ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠨᠢ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠪᠠ
ᠨᠡᠶᠢᠲᠡᠯᠡᠭᠰᠡᠨ ᠴᠠᠭ᠄
2024/12/24
      12 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠭᠦᠷᠭᠡᠯᠡᠵᠦ ᠪᠠᠶᠢᠭ᠎ᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ︵ᠳᠣᠷᠣᠭᠰᠢ ︽ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠭᠡᠵᠦ ᠲᠣᠪᠴᠢᠯᠠᠨ᠎ᠠ︶ ᠳᠤ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠵᠦ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠬᠤᠷᠠᠯ ᠳᠤ ᠣᠷᠣᠯᠴᠠᠵᠠᠶ᠃      ᠥᠪᠡᠷᠲᠡᠭᠡᠨ ᠵᠠᠰᠠᠬᠤ ᠣᠷᠣᠨ ᠤ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠤᠭᠤᠶᠢᠯᠠᠩ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢ ᠠᠪᠴᠤ᠂ ᠪᠤᠭᠤᠲᠤ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ ᠥᠷᠨᠢᠭᠦᠯᠦᠭᠰᠡᠨ ᠪᠠᠶᠢᠳᠠᠯ᠂ ᠭᠤᠤᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠣᠳᠣᠬᠠᠨ ᠳᠤ ᠣᠯᠤᠭᠰᠠᠨ ᠦᠷ᠎ᠡ ᠪᠦᠲᠦᠮᠵᠢ᠂ ᠲᠤᠷᠰᠢᠯᠭ᠎ᠠ ᠶᠢᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠯᠭᠠᠨ ᠠᠰᠭᠤᠭᠰᠠᠨ ᠮᠠᠳᠠᠭ ᠲᠠᠢ ᠠᠰᠠᠭᠤᠳᠠᠯ ᠢ ᠬᠠᠷᠢᠭᠤᠯᠪᠠ᠃ ᠰᠢᠯᠭᠠᠨ ᠦᠨᠡᠯᠡᠬᠦ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ᠂ ᠮᠠᠨ ᠤ ᠬᠤᠰᠢᠭᠤᠨ ᠤ ᠳᠤᠷᠠᠳᠤᠭᠰᠠᠨ ᠡᠯᠡᠰᠦᠨ ᠴᠥᠯ ᠤᠨ ᠠᠮᠢ ᠠᠬᠤᠶ ᠶᠢ ᠰᠡᠷᠭᠦᠭᠡᠬᠦ ᠵᠠᠭᠪᠤᠷ ᠪᠣᠯᠤᠨ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠭᠦ ᠠᠰᠠᠭᠤᠳᠠᠯ ᠢ ᠰᠢᠢᠳᠪᠥᠷᠢᠯᠡᠭᠦ ︽5517︾ ᠠᠵᠢᠯ ᠤᠨ ᠠᠷᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠪᠣᠯᠭᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ᠂ 99.06 ᠤᠨ ᠥᠨᠳᠥᠷ ᠬᠤᠪᠢ ᠣᠯᠭᠤᠵᠠᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠪᠠᠶᠢᠭᠠᠯᠢ ᠶᠢᠨ ᠨᠤᠲᠤᠭ ᠪᠡᠯᠴᠢᠭᠡᠷ ᠢ ᠵᠦᠶ ᠵᠣᠬᠢᠰᠲᠠᠶ ᠠᠰᠢᠭᠯᠠᠬᠤ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠨᠤᠲᠤᠭ ᠪᠡᠯᠴᠢᠭᠡᠷ ᠤᠨ ᠡᠬᠢ ᠪᠠᠶᠠᠯᠢᠭ ᠠᠴᠠ ᠨᠤᠲᠤᠭ ᠪᠡᠯᠴᠢᠭᠡᠷ ᠤᠨ ᠡᠳ᠋ ᠬᠥᠷᠥᠩᠭᠡ ᠳᠤ ᠬᠥᠷᠬᠦ ᠪᠠ ᠨᠤᠲᠤᠭ ᠪᠡᠯᠴᠢᠭᠡᠷ ᠤᠨ ᠬᠥᠷᠥᠩᠭᠡ ᠶᠢᠨ ᠣᠷᠭᠠᠨᠢᠭ ᠬᠤᠪᠢᠷᠠᠭᠤᠯᠤᠯᠲᠠ ᠶᠢ ᠠᠬᠢᠭᠤᠯᠵᠤ᠂ ᠪᠥᠭᠦ ᠡᠭᠦᠷᠭᠡ ᠪᠠᠨ ᠪᠡᠶᠡᠯᠡᠭᠦᠯᠦᠭᠰᠡᠨ ᠪᠥᠭᠡᠳ ᠡᠳᠥᠢ ᠳᠡᠳᠤᠢ ᠦᠷ᠎ᠡ ᠪᠦᠲᠦᠮᠵᠢ ᠣᠯᠵᠤ᠂ ᠠᠯᠢ ᠣᠯᠠᠨ ᠰᠢᠨ᠎ᠡ ᠶᠢ ᠡᠭᠦᠳᠬᠦ ᠴᠢᠨᠠᠷᠲᠠᠶ ᠠᠵᠢᠯ ᠤᠨ  ᠲᠤᠷᠰᠢᠯᠭ᠎ᠠ ᠶᠢ ᠬᠤᠷᠠᠮᠳᠤᠭᠤᠯᠪᠠ᠃      ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠠᠭᠪᠤᠷ ᠪᠣᠯᠤᠨ ᠠᠷᠭ᠎ᠠ ᠵᠠᠮ ᠢ ᠦᠷᠭᠦᠯᠵᠢᠯᠡᠨ ᠭᠦᠨᠵᠡᠭᠡᠶ ᠬᠠᠶᠢᠨ ᠰᠦᠪᠡᠭᠴᠢᠯᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢᠶᠠᠷ ᠬᠥᠲᠥᠯᠦᠮᠵᠢ ᠪᠣᠯᠭᠠᠵᠤ᠂ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠨᠤᠲᠤᠭ ᠪᠡᠯᠴᠢᠭᠡᠷ ᠢ ᠠᠮᠠᠷᠠᠭᠤᠯᠤᠨ ᠰᠡᠷᠭᠦᠭᠡᠬᠦ ᠶᠢ ᠬᠠᠮᠵᠢᠯᠴᠠᠨ ᠠᠬᠢᠭᠤᠯᠬᠤ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠬᠤ ᠪᠠ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠥᠷᠲᠡᠭ ᠤᠨ ᠳᠡᠭᠡᠭᠰᠢᠯᠡᠯᠲᠡ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号