ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 20.0% ᠬᠦᠷᠴᠦ᠂ ᠪᠥᠬᠦ ᠤᠯᠤᠰ ︵5. | 8%︶ ᠠᠴᠠ 14.2 ᠵᠠᠭᠤᠨ ᠤ ᠴᠡᠭ ᠥᠨᠳᠥᠷ ᠪᠣᠯᠵᠤ᠂ ᠪᠥᠬᠦ ᠬᠤᠲᠠ ︵14.5%︶ ᠠᠴᠠ 5.5 ᠵᠠᠭᠤᠨ ᠤ | ᠴᠡᠭ ᠥᠨᠳᠥᠷ ᠪᠣᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ︵14.5%︶ ᠠᠴᠠ 5.5 ᠵᠠᠭᠤᠨ ᠤ ᠴᠡᠭ | ᠨᠡᠮᠡᠭᠳᠡᠪᠡ᠃ | ᠨᠢᠭᠡ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠣᠨᠴᠠᠯᠢᠭ | ᠲᠠᠪᠤᠨ ᠬᠤᠪᠢ ᠠᠴᠠ ᠳᠡᠭᠡᠭᠰᠢᠬᠢ ᠠᠵᠢᠯ ᠲᠥᠷᠥᠯ ᠡᠶᠡᠷᠡᠬᠦ ᠨᠡᠮᠡᠭᠳᠡᠵᠦ᠂ ᠰᠢᠨ᠎ᠡ ᠪᠠᠷ ᠬᠥᠮᠥᠷᠭᠡ ᠳᠤ | ᠣᠷᠣᠭᠰᠠᠨ ᠠᠵᠤ ᠠᠬᠤᠶᠢᠯᠠᠯ ᠤᠨ ᠳᠠᠶᠢᠴᠢᠯᠠᠯᠲᠠ ᠬᠦᠴᠦᠲᠡᠢ ᠪᠠᠶᠢᠵᠤ᠂ ᠢᠯᠠᠩᠭᠤᠶ᠎ᠠ ᠬᠢᠮᠢ ᠶᠢᠨ ᠲᠦᠭᠦᠬᠡᠢ | ᠮᠠᠲ᠋ᠧᠷᠢᠶᠠᠯ ᠪᠣᠯᠣᠨ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠨᠡᠮᠡᠭᠳᠡᠯ ᠢ ᠬᠥᠲᠥᠯᠥᠨ ᠳᠠᠭᠠᠭᠤᠯᠵᠤ᠂ | ᠲᠠᠷᠢᠶᠠᠯᠠᠩ ᠬᠤᠯᠢᠰᠢᠨ ᠢᠳᠡᠭᠡᠨ ᠤ ᠵᠦᠢᠯ ᠢ ᠪᠣᠯᠪᠠᠰᠤᠷᠠᠭᠤᠯᠬᠤ ᠦᠢᠯᠡᠰ ᠪᠣᠯᠣᠨ ᠬᠠᠷ᠎ᠠ ᠲᠡᠮᠦᠷᠯᠢᠭ ᠤᠨ | ᠠᠭᠤᠷᠬᠠᠢ ᠶᠢᠨ ᠬᠦᠳᠡᠷ ᠰᠢᠯᠢᠬᠦ ᠦᠢᠯᠡᠰ ᠦᠷᠭᠦᠯᠵᠢᠯᠡᠨ ᠬᠦᠴᠦᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 1554.5% ᠨᠡᠮᠡᠭᠳᠡᠵᠦ᠂ | ᠲᠠᠷᠢᠶᠠᠯᠠᠩ ᠬᠤᠯᠢᠰᠢᠨ ᠢᠳᠡᠭᠡᠨ ᠤ ᠵᠦᠢᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 1331. | 1% ᠨᠡᠮᠡᠭᠳᠡᠵᠦ᠂ ᠬᠠᠷ᠎ᠠ ᠲᠡᠮᠦᠷᠯᠢᠭ ᠤᠨ ᠠᠭᠤᠷᠬᠠᠢ ᠶᠢᠨ ᠬᠦᠳᠡᠷ ᠰᠢᠯᠢᠬᠦ ᠦᠢᠯᠡᠰ ᠤᠨ ᠨᠡᠮᠡᠭᠳᠡᠯ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 16.4% ᠨᠡᠮᠡᠭᠳᠡᠪᠡ᠃ | ᠬᠤᠶᠠᠷ᠂ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠠᠰᠠᠭᠤᠳᠠᠯ | ᠨᠢᠭᠡ ᠳᠤ᠂ ᠭᠠᠷᠤᠯᠲᠠ ᠪᠠᠨ ᠪᠠᠭᠠᠰᠬᠠᠬᠤ ᠠᠵᠤ ᠠᠬᠤᠶᠢᠯᠠᠯ ᠦᠷᠭᠦᠯᠵᠢᠯᠡᠨ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠬᠠᠷᠰᠢ ᠰᠠᠭᠠᠳ ᠲᠤ ᠤᠴᠠᠷᠠᠪᠠ᠃ ᠲᠦᠷᠦᠭᠦᠤ ᠭᠤᠷᠪᠠᠨ | ᠤᠯᠠᠷᠢᠯ ᠳᠤ᠂ ᠦᠢᠯᠡᠳᠬᠦᠨ ᠤ ᠦᠨ᠎ᠡ ᠬᠠᠩᠰᠢ ᠪᠠᠭᠤᠷᠠᠭᠰᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠭᠠᠰᠤᠭᠰᠠᠨ᠂ | ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠠᠶᠢᠴᠠᠭᠠᠨ ᠵᠠᠰᠠᠭᠰᠠᠨ ᠵᠡᠷᠭᠡ ᠬᠦᠴᠦᠨ ᠵᠦᠢᠯ ᠤᠨ | ᠨᠥᠯᠥᠭᠡ ᠠᠴᠠ ᠪᠣᠯᠵᠤ᠂ ᠪᠥᠬᠦ ᠬᠤᠰᠢᠭᠤᠨ ᠤ 59 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ | ᠨᠡᠶᠢᠲᠡ 3 ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠵᠣᠭᠰᠣᠭᠠᠨ ᠪᠠᠭᠠᠰᠬᠠᠭᠰᠠᠨ ᠨᠢ᠂ ᠪᠥᠬᠦ ᠬᠤᠰᠢᠭᠤᠨ ᠤ | ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ | ᠦᠷᠭᠦᠯᠵᠢᠯᠡᠨ ᠳᠠᠷᠤᠯᠲᠠ ᠦᠵᠡᠭᠦᠯᠪᠡ᠃ | ᠬᠤᠶᠠᠷ ᠲᠤ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠢᠯᠯᠠᠭᠠᠨ ᠮᠠᠭᠤᠳᠠᠵᠤ᠂ ᠠᠵᠤ ᠦᠢᠯᠡᠳᠪᠦᠷᠢ ᠶᠢᠨ | ᠨᠡᠮᠡᠭᠳᠡᠯ ᠤᠨ ᠨᠥᠭᠡᠴᠡ ᠬᠦᠴᠦᠨ ᠮᠡᠬᠦᠰᠳᠡᠵᠦ ᠪᠠᠶᠢᠨ᠎ᠠ᠃ ᠡᠨᠡ ᠵᠢᠯ ᠠᠴᠠ ᠨᠠᠭᠠᠰᠢ᠂ ᠵᠠᠬ᠎ᠠ ᠳᠡᠯᠭᠡᠭᠦᠷ ᠤᠨ | ᠬᠡᠷᠡᠭᠴᠡᠭᠡ ᠪᠠᠭᠠᠰᠤᠭᠰᠠᠨ᠂ ᠴᠠᠬᠢᠯᠭᠠᠨ ᠤ ᠲᠣᠣᠷ ᠤᠨ ᠦᠨ᠎ᠡ ᠪᠠᠭᠤᠷᠠᠭᠰᠠᠨ᠂ ᠪᠠᠶᠢᠭᠠᠯᠢ ᠶᠢᠨ ᠥᠩᠭᠡ | ᠦᠵᠡᠮᠵᠢ ᠶᠢᠨ ᠬᠦᠴᠦᠨ ᠵᠦᠢᠯ ᠤᠨ ᠭᠠᠷᠤᠯᠲᠠ ᠬᠠᠰᠤᠭᠳᠠᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ | ᠪᠣᠯᠵᠤ᠂ ᠪᠥᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠶᠡᠷᠦᠩᠬᠡᠢ ᠳᠤ ᠪᠠᠨ | ᠪᠠᠭᠤᠷᠠᠬᠤ ᠬᠠᠨᠳᠤᠰᠢ ᠲᠠᠢ ᠪᠣᠯᠤᠭᠰᠠᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 16.6% ᠪᠠᠷ ᠪᠠᠭᠤᠷᠠᠵᠤ᠂ | ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠠᠵᠢᠯ ᠲᠥᠷᠥᠯ ᠤᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 21.47% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠦᠷᠭᠦᠯᠵᠢᠯᠡᠨ ᠨᠡᠮᠡᠭᠳᠡᠬᠦ ᠶᠢ ᠬᠢᠵᠠᠭᠠᠷᠯᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠨᠥᠭᠡᠴᠡ ᠬᠦᠴᠦᠨ | ᠬᠦᠴᠦᠨ ᠮᠡᠬᠦᠰᠳᠡᠵᠦ ᠪᠠᠶᠢᠨ᠎ᠠ᠃ | ᠭᠤᠷᠪᠠ᠂ ᠰᠠᠨᠠᠭᠤᠯᠭ᠎ᠠ | ᠨᠢᠭᠡ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠲᠣᠭᠲᠠᠭᠤᠨ | ᠨᠡᠮᠡᠭᠳᠡᠯ ᠢ ᠠᠬᠢᠭᠤᠯᠤᠨ᠎ᠠ᠃ ᠠᠵᠤ ᠦᠢᠯᠡᠳᠪᠦᠷᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠪᠠᠳᠠᠷᠠᠭᠤᠯᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠩᠬᠠᠷᠤᠯ ᠤᠨ ᠡᠷᠴᠢᠮ ᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠠᠵᠢᠯ ᠲᠥᠷᠥᠯ ᠤᠨ ᠠᠵᠢᠯᠯᠠᠭᠠᠨ ᠤ ᠴᠢᠨᠠᠷ ᠴᠢᠨᠰᠠᠭ᠎ᠠ ᠶᠢ ᠨᠢᠭᠲᠠ | ᠠᠩᠬᠠᠷᠴᠤ᠂ ᠢᠯᠠᠩᠭᠤᠶ᠎ᠠ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ ᠳᠣᠷᠣᠭᠰᠢ ᠲᠠᠲᠠᠭᠰᠠᠨ ᠨᠢ | ᠨᠡᠯᠢᠶᠡᠳ ᠶᠡᠭᠡ ᠪᠠᠶᠢᠭ᠎ᠠ ᠠᠵᠢᠯ ᠲᠥᠷᠥᠯ ᠵᠢᠴᠢ ᠦᠢᠯᠡᠳᠪᠦᠷᠢᠯᠡᠯ ᠢᠶᠠᠨ ᠵᠣᠭᠰᠣᠭᠠᠨ ᠪᠠᠭᠠᠰᠬᠠᠭᠰᠠᠨ ᠠᠵᠤ | ᠠᠬᠤᠶᠢᠯᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠴᠠᠭᠠᠨ | ᠵᠠᠰᠠᠬᠤ ᠬᠤᠭᠤᠴᠠᠭ᠎ᠠ ᠶᠢ ᠠᠯᠢ ᠴᠢᠳᠠᠬᠤ ᠪᠠᠷ ᠪᠣᠭᠤᠨᠢᠰᠬᠠᠵᠤ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ | ᠠᠬᠤᠶᠢᠯᠠᠯ ᠢ ᠲᠠᠬᠢᠨ ᠦᠢᠯᠡᠳᠪᠦᠷᠢᠯᠡᠵᠦ᠂ ᠦᠢᠯᠡᠳᠪᠦᠷᠢᠯᠡᠯ ᠢᠶᠠᠨ ᠪᠠᠭᠠᠰᠬᠠᠭᠰᠠᠨ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠥᠷᠭᠡᠳᠬᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠳᠤᠮᠳᠠᠬᠢ ︽ᠬᠦᠯᠢᠶᠡᠰᠦ︾ ᠶᠢ ᠴᠢᠷᠮᠠᠶᠢᠨ ᠠᠷᠢᠯᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠠᠮᠢᠵᠢᠷᠠᠯ ᠤᠨ ᠬᠦᠴᠦᠨ ᠢ ᠴᠢᠷᠮᠠᠶᠢᠨ ᠪᠤᠶᠢᠵᠢᠭᠤᠯᠤᠨ ᠬᠥᠭᠵᠢᠭᠡᠵᠦ᠂ ᠠᠵᠤ ᠠᠬᠤᠶᠢᠯᠠᠯ ᠤᠨ ᠬᠥᠭᠵᠢᠯᠲᠡ ᠳᠤ | ᠦᠨᠡᠨ ᠬᠦ ᠬᠦᠴᠦᠨ ᠨᠡᠮᠡᠷᠢᠯᠡᠵᠦ᠂ ᠠᠵᠤ ᠠᠬᠤᠶᠢᠯᠠᠯ ᠢ ᠬᠠᠪᠰᠤᠷᠤᠨ ᠡᠷᠲᠡᠬᠡᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠨ᠂ ᠭᠠᠷᠤᠯᠲᠠ ᠪᠠᠨ ᠨᠡᠮᠡᠭᠳᠡᠭᠦᠯᠦᠨ ᠦᠷ᠎ᠡ ᠪᠦᠲᠦᠮᠵᠢ ᠭᠠᠷᠭᠠᠵᠤ᠂ ᠪᠦᠬᠦ | ᠬᠤᠳᠠ ᠶᠢᠨ ᠠᠵᠤ ᠦᠢᠯᠡᠳᠪᠦᠷᠢ ᠶᠢᠨ ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ | | ᠬᠤᠶᠠᠷ ᠲᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠣᠷᠣᠭᠤᠯᠤᠨ ᠠᠪᠴᠢᠷᠠᠬᠤ ᠪᠠ | ᠪᠤᠶᠢᠵᠢᠭᠤᠯᠬᠤ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ ᠮᠠᠨ ᠤ ᠬᠤᠲᠠ ᠶᠢᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠳᠣ ᠪᠠᠶᠢᠭ᠎ᠠ | ᠦᠢᠯᠡᠳᠬᠦ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠵᠤ᠂ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ | ᠠᠬᠢᠭᠤᠯᠤᠨ᠎ᠠ᠃ ᠤᠯᠤᠰ ᠤᠨ ︽ᠬᠤᠶᠠᠷ ᠢ ᠴᠢᠬᠤᠯᠠᠴᠢᠯᠠᠵᠤ ᠬᠤᠶᠠᠷ ᠢ ᠰᠢᠨᠡᠳᠬᠡᠬᠦ︾ ᠭᠤᠣᠯᠳᠠᠯᠭ᠎ᠠ ᠲᠠᠢ | ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠡᠬᠢ ᠪᠠᠶᠠᠯᠢᠭ ᠤᠨ | ᠲᠥᠷᠥᠯᠬᠢ ᠠᠪᠢᠶᠠᠰ ᠬᠢᠭᠡᠳ ᠠᠵᠤ ᠦᠢᠯᠡᠰ ᠤᠨ ᠰᠠᠭᠤᠷᠢ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠲᠥᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ | ᠪᠠ ᠪᠤᠶᠢᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠦᠲᠦᠭᠡᠭᠳᠡᠬᠦᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠭᠦᠨᠵᠡᠭᠡᠢ ᠪᠣᠯᠪᠠᠰᠤᠷᠠᠭᠤᠯᠬᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ︔ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠰᠢᠨ᠎ᠡ ᠡᠨᠧᠷᠭᠢ ᠶᠢᠨ | ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠲᠦᠷᠭᠡᠳᠬᠡᠨ | ᠠᠬᠢᠭᠤᠯᠵᠤ᠂ ᠣᠨᠴᠠᠯᠢᠭᠲᠤ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢᠨ ᠳᠡᠰ ᠳᠡᠪᠰᠢᠬᠦ ᠶᠢ ᠠᠬᠢᠭᠤᠯᠤᠨ᠎ᠠ᠃ |