᠠᠴᠠ 36.9% ᠶᠢᠨ ᠵᠢᠯ ᠤᠨ ᠨᠡᠮᠡᠭᠳᠡᠯ ᠤᠨ ᠨᠣᠷᠮ᠎ᠠ ᠶᠢ ᠪᠡᠶᠡᠯᠡᠭᠦᠯᠵᠡᠶ᠂ ᠡᠨᠡ ᠬᠦ ᠠᠮᠵᠢᠯᠲᠠ ᠪᠦᠲᠦᠮᠵᠢ ᠨᠢ ᠬᠡᠷᠡᠭᠯᠡᠭᠴᠢᠳ ᠤᠨ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠶᠢᠨ ᠨᠠᠷᠠᠲᠤ ᠲᠡᠮᠳᠡᠭᠲᠦ ᠶᠢᠨ ᠲᠤᠬᠠᠶ ᠥᠷᠭᠡᠨ ᠳᠡᠯᠭᠡᠷ ᠲᠠᠨᠢᠯᠲᠠ ᠪᠠ ᠢᠲᠡᠭᠡᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠮᠥᠨ ᠴᠦ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠢᠯᠡᠳᠲᠡ ᠳᠡᠭᠡᠭᠰᠢᠯᠡᠯᠲᠡ ᠶᠢ ᠬᠠᠷᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ 3 ᠠᠵᠤ ᠠᠬᠤᠶᠢᠯᠠᠯ ᠤᠨ ᠨᠠᠷᠠᠲᠤ ᠲᠡᠮᠳᠡᠭ ᠨᠢ ᠥᠪᠥᠷ ᠮᠣᠩᠭᠤᠯ ᠤᠨ ᠰᠢᠯᠢᠳᠡᠭ ᠨᠠᠷᠠᠲᠤ ᠲᠡᠮᠳᠡᠭ ᠤᠨ ᠴᠣᠯᠠ ᠭᠥᠷᠳᠡᠵᠦ᠂ 2 ᠠᠵᠤ ᠠᠬᠤᠶᠢᠯᠠᠯ ᠤᠨ ᠨᠠᠷᠠᠲᠤ ᠲᠡᠮᠳᠡᠭ ᠨᠢ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢ ᠪᠤᠶᠢᠵᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠴᠣᠯᠠ ᠭᠥᠷᠳᠡᠵᠦ᠂ 5 ᠠᠵᠤ ᠠᠬᠤᠶᠢᠯᠠᠯ ᠤᠨ 18 ᠲᠠᠩ ᠪᠦᠲᠦᠭᠡᠭᠳᠡᠬᠦᠨ ᠥᠪᠥᠷ ᠮᠣᠩᠭᠤᠯ ᠤᠨ ᠵᠠᠭᠤᠨ ᠰᠢᠯᠢᠳᠡᠭ ᠲᠠᠷᠢᠶᠠᠯᠠᠩ ᠤᠨ ᠵᠢᠭᠤᠯᠴᠢᠯᠠᠯ ᠤᠨ ᠲᠠᠨᠢᠯᠴᠠᠭᠤᠯᠤᠭᠰᠠᠨ ᠪᠦᠲᠦᠭᠡᠭᠳᠡᠬᠦᠨ ᠤ ᠢᠷᠠᠭᠤ ᠠᠯᠳᠠᠷ ᠢ ᠭᠥᠷᠳᠡᠵᠦ᠂ ᠡᠨᠡ ᠨᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠴᠢᠯᠡᠭᠰᠡᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠥᠭᠡᠳ ᠪᠤᠰᠤᠳ ᠠᠵᠤ ᠠᠬᠤᠶᠢᠯᠠᠯ ᠳᠤ ᠴᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠥᠯᠢᠭᠡᠷ ᠳᠠᠭᠤᠷᠢᠶᠠᠯ ᠢ ᠪᠣᠶ ᠪᠣᠯᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠪᠣᠶ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢ ᠨᠠᠷᠠᠲᠤ ᠲᠥᠷᠥᠯ ᠲᠡᠮᠳᠡᠭᠵᠢᠭᠦᠯᠦᠨ ᠬᠥᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠬᠦᠴᠦᠨ ᠢ ᠨᠢᠭᠲᠠᠷᠠᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠠᠬᠢᠵᠢᠭᠦᠯᠦᠨ ᠥᠷᠭᠡᠳᠬᠡᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号