︽ᠲᠡᠭᠷᠢ ᠤᠯᠠᠮ ᠠᠴᠠ ᠤᠯᠠᠮ ᠬᠦᠢᠲᠡᠷᠡᠵᠦ ᠪᠠᠶᠢᠨ᠎ᠠ᠂ ᠪᠢᠳᠡ ᠭᠠᠳᠠᠨ᠎ᠠ ᠡᠳᠦᠷᠵᠢᠨ ᠢᠶᠠᠨ ᠭᠦᠶᠦᠯᠳᠦᠨ᠎ᠡ᠂ | ᠠᠳᠡ ᠤᠰᠤ ᠤᠤᠭᠤᠬᠤ ᠮᠠᠰᠢᠨ᠂ ᠠᠮᠠᠷᠠᠯᠲᠠ ᠶᠢᠨ ᠭᠠᠵᠠᠷ ᠪᠠᠶᠢᠨ᠎ᠠ᠂ ᠣᠯᠠᠨ ᠢᠶᠠᠷ ᠢᠶᠠᠨ ᠠᠳᠡ ᠨᠢᠭᠡ ᠴᠣᠮᠣ | ᠬᠠᠯᠠᠭᠤᠨ ᠤᠰᠤ ᠤᠤᠭᠤᠵᠤ᠂ ᠬᠥᠯ ᠢᠶᠠᠨ ᠠᠮᠠᠷᠠᠭᠠᠵᠤ ᠪᠣᠯᠣᠨ᠎ᠠ᠂ ᠰᠡᠳᠬᠢᠯ ᠢ ᠳᠤᠯᠠᠭᠠᠴᠠᠭᠤᠯᠬᠤ ᠥᠷᠲᠡᠭᠡ ᠶᠢ | ᠬᠡᠷᠡᠭᠯᠡᠭᠰᠡᠨ ᠠᠴᠠ ᠬᠤᠶᠢᠰᠢ ᠪᠢᠳᠡ ᠡᠳᠦᠷ ᠪᠦᠷᠢ ᠵᠠᠮ ᠥᠩᠭᠡᠷᠡᠬᠦ ᠳᠤ ᠣᠷᠣᠵᠤ ᠢᠷᠡᠭᠡᠳ ᠵᠢᠭᠠᠬᠠᠨ ᠠᠮᠠᠷᠠᠨ᠎ᠠ︾ | ᠭᠡᠵᠦ ᠬᠤᠭᠤᠯᠠ ᠬᠦᠷᠭᠡᠭᠴᠢ ᠴᠢ᠊﹒ ᠮᠠᠨᠳᠤᠯ᠎ᠠ ᠤᠰᠤ ᠤᠤᠭᠤᠬᠤ ᠶᠢᠨ ᠳᠠᠭᠠᠤ ᠬᠡᠯᠡᠨ᠎ᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪᠦᠯ ᠤᠨ ᠤᠯᠠᠷᠢᠯ ᠳᠤ ᠬᠠᠬᠢᠷ ᠬᠦᠢᠲᠡᠨ ᠪᠠᠶᠢᠭᠰᠠᠨ | ᠴᠤ᠂ ᠥᠴᠥᠬᠡᠨ ᠲᠡᠳᠦᠢ ᠬᠠᠶᠢᠷ᠎ᠠ ᠬᠠᠯᠠᠮᠵᠢ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ︽ᠪᠠᠭ᠎ᠠ ᠲᠤᠰᠬᠠᠢ︾ ᠨᠠᠮ ᠤᠨ ᠪᠠᠶᠢᠭᠤᠯᠤᠯᠲᠠ ᠶᠢᠨ ᠠᠵᠢᠯ ᠤᠨ | ᠳᠠᠪᠬᠤᠷ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ | ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ ᠥᠷᠭᠡᠳᠬᠡᠵᠦ᠂ ᠶᠠᠪᠠᠭᠠᠨ ᠵᠠᠮ ᠤᠨ ᠪᠠᠷᠠᠭᠤᠨ ᠵᠡᠭᠡᠯᠢ ᠶᠢᠨ | ᠾᠧᠦ ᠳ᠋ᠣᠣ ᠡᠮ ᠤᠨ ᠦᠷᠦᠭᠡ᠂ ᠪᠠᠢ ᠯᠢᠩ ᠶᠡᠭᠡ ᠵᠡᠭᠡᠯᠢ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ︵ | ᠸᠠᠨ ᠾᠧ ᠶᠡᠭᠡ ᠪᠠᠭᠤᠳᠠᠯ ᠤᠨ ᠡᠰᠡᠷᠭᠦ ᠲᠠᠯ᠎ᠠ︶᠂ ᠶᠢᠨ ᠰᠠᠨ ᠵᠢᠶᠣᠣ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠪᠣᠯᠣᠨ ᠪᠠᠢ ᠯᠢᠩ ᠺᠠᠩ ᠶᠡᠭᠡ ᠡᠮ ᠤᠨ ᠦᠷᠦᠭᠡ ︵ ᠶᠢᠨ ᠰᠠᠨ ᠵᠢᠶᠣᠣ ᠡᠮ ᠤᠨ ᠳᠡᠯᠭᠡᠭᠦᠷ︶ ᠵᠡᠷᠭᠡ | ᠳᠦᠷᠪᠡᠨ ᠭᠠᠵᠠᠷ ᠲᠤ ᠲᠣᠰᠪᠣᠷᠢ ︽ᠰᠡᠳᠬᠢᠯ ᠢ ᠳᠤᠯᠠᠭᠠᠴᠠᠭᠤᠯᠬᠤ ᠦᠷᠳᠡᠭᠡ︾ ᠪᠠᠶᠢᠭᠤᠯᠵᠠᠢ᠃ | ︽ᠨᠢᠳᠤᠨᠤᠨ᠂ ᠮᠠᠨ ᠤ ᠳᠡᠯᠭᠡᠭᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠷᠢᠶᠠᠯᠠᠭ᠎ᠠ ᠶᠢ ᠳᠠᠭᠠᠵᠤ᠂ ᠮᠠᠨ ᠤ ᠬᠤᠰᠢᠭᠤᠨ ᠤ ᠠᠩᠬᠠᠳᠠᠭᠴᠢ | ᠰᠡᠳᠬᠢᠯ ᠳᠤᠯᠠᠭᠠᠴᠠᠭᠤᠯᠬᠤ ᠥᠷᠲᠡᠭᠡ ᠶᠢ ᠪᠠᠶᠢᠭᠤᠯᠵᠠᠢ᠂ ᠤᠯᠠᠭ᠎ᠠ ᠥᠷᠲᠡᠭᠡ ᠬᠡᠳᠦᠶᠢᠪᠡᠷ ᠪᠠᠭ᠎ᠠ ᠪᠣᠯᠪᠠᠴᠤ | ᠵᠠᠬᠢᠶᠠᠯᠠᠭ᠎ᠠ ᠶᠢᠨ ᠬᠤᠭᠤᠯᠠ ᠬᠦᠷᠭᠡᠳᠡᠭ ᠠᠵᠢᠯᠲᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠠᠵᠢᠯᠴᠢᠳ ᠲᠤ ᠦᠨᠳᠦᠰᠦᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ ᠬᠠᠩᠭᠠᠵᠤ᠂ | ᠡᠳᠦᠷ ᠲᠤᠲᠤᠮ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠢ︾ ᠭᠡᠵᠦ ᠶᠠᠪᠠᠭᠠᠨ ᠪᠠᠷᠠᠭᠤᠨ ᠵᠡᠭᠡᠯᠢ ᠶᠢᠨ ᠾᠧᠦ | ᠳ᠋ᠣᠣ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠴᠧᠩ ᠶᠠᠨ ᠮᠧᠢ ᠲᠠᠨᠢᠯᠴᠠᠭᠤᠯᠪᠠ᠃ ︽ᠰᠡᠳᠬᠢᠯ ᠢ | ᠳᠤᠯᠠᠭᠠᠴᠠᠭᠤᠯᠬᠤ ᠥᠷᠲᠡᠭᠡ︾ ᠪᠣᠯ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ | ᠦᠢᠯᠡᠴᠢᠯᠡᠭᠡ ᠬᠠᠩᠭᠠᠬᠤ ᠴᠢᠬᠤᠯᠠ ᠠᠴᠢᠶᠠᠯᠠᠪᠤᠷᠢ ᠮᠥᠨ᠂ ᠮᠥᠨ ᠴᠦ ᠬᠤᠲᠠ ᠶᠢᠨ ᠵᠠᠰᠠᠯᠲᠠ ᠶᠢ ᠰᠦᠪᠡᠭᠴᠢᠯᠡᠬᠦ᠂ | ᠰᠠᠭᠤᠭᠠᠯᠢ ᠠᠷᠠᠳ ᠲᠤ ᠦᠢᠯᠡᠴᠢᠯᠡᠬᠦ ᠬᠦᠴᠦᠲᠡᠢ ᠠᠷᠭ᠎ᠠ ᠬᠡᠮᠵᠢᠶ᠎ᠡ ᠮᠥᠨ᠂ ︽ᠰᠡᠳᠬᠢᠯ ᠢ ᠳᠤᠯᠠᠭᠠᠴᠠᠭᠤᠯᠬᠤ | ᠥᠷᠲᠡᠭᠡ︾ ᠶᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠡᠷᠡᠭᠯᠡᠵᠦ᠂ ᠥᠷᠭᠡᠨ ᠣᠯᠠᠨ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠳᠤ | ᠦᠢᠯᠡᠴᠢᠯᠡᠭᠡ ᠬᠦᠷᠲᠡᠭᠡᠵᠦ᠂ ᠲᠡᠳᠡᠨ ᠳᠤ ᠬᠠᠯᠠᠭᠤᠨ ᠳᠤᠯᠠᠭᠠᠨ ᠬᠦᠷᠲᠡᠭᠡᠨ᠎ᠡ᠃ | ᠬᠥᠬᠡᠭᠡ ᠡᠪᠦᠯ ᠤᠨ ᠤᠯᠠᠷᠢᠯ ᠳᠤ᠂ ᠭᠡᠷ ᠤᠨ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠲᠦᠷᠭᠡᠨ ᠬᠦᠷᠭᠡᠯᠲᠡ ᠶᠢᠨ ᠠᠵᠢᠯ ᠬᠢᠭᠰᠡᠳ ᠵᠡᠷᠭᠡ ᠬᠥᠳᠡᠯᠮᠦᠷᠢᠴᠢᠳ ᠲᠤ ᠠᠪᠴᠤ ᠬᠡᠯᠡᠪᠡᠯ᠂ ᠠᠵᠢᠯ ᠤᠨ ᠣᠷᠴᠢᠨ | ᠲᠣᠭᠤᠷᠢᠨ ᠨᠢ ᠨᠠᠩ ᠪᠡᠷᠬᠡ ᠬᠠᠲᠠᠭᠤᠵᠢᠯᠲᠠᠢ ᠪᠠᠶᠢᠳᠠᠭ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠᠶᠢᠭᠤᠯᠤᠭᠰᠠᠨ ᠳᠥᠷᠪᠡᠨ ᠭᠠᠵᠠᠷ ᠤᠨ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠶᠢᠨ ᠡᠵᠡᠯᠡᠬᠦ ᠲᠠᠯᠠᠪᠠᠶ ᠨᠢ | ᠬᠡᠳᠦᠶᠢᠪᠡᠷ ᠲᠡᠶᠢᠮᠦ ᠶᠡᠭᠡ ᠪᠢᠰᠢ ᠪᠣᠯᠪᠠᠴᠤ᠂ ᠭᠡᠪᠡᠴᠦ ᠲᠡᠭᠦᠨ ᠤ ᠳᠣᠲᠣᠷᠠᠬᠢ ᠤᠰᠤ ᠤᠤᠭᠤᠬᠤ ᠮᠠᠰᠢᠨ᠂ ᠪᠢᠴᠢᠯ | ᠳᠣᠯᠭᠢᠶᠠᠨ ᠤ ᠵᠤᠤᠬ᠎ᠠ᠂ ᠪᠠᠴᠢᠮ ᠪᠠᠶᠢᠳᠠᠯ ᠢ ᠠᠷᠭᠠᠴᠠᠭᠠᠬᠤ ᠡᠮ ᠵᠡᠷᠭᠡ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠬᠦᠭᠡᠷᠦᠮᠵᠢ ᠨᠢ ᠴᠥᠮ ᠪᠦᠷᠢᠨ ᠪᠠᠶᠢᠳᠠᠭ ᠪᠣᠯᠬᠤᠷ ᠠᠳᠡ ᠬᠥᠮᠥᠰ ᠬᠥᠯ ᠠᠮᠠᠷᠠᠵᠤ᠂ ᠭᠠᠷ | ᠤᠲᠠᠰᠤᠨ ᠳᠤ ᠪᠠᠨ ᠴᠠᠬᠢᠯᠭᠠᠨ ᠴᠡᠨᠡᠭᠯᠡᠵᠦ ᠪᠣᠯᠣᠨ᠎ᠠ ᠁ ᠁ ᠦᠨᠡᠬᠡᠷ ︽ᠬᠦᠢᠲᠡᠨ ᠳᠤ ᠳᠤᠯᠠᠭᠠᠯᠠᠵᠤ | ᠪᠣᠯᠬᠤ᠂ ᠬᠠᠯᠠᠭᠤᠨ ᠳᠤ ᠰᠡᠷᠢᠭᠦᠴᠡᠵᠦ ᠪᠣᠯᠬᠤ᠂ ᠭᠤᠷᠪᠠᠨ ᠡᠷᠢᠨ ᠤ ᠬᠤᠭᠤᠯᠠ ᠴᠠᠭ ᠲᠤ ᠪᠠᠨ᠂ ᠡᠪᠡᠳᠴᠢᠯᠡᠵᠦ | ᠰᠠᠨᠳᠤᠷᠬᠤ ᠳᠤ ᠡᠮᠴᠢᠯᠡᠭᠡᠨ ᠤ ᠡᠮ ᠲᠠᠢ︾ ᠪᠠᠶᠢᠵᠤ᠂ ᠭᠡᠷ ᠤᠨ ᠭᠠᠳᠠᠨᠠᠬᠢ ᠬᠥᠳᠡᠯᠮᠦᠷᠢᠴᠢᠳ ᠤᠨ ᠠᠵᠢᠯᠯᠠᠬᠤ | ᠦᠶ᠎ᠡ ᠶᠢᠨ ᠬᠠᠮᠤᠭ ᠤᠨ ᠲᠤᠯᠭᠠᠮ᠎ᠠ ᠱᠠᠭᠠᠷᠳᠠᠯᠭ᠎ᠠ ᠶᠢ ᠬᠠᠩᠭᠠᠵᠤ ᠴᠢᠳᠠᠬᠤ ᠶᠤᠮ᠃ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠬᠠᠶᠢᠷ᠎ᠠ ᠬᠠᠯᠠᠮᠵᠢ ᠶᠢᠨ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠠᠢ ᠬᠠᠮᠲᠤ ᠪᠠᠷ ᠰᠡᠳᠬᠢᠯ ᠢ | ᠳᠤᠯᠠᠭᠠᠴᠠᠭᠤᠯᠬᠤ ᠥᠷᠲᠡᠭᠡ ᠶᠢ ᠪᠠᠶᠢᠭᠤᠯᠵᠤ᠂ ᠰᠢᠨ᠎ᠡ ᠠᠵᠢᠯ ᠣᠯᠣᠭᠰᠠᠳ᠂ ᠨᠢᠭᠡᠳᠦᠭᠡᠷ ᠹᠷᠣᠨᠲ ᠤᠨ ᠭᠡᠷ ᠤᠨ | ᠭᠠᠳᠠᠨᠠᠬᠢ ᠠᠵᠢᠯᠲᠠᠳ ᠤᠨ ᠦᠨᠡᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠡᠳᠡᠨ ᠳᠤ ᠨᠠᠩ | ᠳᠥᠭᠦᠮ ᠳᠥᠲᠡ᠂ ᠲᠠᠭᠠᠯᠠᠮᠵᠢᠲᠠᠢ᠂ ᠬᠠᠯᠠᠭᠤᠨ ᠳᠤᠯᠠᠭᠠᠨ ᠥᠷᠲᠡᠭᠡᠨ ᠤ ᠦᠢᠯᠡᠴᠢᠯᠡᠭᠡ ᠬᠠᠩᠭᠠᠨ᠎ᠠ︾ ᠭᠡᠵᠦ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠤ ᠮᠢᠨ ᠢᠯᠡᠷᠬᠡᠶᠢᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠰᠡᠳᠬᠢᠯ ᠢ ᠳᠤᠯᠠᠭᠠᠴᠠᠭᠤᠯᠬᠤ ᠦᠷᠳᠡᠭᠡ︾ ᠨᠢ | ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠬᠥᠳᠡᠯᠮᠦᠷᠢᠴᠢᠳ ᠤᠨ ︽ᠬᠥᠯ ᠠᠮᠠᠷᠠᠬᠤ ᠭᠠᠵᠠᠷ︾᠂ ︽ᠰᠠᠯᠬᠢ | ᠳᠠᠯᠳᠠᠯᠠᠬᠤ ᠭᠠᠷᠠᠮ︾᠂ ︽ᠰᠡᠳᠬᠢᠯ ᠢ ᠳᠤᠯᠠᠭᠠᠴᠠᠭᠤᠯᠬᠤ ᠭᠠᠵᠠᠷ︾ ᠵᠡᠷᠭᠡ ᠡᠯ᠎ᠡ ᠲᠦᠷᠦᠯ ᠤᠨ ᠳᠣᠲᠣᠨᠣ | ᠳᠠᠭᠤᠳᠠᠯᠭ᠎ᠠ ᠶᠢ ᠣᠯᠣᠭᠰᠠᠨ ᠪᠠᠶᠢᠨ᠎ᠠ᠃ ︽ᠰᠡᠳᠬᠢᠯ ᠢ ᠳᠤᠯᠠᠭᠠᠴᠠᠭᠤᠯᠬᠤ ᠦᠷᠳᠡᠭᠡ︾ ᠨᠢ ᠰᠢᠷᠭᠠᠭᠤ | ᠬᠠᠲᠠᠭᠤᠵᠢᠯᠲᠠᠢ ᠬᠥᠳᠡᠯᠮᠦᠷᠢᠴᠢᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠪᠣᠯᠣᠨ ᠦᠢᠯᠡᠴᠢᠯᠡᠭᠡ ᠶᠢ | ᠠᠴᠢᠶᠠᠯᠠᠵᠤ᠂ ᠭᠡᠷ ᠤᠨ ᠭᠠᠳᠠᠨᠠᠬᠢ ᠨᠢᠭᠡᠳᠦᠭᠡᠷ ᠹᠷᠣᠨᠲ ᠤᠨ ᠠᠵᠢᠯᠲᠠᠳ ᠤᠨ ᠬᠦᠷᠲᠡᠮᠵᠢ ᠶᠢᠨ ᠲᠥᠷᠥᠭᠳᠡᠯ ᠪᠣᠯᠣᠨ | ᠬᠠᠨᠤᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠠᠮᠲᠤᠯᠢᠭ ᠲᠤ ᠬᠠᠯᠠᠭᠤᠨ | ᠳᠤᠯᠠᠭᠠᠨ ᠭᠠᠷᠠᠮ ᠪᠤᠯᠤᠩ ᠢ ᠪᠠᠶᠢᠭᠤᠯᠵᠤ ᠥᠭᠪᠡ᠃ | ᠠᠷᠠᠳ ᠤᠨ ᠰᠠᠨᠠᠯ ᠢ ᠪᠣᠳᠣᠵᠤ᠂ ᠠᠷᠠᠳ ᠤᠨ ᠰᠠᠨᠠᠯ ᠢ ᠭᠦᠢᠴᠡᠳᠬᠡᠮᠦᠢ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠢᠮᠠᠭᠲᠠ ᠰᠠᠭᠤᠭᠠᠯᠢ ᠠᠷᠠᠳ ᠤᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ | ᠰᠢᠢᠳᠪᠦᠷᠢᠯᠡᠬᠦ ᠶᠢ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠪᠣᠯᠭᠠᠨ ᠬᠢᠭᠰᠡᠭᠡᠷ ᠢᠷᠡᠵᠠᠢ᠃ ᠳᠠᠷᠠᠭᠠᠴᠢ ᠶᠢᠨ | ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ︽ᠰᠡᠳᠬᠢᠯ ᠢ ᠳᠤᠯᠠᠭᠠᠴᠠᠭᠤᠯᠬᠤ ᠦᠷᠳᠡᠭᠡ︾ | ᠶᠢ ᠪᠦᠲᠦᠮᠵᠢᠲᠡᠢ ᠠᠰᠢᠭᠯᠠᠨ ᠨᠡᠩ ᠤᠯᠠᠨ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠪᠣᠯᠣᠨ ᠲᠠᠯᠠᠪᠤᠷ ᠢ | ᠢᠳᠡᠪᠬᠢᠲᠡᠢ ᠴᠤᠤᠷᠢᠶᠠᠲᠤᠨ ᠲᠠᠭᠠᠬᠤ ᠶᠢ ᠤᠷᠢᠶᠠᠯᠠᠨ᠂ ᠭᠡᠷ ᠤᠨ ᠭᠠᠳᠠᠨᠠᠬᠢ ᠬᠥᠳᠡᠯᠮᠦᠷᠢᠴᠢᠳ ᠲᠤ ᠬᠥᠯ ᠠᠮᠠᠷᠠᠬᠤ᠂ | ᠪᠡᠶ᠎ᠡ ᠳᠤᠯᠠᠭᠠᠴᠠᠬᠤ᠂ ᠰᠡᠳᠬᠢᠯ ᠳᠤᠯᠠᠭᠠᠴᠠᠬᠤ ᠭᠠᠵᠠᠷ ᠬᠠᠩᠭᠠᠵᠤ᠂ ᠪᠦᠬᠦᠨ ᠢ ᠬᠠᠮᠤᠷᠤᠭᠰᠠᠨ᠂ | ᠲᠣᠥᠷᠵᠢᠭᠤᠯᠤᠭᠰᠠᠨ᠂ ᠳᠥᠭᠦᠮ ᠳᠥᠲᠡ ᠪᠣᠯᠭᠠᠭᠰᠠᠨ᠂ ᠥᠨᠳᠥᠷ ᠪᠦᠲᠦᠮᠵᠢᠲᠡᠶ ᠪᠣᠯᠭᠠᠭᠰᠠᠨ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡᠨ ᠤ ᠰᠢᠰᠲ᠋ᠧᠮ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠮᠥᠰ ᠤᠨ | ᠰᠡᠳᠬᠢᠯ ᠢ ᠳᠤᠯᠠᠭᠠᠴᠠᠭᠤᠯᠵᠤ᠂ ᠰᠠᠭᠤᠭᠠᠯᠢ ᠠᠷᠠᠳ ᠢ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠵᠤ᠂ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠣᠯᠤᠨ ᠨᠡᠶᠢᠭᠡᠮ ᠤᠨ ᠵᠠᠰᠠᠯᠲᠠ ᠬᠠᠮᠲᠤ ᠪᠠᠷ ᠠᠬᠢᠬᠤ ᠶᠢ ᠲᠦᠯᠬᠢᠨ | ᠠᠬᠢᠭᠤᠯᠵᠤ᠂ ᠮᠠᠨ ᠤ ᠬᠤᠰᠢᠭᠤᠨ ᠤ ᠬᠥᠭᠵᠢᠯᠲᠡ ᠳᠡᠭᠡᠭᠰᠢᠯᠡᠯᠲᠡ ᠳᠤ ᠬᠦᠴᠦᠨ ᠨᠡᠮᠡᠷᠢᠯᠡᠨ᠎ᠡ᠃ |