ᠪᠤᠯᠤᠩ ᠨᠡᠭᠡᠭᠡᠬᠦ ᠦᠭᠡ᠄ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠢᠳᠪᠦᠷᠢᠯᠡᠭᠳᠡᠬᠦᠢ ᠰᠡᠳᠬᠢᠬᠦᠢ ᠶᠢ ᠪᠣᠶ ᠪᠣᠯᠭᠠᠵᠤ᠂ | ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ | ᠲᠤᠰᠬᠠᠢ ᠰᠡᠳᠦᠪᠲᠦ ᠠᠵᠢᠯᠯᠠᠭ᠎ᠠ ᠶᠢ ᠯᠠᠪᠳᠠᠭᠤᠨ ᠪᠦᠲᠦᠮᠵᠢᠲᠡᠶ ᠥᠷᠨᠢᠭᠦᠯᠬᠦ ᠶᠢ ᠠᠬᠢᠭᠤᠯᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠤᠨ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠬᠤ ᠶᠢ | ᠬᠥᠲᠥᠯᠥᠨ ᠵᠢᠯᠤᠭᠤᠳᠴᠤ᠂ ︽ᠰᠢᠢᠳᠪᠦᠷᠢᠯᠡᠭᠳᠡᠬᠦᠢ ᠰᠡᠳᠬᠢᠬᠦᠢ︾ ᠶᠢ ᠢᠳᠡᠪᠬᠢᠲᠡᠢ ᠪᠣᠶ ᠪᠣᠯᠭᠠᠵᠤ᠂ | ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠲᠤᠰ ᠡᠳᠦᠷ ᠠᠴᠠ ᠡᠬᠢᠯᠡᠨ᠂ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠪᠠᠶᠢᠭᠤᠯᠤᠯᠲᠠ︾ ᠭᠡᠬᠦ ᠸᠢᠴᠠᠲ ᠤᠨ ᠨᠡᠶᠢᠲᠡ ᠶᠢᠨ | ᠲᠠᠪᠴᠠᠩ ᠳᠡᠭᠡᠷ᠎ᠡ ︽ᠰᠢᠢᠳᠪᠦᠷᠢᠯᠡᠭᠳᠡᠬᠦᠢ ᠰᠡᠳᠬᠢᠬᠦᠢ︾ ᠭᠡᠬᠦ ᠲᠤᠰᠬᠠᠢ ᠪᠤᠯᠤᠩ ᠭᠠᠷᠭᠠᠵᠤ᠂ ᠪᠥᠬᠦ | ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠨᠢᠭᠡᠴᠢ ᠶᠢᠨ ᠰᠡᠳᠬᠢᠬᠦᠢ ᠶᠢᠨ ᠲᠣᠭᠲᠠᠮᠠᠯ | ᠬᠡᠯᠪᠡᠷᠢ ᠶᠢ ᠡᠪᠳᠡᠭᠰᠡᠨ᠂ ᠪᠣᠭᠤᠮᠢ ᠬᠢᠵᠠᠭᠠᠷᠯᠠᠯ ᠢ ᠲᠠᠶᠢᠯᠤᠭᠰᠠᠨ᠂ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠭᠰᠡᠨ ︽ᠰᠢᠢᠳᠪᠦᠷᠢᠯᠡᠭᠳᠡᠬᠦᠢ ᠰᠡᠳᠬᠢᠬᠦᠢ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ | ᠡᠯ᠎ᠡ ᠱᠠᠲᠤᠨ ᠤ ᠤᠳᠤᠷᠢᠳᠬᠤ ᠺᠠᠲᠠᠷᠴᠤᠳ ᠨᠡᠶᠢᠲᠡᠯᠢᠭ ᠬᠡᠷᠡᠭ ᠤᠨ ᠵᠢᠱᠢᠶ᠎ᠡ ᠠᠴᠠ ︽ᠵᠣᠷᠢᠭᠲᠠᠢ ᠪᠠᠷ | ᠰᠢᠢᠳᠪᠦᠷᠢᠯᠡᠬᠦ︾ ᠰᠥᠰᠥ ᠵᠣᠷᠢᠭ ᠢᠶᠠᠨ ᠴᠢᠩᠭᠠᠷᠠᠭᠤᠯᠵᠤ᠂ ︽ᠴᠢᠳᠠᠮᠠᠭᠠᠢ ᠪᠠᠷ ᠰᠢᠢᠳᠪᠦᠷᠢᠯᠡᠬᠦ︾ ᠴᠢᠳᠠᠪᠤᠷᠢ ᠪᠠᠨ | ᠳᠡᠭᠡᠭᠰᠢᠯᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠪᠠᠨ ᠴᠢᠨᠠᠭᠰᠢᠳᠠ ᠲᠣᠳᠣᠷᠬᠠᠢ ᠪᠣᠯᠭᠠᠵᠤ᠂ ᠴᠢᠭᠯᠡᠯ ᠤᠨ | ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠪᠠᠷᠢᠮᠵᠢᠶ᠎ᠠ ᠪᠠᠷ ᠲᠡᠷᠢᠭᠦᠨ ᠤ | ᠠᠮᠵᠢᠯᠲᠠ ᠪᠦᠲᠦᠮᠵᠢ ᠣᠯᠬᠤ ᠪᠠᠷ ᠴᠢᠷᠮᠠᠶᠢᠵᠤ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ᠂ | ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ ᠪᠤᠴᠠᠬᠤ᠂ ᠬᠠᠭᠤᠴᠢᠨ ᠠᠵᠤ ᠦᠢᠯᠡᠳᠪᠦᠷᠢ ᠶᠢᠨ | ᠰᠠᠭᠤᠷᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠨᠡᠩ ᠴᠢᠩᠭ᠎ᠠ ᠬᠥᠳᠡᠯᠭᠡᠬᠦ | ᠬᠦᠴᠦᠨ ᠢ ᠬᠤᠷᠠᠮᠳᠤᠭᠤᠯᠬᠤ ᠶᠢ ᠬᠦᠰᠡᠵᠦ ᠪᠠᠶᠢᠨ᠎ᠠ᠃ | | ᠨᠢᠭᠡ᠂ ᠠᠬᠤᠢ ᠪᠠᠶᠢᠳᠠᠯ ᠪᠠ ᠡᠭᠦᠰᠦᠭᠰᠡᠨ ᠰᠢᠯᠲᠠᠭᠠᠨ | ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ | ᠳᠠᠭᠠᠯᠳᠤᠨ᠂ ᠪᠠᠶᠠᠨᠬᠤᠸᠠ ᠪᠠᠯᠭᠠᠰᠤᠨ ᠳᠤ ᠡᠯ᠎ᠡ ᠵᠦᠢᠯ ᠤᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠠᠴᠠ | ᠡᠭᠦᠰᠦᠭᠰᠡᠨ ᠨᠤᠲᠤᠭ ᠪᠡᠯᠴᠢᠭᠡᠷ ᠤᠨ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠥᠷᠢᠴᠡᠯ᠂ ᠠᠵᠤ | ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠵᠡᠷᠭᠡ ᠨᠡᠶᠢᠭᠡᠮ ᠤᠨ ᠵᠥᠷᠢᠴᠡᠯ ᠲᠠᠰᠤᠷᠠᠯᠲᠠ ᠦᠭᠡᠢ ᠨᠡᠮᠡᠭᠳᠡᠵᠦ᠂ | ᠬᠢᠯᠢ ᠬᠢᠵᠠᠭᠠᠷ ᠣᠷᠣᠨ ᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠯᠤᠲᠤ ᠶᠡᠭᠡ ᠳᠠᠯᠳᠠ ᠬᠡᠮ | ᠠᠪᠴᠢᠷᠠᠭᠰᠠᠨ ᠪᠠᠶᠢᠨ᠎ᠠ᠃ ᠡᠶᠢᠮᠦ ᠠᠴᠠ ᠪᠠᠶᠠᠨᠬᠤᠸᠠ ᠪᠠᠯᠭᠠᠰᠤ ︽ᠰᠠᠨᠠᠭᠠᠴᠢᠯᠠᠭ᠎ᠠ ᠠᠴᠠ ᠪᠠᠨ ᠲᠣᠭᠲᠠᠭᠤᠨ ᠢ | ᠡᠭᠦᠳᠴᠦ᠂ ᠲᠣᠭᠲᠠᠭᠤᠨ ᠢ ᠪᠦᠲᠦᠮᠵᠢᠲᠡᠶ ᠪᠠᠷ ᠬᠠᠮᠠᠭᠠᠯᠠᠵᠤ᠂ ᠪᠦᠬᠦ ᠬᠦᠴᠦᠨ ᠢᠶᠠᠷ ᠢᠶᠠᠨ ᠲᠣᠭᠲᠠᠭᠤᠨ ᠢ | ᠪᠠᠲᠤᠯᠠᠬᠤ︾ ᠪᠠᠷ ᠬᠠᠷᠠᠯᠲᠠ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠰᠢᠢᠳᠪᠦᠷᠢᠯᠡᠭᠳᠡᠬᠦᠢ ᠰᠡᠳᠬᠢᠬᠦᠢ ᠶᠢ ᠪᠠᠲᠤ ᠪᠠᠬᠢ ᠪᠤᠶ ᠪᠣᠯᠭᠠᠵᠤ᠂ ᠨᠠᠮ ᠤᠨ | ᠬᠤᠷᠢᠶ᠎ᠠ ᠪᠠᠷ ᠲᠦᠷᠦᠭᠦᠯᠡᠭᠦᠯᠦᠭᠰᠡᠨ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠬᠠᠤᠯᠢ | ᠴᠠᠭᠠᠵᠠ ᠶᠢᠨ ᠭᠠᠵᠠᠷ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ᠂ ᠬᠠᠤᠯᠢ ᠶᠢᠨ ᠲᠤᠰᠢᠶᠠᠯᠲᠠᠨ ᠤ | ᠠᠵᠢᠯ ᠤᠨ ᠦᠷᠳᠡᠭᠡ ᠶᠢᠨ ︽ᠳᠥᠷᠪᠡ ᠶᠢ ᠨᠢᠭᠡ ᠴᠣᠭᠴᠠᠵᠢᠭᠤᠯᠬᠤ︾ ᠵᠥᠷᠢᠴᠡᠯ ᠵᠢᠭᠤᠷᠠᠯᠳᠤᠭᠠᠨ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠵᠥᠪᠳᠡᠯᠴᠡᠵᠦ᠂ ᠣᠯᠠᠨ ᠡᠰᠢᠲᠦ ᠬᠦᠴᠦᠨ ᠬᠠᠮᠲᠤ ᠪᠠᠷ | ᠣᠷᠣᠯᠴᠠᠭᠰᠠᠨ ︽1+4+N︾ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ | ᠵᠠᠭᠪᠤᠷ ᠢ ᠰᠦᠪᠡᠭᠴᠢᠯᠡᠨ ᠲᠦᠯᠬᠢᠨ ᠠᠬᠢᠭᠤᠯᠵᠤ᠂ 30 ᠭᠠᠷᠤᠢ ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ | ᠡᠶᠡᠳᠡᠭᠦᠯᠵᠦ᠂ ᠬᠠᠷᠢᠶᠠᠲᠤ ᠣᠷᠣᠨ ᠤ ᠳᠣᠲᠣᠷᠠᠬᠢ 10 ᠵᠢᠯ ᠠᠴᠠ ᠳᠡᠭᠡᠭᠰᠢ ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ 2 ᠬᠡᠷᠡᠭ ᠢ ᠪᠦᠲᠦᠮᠵᠢᠲᠡᠶ ᠰᠢᠢᠳᠪᠦᠷᠢᠯᠡᠵᠦ᠂ ᠣᠶᠢᠷ᠎ᠠ ᠶᠢᠨ ᠬᠤᠶᠠᠷ ᠵᠢᠯ ᠳᠤ ᠱᠠᠲᠤ ᠠᠯᠤᠰᠯᠠᠨ | ᠳᠡᠭᠡᠭᠰᠢ ᠰᠤᠷᠪᠤᠯᠵᠢᠯᠠᠬᠤ ᠬᠡᠷᠡᠭ ᠭᠠᠷᠤᠭᠰᠠᠨ ᠦᠭᠡᠢ᠂ ᠨᠡᠶᠢᠭᠡᠮ ᠤᠨ ᠵᠥᠷᠢᠴᠡᠯ ᠲᠦᠭᠰᠢᠭᠦᠷᠢ ᠶᠢ ᠦᠨᠡᠨ ᠬᠦ | ᠦᠨᠳᠦᠰᠦᠨ ᠱᠠᠲᠤᠨ ᠳᠤ ᠠᠷᠢᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠶ᠎ᠡ | ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠪᠠ᠃ | ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠬᠦ ᠬᠢᠷᠢ ᠲᠦᠪᠰᠢᠨ ᠶᠢ ᠳᠡᠭᠡᠭᠰᠢᠯᠡᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ | ᠠᠷᠠᠳ ᠤᠨ ᠵᠣᠪᠠᠨᠢᠯ ᠢ ᠰᠢᠢᠳᠪᠦᠷᠢᠯᠡᠬᠦ ᠶᠢ ᠪᠠᠷᠢᠮᠲᠠᠯᠠᠪᠠ᠃ ᠪᠠᠯᠭᠠᠰᠤ᠂ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠢ | ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠳᠣᠷᠣᠭᠰᠢ ᠪᠠᠭᠤᠵᠤ ᠰᠤᠷᠪᠤᠯᠵᠢᠯᠠᠭᠤᠯᠵᠤ᠂ | ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠣᠯᠠᠨ ᠲᠠᠢ ᠭᠤᠣᠯᠳᠠᠯᠭ᠎ᠠ ᠲᠠᠢ ᠡᠷᠦᠬᠡ ᠪᠠ ᠥᠨᠥᠴᠢᠨ ᠪᠡᠯᠪᠡᠰᠦᠨ | ᠨᠠᠰᠤᠲᠠᠨ᠂ ᠭᠡᠷ ᠲᠤ ᠪᠠᠨ ᠬᠤᠴᠣᠷᠤᠭᠰᠠᠨ ᠬᠡᠦᠬᠡᠳ ᠵᠡᠷᠭᠡ ᠬᠥᠮᠥᠰ ᠢ ᠭᠤᠣᠯᠳᠠᠯᠭ᠎ᠠ ᠲᠠᠢ ᠠᠩᠬᠠᠷᠬᠤ ᠡᠲᠡᠭᠡᠳ | ᠪᠣᠯᠭᠠᠵᠤ᠂ ᠠᠷᠠᠳ ᠤᠨ ᠪᠠᠶᠢᠳᠠᠯ ᠤᠨ ᠲᠠᠩᠰᠠ ᠡᠪᠬᠡᠮᠡᠯ ᠤᠨ ︽ᠨᠢᠭᠡ ᠲᠠᠩᠰᠠ︾ ᠶᠢ ᠪᠠᠶᠢᠴᠠᠭᠠᠨ ᠵᠢᠭᠰᠠᠭᠠᠵᠤ | ᠪᠠᠶᠢᠭᠤᠯᠤᠨ᠂ ᠵᠥᠷᠢᠴᠡᠯ ᠠᠰᠠᠭᠤᠳᠠᠯ ᠢ ᠡᠷᠲᠡ ᠢᠯᠡᠷᠡᠭᠦᠯᠬᠦ᠂ ᠡᠷᠲᠡ ᠰᠡᠷᠭᠡᠶᠢᠯᠡᠬᠦ᠂ ᠡᠷᠲᠡ ᠰᠢᠢᠳᠪᠦᠷᠢᠯᠡᠬᠦ ᠶᠢ | ᠪᠦᠲᠦᠮᠵᠢᠲᠡᠶ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠳᠤ ︽ᠰᠠᠨᠠᠭᠠᠴᠢᠯᠠᠭ᠎ᠠ ᠦᠭᠡᠢ︾ ᠪᠠᠶᠢᠭᠰᠠᠨ ᠠᠴᠠ ︽ | ᠰᠠᠨᠠᠭᠠᠴᠢᠯᠠᠭ᠎ᠠ ᠲᠠᠢ︾ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠡᠨᠡ ᠵᠢᠯ ᠠᠴᠠ ᠨᠠᠭᠠᠰᠢ᠂ ᠡᠯ᠎ᠡ ᠱᠠᠲᠤᠨ ᠤ | ᠺᠠᠳ᠋ᠷᠴᠤᠳ ᠨᠡᠶᠢᠲᠡ 500 ᠭᠠᠷᠤᠢ ᠬᠥᠮᠥᠨ ᠤᠳᠠᠭ᠎ᠠ ᠳᠣᠷᠣᠭᠰᠢ ᠪᠠᠭᠤᠵᠤ ᠰᠣᠷᠪᠤᠯᠵᠢᠯᠠᠭ᠎ᠠ ᠬᠢᠵᠦ᠂ ᠣᠯᠠᠨ | ᠲᠦᠮᠡᠨ ᠤ ᠵᠥᠷᠢᠴᠡᠯ ᠵᠢᠭᠤᠷᠠᠯᠳᠤᠭᠠᠨ ᠢ 30 ᠭᠠᠷᠤᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ 2 ᠬᠤᠪᠢ ᠰᠢᠢᠳᠪᠦᠷᠢᠯᠡᠵᠡᠢ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠴᠢᠩᠭᠠᠳᠬᠠᠪᠠ᠃ ᠡᠯ᠎ᠡ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠤᠪᠢᠰᠬᠠᠯᠲᠤ | ᠮᠣᠩᠭᠤᠯ ᠭᠡᠷ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ | ᠲᠤᠬᠠᠢ ᠶᠢᠨ ᠲᠠᠯᠠᠪᠤᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ | ᠴᠠᠭᠠᠵᠠ ᠶᠢᠨ ᠵᠥᠪᠯᠡᠯᠭᠡ ᠥᠭᠬᠦ ᠠᠵᠢᠯᠯᠠᠭ᠎ᠠ ᠶᠢ 2 ᠲᠠᠯᠠᠪᠤᠷ ᠡᠷᠬᠢᠯᠡᠵᠦ᠂ ᠡᠷᠦᠬᠡ ᠳᠤ ᠬᠦᠷᠴᠦ ᠰᠤᠷᠪᠤᠯᠵᠢᠯᠠᠭᠰᠠᠨ | ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠢ ᠬᠤᠪᠢ ᠲᠠᠷᠬᠠᠭᠠᠵᠤ᠂ 30 ᠬᠠᠤᠯᠢ ᠴᠠᠭᠠᠵᠠ ᠶᠢᠨ | ᠮᠡᠷᠭᠡᠨ ᠬᠦᠮᠦᠨ ᠢ ᠬᠥᠮᠥᠵᠢᠭᠦᠯᠦᠭᠰᠡᠨ ᠪᠥᠭᠡᠳ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠠᠭᠤᠯᠭ᠎ᠠ ᠶᠢ 10 ᠭᠠᠷᠤᠢ ᠵᠤᠷᠪᠤᠰ ᠤᠬᠠᠭᠤᠯᠵᠤ᠂ ᠤᠯᠠᠨ | ᠲᠦᠮᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ᠂ ᠬᠠᠤᠯᠢ ᠶᠣᠰᠣᠭᠠᠷ ᠠᠰᠢᠭ ᠲᠤᠰᠠ ᠶᠢᠨ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ ᠶᠢ ᠬᠥᠲᠥᠯᠥᠨ ᠵᠢᠯᠤᠭᠤᠳᠴᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠪᠠ᠃ | ︵ᠬᠤᠶᠠᠷ︶ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠷᠠᠭᠤᠯᠵᠤ᠂ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠬᠤ ᠲᠣᠭᠲᠠᠴᠠ ᠶᠢ ᠪᠣᠳᠠᠲᠠᠶᠢᠵᠢᠭᠤᠯᠪᠠ᠃ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ | ᠬᠤᠷᠠᠯ ᠤᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠤ ᠬᠥᠳᠡᠯᠦᠩᠭᠦᠢ | ᠮᠡᠳᠡᠭᠡ ᠵᠠᠩᠭᠢ ᠶᠢ ᠴᠠᠭ ᠲᠤᠬᠠᠢ ᠳᠤ ᠨᠢ ᠡᠮᠬᠢᠯᠡᠨ ᠬᠤᠷᠢᠶᠠᠩᠭᠤᠶᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ | ᠲᠣᠪᠣᠶᠢᠮ᠎ᠠ ᠠᠰᠠᠭᠤᠳᠠᠯ ᠤᠨ ᠲᠤᠰᠬᠠᠢ ᠰᠡᠳᠦᠪᠲᠦ ᠰᠤᠳᠤᠯᠤᠨ ᠮᠠᠭᠠᠳᠯᠠᠬᠤ ᠬᠤᠷᠠᠯ ᠢ 4 ᠤᠳᠠᠭ᠎ᠠ ᠬᠦᠷᠢᠶ᠎ᠡ | ᠴᠠᠷᠠᠭ᠎ᠠ ᠬᠤᠪᠢᠶᠠᠨ ᠬᠤᠷᠠᠯᠳᠤᠭᠤᠯᠵᠤ᠂ ᠣᠳᠣᠬᠠᠨ ᠳᠤ ᠣᠷᠣᠰᠢᠵᠤ ᠪᠠᠶᠢᠭ᠎ᠠ ᠵᠥᠷᠢᠴᠡᠯ ᠵᠢᠭᠤᠷᠠᠯᠳᠤᠭᠠᠨ ᠢ | ᠭᠦᠨᠵᠡᠭᠡᠢ ᠵᠠᠳᠠᠯᠤᠨ ᠰᠤᠳᠤᠯᠤᠨ ᠮᠠᠭᠠᠳᠯᠠᠵᠤ᠂ ᠠᠷᠭᠠᠴᠠᠭᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠤᠨ | ᠲᠣᠭᠲᠠᠭᠠᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠦᠨᠳᠦᠰᠦᠨ ᠱᠠᠲᠤᠨ ᠳᠤ | ᠣᠶᠢᠷᠠᠲᠤᠭᠤᠯᠬᠤ᠂ ᠣᠯᠠᠨ ᠲᠦᠮᠡᠨ ᠳᠤ ᠣᠶᠢᠷᠠᠲᠤᠭᠤᠯᠬᠤ ᠵᠠᠷᠴᠢᠮ ᠢ ᠪᠠᠷᠢᠮᠲᠠᠯᠠᠵᠤ᠂ ᠪᠠᠯᠭᠠᠰᠤᠨ ᠤ ᠤᠳᠤᠷᠢᠳᠬᠤ | ᠺᠠᠳ᠋ᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠴᠡᠭ ᠲᠣᠭᠲᠠᠭᠠᠨ ᠵᠢᠵᠢᠭᠦᠷᠯᠡᠬᠦ᠂ | ᠲᠣᠭᠲᠠᠮᠠᠯ ᠬᠤᠭᠤᠴᠠᠭ᠎ᠠ ᠲᠠᠢ ᠪᠠᠷ ᠰᠣᠷᠪᠤᠯᠵᠢᠯᠠᠭ᠎ᠠ ᠬᠦᠯᠢᠶᠡᠬᠦ ᠳᠦᠷᠢᠮ ᠢ ᠬᠡᠷᠡᠭᠵᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠢ 1 ᠭᠠᠷᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ | ᠭᠦᠢᠴᠡᠳᠬᠡᠬᠦ ᠠᠵᠢᠯᠲᠠᠨ 10 ᠬᠥᠮᠥᠨ ᠢ ᠲᠣᠬᠢᠷᠠᠭᠤᠯᠤᠨ᠂ ᠣᠯᠠᠨ ᠲᠦᠮᠡᠨ ᠤ ᠰᠢᠭᠤᠳ ᠣᠷᠣᠯᠠᠨ ᠭᠦᠢᠴᠡᠳᠬᠡᠬᠦ | ᠴᠡᠭ ᠲᠤ ᠬᠦᠷᠴᠦ ᠠᠰᠠᠭᠤᠳᠠᠯ ᠢ ᠲᠤᠰᠬᠠᠬᠤ ᠳᠤ ᠲᠥᠬᠦᠮ ᠦᠵᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢᠨ ᠰᠢᠨ᠎ᠡ ᠬᠠᠨᠳᠤᠰᠢ᠂ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠤᠨ ᠰᠢᠨ᠎ᠡ ᠣᠨᠴᠠᠯᠢᠭ ᠢ ᠡᠵᠡᠮᠰᠢᠨ | ᠣᠶᠢᠯᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠯᠠᠨ ᠭᠦᠢᠴᠡᠳᠬᠡᠬᠦ ᠴᠡᠭ ᠪᠠᠶᠢᠭᠤᠯᠤᠭᠳᠠᠭᠰᠠᠨ ᠠᠴᠠ | ᠨᠠᠭᠠᠰᠢᠬᠢ 5 ᠵᠦᠢᠯ ᠤᠨ ᠣᠷᠣᠯᠠᠨ ᠭᠦᠢᠴᠡᠳᠬᠡᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ᠂ ᠨᠢᠭᠡᠨᠲᠡ | ᠪᠦᠬᠦᠨ ᠢ ᠰᠢᠢᠳᠪᠦᠷᠢᠯᠡᠵᠦ ᠳᠠᠭᠤᠰᠬᠠᠪᠠ᠃ | ︵ᠭᠤᠷᠪᠠ︶ ᠬᠦᠴᠦ ᠪᠠᠨ ᠲᠥᠪᠯᠡᠷᠡᠭᠦᠯᠦᠨ ᠣᠯᠠᠨ ᠡᠰᠢᠵᠢᠭᠦᠯᠦᠨ ᠬᠤᠯᠪᠤᠭᠠᠯᠠᠨ ᠬᠥᠳᠡᠯᠦᠯᠴᠡᠵᠦ᠂ | ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠯᠴᠠᠭ᠎ᠠ ᠶᠢᠨ ᠰᠢᠨ᠎ᠡ ᠶᠢ ᠡᠭᠦᠳᠪᠡ᠃ ᠲᠣᠣᠷᠵᠢᠯ ᠢᠶᠠᠷ | ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠬᠡᠷᠡᠭᠵᠢᠭᠦᠯᠪᠡ᠃ ᠪᠥᠬᠦ ᠪᠠᠯᠭᠠᠰᠤ ᠶᠢ 24 ᠲᠣᠣᠷᠵᠢᠯ ᠳᠤ | ᠬᠤᠪᠢᠶᠠᠵᠤ᠂ 19 ᠲᠣᠣᠷᠵᠢᠯ ᠤᠨ ᠨᠠᠮ ᠤᠨ ᠳᠤᠭᠤᠶᠢᠯᠠᠩ ᠢ ᠪᠠᠶᠢᠭᠤᠯᠵᠤ᠂ 65 ᠲᠣᠣᠷᠵᠢᠯ ᠤᠨ ᠠᠵᠢᠯᠲᠠᠨ | ᠲᠣᠬᠢᠷᠠᠭᠤᠯᠬᠤ ᠶᠢᠨ ᠬᠠᠮᠲᠤ ᠡᠯ᠎ᠡ ᠲᠠᠯ᠎ᠠ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠬᠦᠴᠦᠨ ᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠦᠨ᠂ ᠲᠣᠣᠷᠵᠢᠯ ᠤᠨ ᠠᠵᠢᠯᠲᠠᠨ᠂ ᠬᠢᠯᠢ ᠶᠢᠨ ᠬᠠᠮᠠᠭᠠᠯᠠᠭᠴᠢ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠬᠠᠤᠯᠢ ᠴᠠᠭᠠᠵᠠ ᠶᠢᠨ ︽ᠮᠡᠷᠭᠡᠨ ᠬᠥᠮᠥᠨ︾ ᠵᠢᠴᠢ ᠭᠠᠴᠠᠭᠠᠨ ᠤ ︽ᠬᠤᠶᠠᠷ ᠵᠥᠪᠯᠡᠯ︾ ᠵᠡᠷᠭᠡ ᠪᠠᠷ | ᠪᠦᠷᠢᠯᠳᠦᠭᠰᠡᠨ ᠡᠶᠡᠳᠡᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃ ᠡᠨᠡ ᠵᠢᠯ ᠠᠴᠠ ᠨᠠᠭᠠᠰᠢ᠂ | ᠨᠤᠲᠤᠭ ᠪᠡᠯᠴᠢᠭᠡᠷ ᠤᠨ ᠵᠢᠭᠤᠷᠠᠯᠳᠤᠭᠠᠨ᠂ ᠰᠦᠯᠢᠶᠥᠦ ᠪᠦᠷᠬᠦᠪᠴᠢ ᠶᠢᠨ ᠪᠣᠬᠢᠷᠲᠤᠯ ᠤᠨ ᠵᠢᠭᠤᠷᠠᠯᠳᠤᠭᠠᠨ ᠵᠡᠷᠭᠡ | 10 ᠵᠥᠷᠢᠴᠡᠯ ᠤᠨ ᠠᠰᠠᠭᠤᠳᠠᠯ ᠢ ᠠᠮᠵᠢᠯᠲᠠ ᠲᠠᠢ ᠪᠠᠷ ᠡᠶᠡᠳᠡᠭᠦᠯᠵᠦ᠂ ᠡᠭᠦᠨ ᠳᠤ ᠵᠥᠷᠢᠴᠡᠯ ᠪᠦᠷᠢᠯᠳᠦᠭᠰᠡᠨ | ᠴᠠᠭ ᠨᠢ 30 ᠵᠢᠯ ᠠᠴᠠ ᠳᠡᠭᠡᠭᠰᠢᠬᠢ 1 ᠬᠤᠪᠢ᠂ 10 ᠵᠢᠯ ᠠᠴᠠ ᠳᠡᠭᠡᠭᠰᠢᠬᠢ 1 ᠬᠤᠪᠢ ᠪᠣᠶ᠃ ᠵᠣᠯᠭᠠᠭᠤᠯᠤᠨ | ᠬᠠᠮᠲᠤᠷᠠᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃ ᠶᠡᠷᠦᠩᠬᠡᠶᠢᠯᠡᠨ ᠵᠠᠰᠠᠬᠤ ᠲᠥᠪ ᠢ ᠠᠰᠢᠭᠯᠠᠨ ᠣᠯᠠᠨ | ᠲᠦᠮᠡᠨ ᠳᠤ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠦᠢᠯᠡᠴᠢᠯᠡᠭᠡ ᠬᠠᠩᠭᠠᠵᠤ᠂ ᠪᠤᠳᠤᠯᠢᠶᠠᠨᠲᠠᠢ ᠵᠥᠷᠢᠴᠡᠯ ᠢ ᠡᠶᠡᠳᠡᠭᠦᠯᠬᠦ ᠳᠤ ᠪᠠᠨ ᠪᠠᠯᠭᠠᠰᠤᠨ ᠤ ᠨᠠᠮ ᠤᠨ ᠬᠤᠷᠢᠶ᠎ᠠ ᠪᠠᠷ | ᠲᠦᠷᠦᠭᠦᠯᠡᠭᠦᠯᠦᠨ᠂ 4 ᠨᠢᠭᠡᠴᠢ ᠵᠢᠴᠢ ︽N︾ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠣᠷᠭᠠᠨᠢᠭ ᠢᠶᠠᠷ ᠵᠣᠯᠭᠠᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠪᠠᠷ ᠳᠠᠮᠵᠢᠭᠤᠯᠤᠨ ᠵᠥᠷᠢᠴᠡᠯ ᠢ ᠣᠯᠠᠨ ᠡᠰᠢᠵᠢᠭᠦᠯᠦᠨ ᠰᠢᠢᠳᠪᠦᠷᠢᠯᠡᠬᠦ ᠶᠢ ᠠᠬᠢᠭᠤᠯᠵᠤ᠂ | ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠢᠯᠡᠴᠢᠯᠡᠭᠡ ᠨᠢ ᠳᠥᠭᠦᠮ ᠳᠥᠲᠡ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠪᠠ᠃ | ︵ᠳᠥᠷᠪᠡ︶ ᠦᠨᠡᠨ ᠰᠡᠳᠬᠢᠯ ᠠᠴᠠ ᠪᠠᠨ ᠠᠶᠢᠯᠴᠢᠯᠠᠨ ᠬᠦᠷᠴᠦ ᠬᠠᠷᠢᠭᠤ ᠰᠤᠷᠪᠤᠯᠵᠢᠯᠠᠵᠤ᠂ | ᠵᠥᠷᠢᠴᠡᠯ ᠲᠠᠢ ᠬᠤᠶᠠᠷ ᠡᠲᠡᠭᠡᠳ ᠤᠨ ᠤᠴᠢᠷ᠂ ᠰᠡᠳᠬᠢᠯ ᠢ ᠵᠡᠷᠭᠡ ᠳᠤ ᠨᠢ ᠰᠢᠢᠳᠪᠦᠷᠢᠯᠡᠬᠦ ᠶᠢ ᠲᠦᠯᠬᠢᠨ | ᠠᠬᠢᠭᠤᠯᠪᠠ᠃ ᠵᠥᠷᠢᠴᠡᠯ ᠵᠢᠭᠤᠷᠠᠯᠳᠤᠭᠠᠨ ᠤ ᠪᠦᠬᠦ ᠶᠠᠪᠤᠴᠠ ᠶᠢ ᠮᠥᠷᠳᠡᠨ ᠬᠠᠷᠢᠭᠤ ᠰᠤᠷᠪᠤᠯᠵᠢᠯᠠᠬᠤ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠡᠶᠡᠳᠡᠭᠦᠯᠭᠡ ᠪᠠᠷ ᠬᠡᠷᠡᠭ ᠳᠠᠭᠤᠰᠬᠠᠭᠰᠠᠨ ᠵᠥᠷᠢᠴᠡᠯ ᠵᠢᠭᠤᠷᠠᠯᠳᠤᠭᠠᠨ ᠳᠤ | ᠴᠢᠭᠯᠡᠭᠦᠯᠦᠨ᠂ ᠤᠲᠠᠰᠤ ᠪᠠᠷ ᠬᠠᠷᠢᠯᠴᠠᠬᠤ᠂ ᠠᠶᠢᠯᠴᠢᠯᠠᠨ ᠬᠦᠷᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠤᠬᠠᠢ ᠶᠢᠨ ᠬᠥᠮᠥᠨ ᠪᠠ ᠪᠠᠶᠢᠳᠠᠯ ᠢ ᠮᠡᠳᠡᠬᠦ ᠬᠥᠮᠥᠨ ᠢ ᠬᠠᠷᠢᠭᠤ ᠰᠤᠷᠪᠤᠯᠵᠢᠯᠠᠵᠤ᠂ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠤ ᠦᠵᠡᠯ ᠰᠠᠨᠠᠭᠠᠨ ᠤ ᠪᠠᠶᠢᠳᠠᠯ ᠢ ᠮᠥᠷᠳᠡᠨ ᠣᠶᠢᠯᠠᠭᠠᠵᠤ᠂ ᠲᠤᠬᠠᠢ ᠶᠢᠨ ᠬᠥᠮᠥᠨ ᠤ ᠬᠦᠰᠡᠯ | ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠵᠦᠢ ᠵᠣᠬᠢᠰᠲᠠᠢ ᠰᠣᠨᠣᠰᠴᠤ᠂ ᠬᠤᠶᠠᠷ ᠲᠠᠯ᠎ᠠ ᠶᠢᠨ ᠬᠡᠯᠡᠯᠴᠡᠭᠡᠷ ᠢ | ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠡᠶᠡᠳᠡᠭᠦᠯᠭᠡ ᠶᠢᠨ ᠦᠷ᠎ᠡ ᠪᠦᠲᠦᠭᠡᠯ ᠢ ᠪᠦᠬᠦ | ᠲᠠᠯ᠎ᠠ ᠪᠠᠷ ᠪᠠᠬᠢᠵᠢᠭᠦᠯᠪᠡ᠃ ᠭᠤᠣᠯᠳᠠᠯᠭ᠎ᠠ ᠲᠠᠢ ᠬᠦᠷᠢᠶᠡᠨ ᠤ ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠲᠠᠬᠢᠨ ᠵᠥᠪᠯᠡᠵᠦ᠂ ᠠᠰᠠᠭᠤᠳᠠᠯ ᠤᠨ ᠵᠠᠩᠭᠢᠯᠠᠭ᠎ᠠ᠂ ᠡᠶᠡᠳᠡᠭᠦᠯᠦᠨ ᠰᠢᠢᠳᠪᠦᠷᠢᠯᠡᠬᠦ ᠦᠷ᠎ᠡ | ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠡᠶᠡᠳᠡᠭᠦᠯᠦᠨ ᠰᠢᠢᠳᠪᠦᠷᠢᠯᠡᠬᠦ ᠶᠠᠪᠤᠴᠠ ᠶᠢ ᠲᠠᠰᠤᠷᠠᠯᠳᠡ ᠦᠭᠡᠢ | ᠰᠢᠯᠢᠳᠡᠭᠵᠢᠭᠦᠯᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠪᠦᠷᠢᠯᠳᠦᠭᠦᠯᠪᠡ᠃ | ᠭᠤᠷᠪᠠ᠂ ᠲᠤᠷᠰᠢᠯᠭ᠎ᠠ ᠶᠢᠨ ᠰᠡᠩᠬᠡᠷᠡᠭᠦᠯᠦᠯ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠷᠢᠴᠡᠯ ᠢ ᠡᠬᠢ ᠡᠭᠦᠰᠦᠯ ᠠᠴᠠ ᠨᠢ ᠵᠠᠰᠠᠬᠤ ᠶᠢ | ᠪᠣᠳᠠᠲᠠᠢ ᠪᠠᠷ ᠠᠳᠬᠤᠨ᠎ᠠ᠃ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠳᠤᠮᠳᠠᠬᠢ ᠨᠠᠮ ᠤᠨ | ᠤᠳᠤᠷᠢᠳᠬᠤ ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶᠠᠨ ᠤ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠨ ᠲᠦᠮᠡᠨ ᠳᠤ ᠦᠢᠯᠡᠴᠢᠯᠡᠬᠦ᠂ ᠬᠥᠮᠥᠰ ᠤᠨ | ᠰᠡᠳᠬᠢᠯ ᠢ ᠨᠢᠭᠲᠠᠷᠠᠭᠤᠯᠬᠤ᠂ ᠵᠥᠷᠢᠴᠡᠯ ᠢ ᠠᠷᠢᠯᠭᠠᠬᠤ᠂ ᠡᠶ᠎ᠡ ᠵᠣᠬᠢᠴᠠᠯ ᠢ ᠠᠬᠢᠭᠤᠯᠬᠤ ᠪᠠᠲᠤ ᠴᠢᠩᠭ᠎ᠠ ᠲᠠᠶᠢᠴᠢᠨ | ᠪᠠᠬᠢᠯᠡᠯᠲᠡ ᠪᠣᠯᠭᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠬᠠᠷᠢᠭᠤᠴᠠᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠡᠮᠦᠨ᠎ᠡ ᠲᠠᠯ᠎ᠠ ᠠᠴᠠ ᠨᠢ ᠤᠷᠢᠳᠴᠢᠯᠠᠨ ᠰᠡᠷᠭᠡᠶᠢᠯᠡᠬᠦ ᠶᠢ ᠠᠳᠬᠤᠵᠤ᠂ ᠡᠬᠢ ᠡᠭᠦᠰᠦᠯ ᠠᠴᠠ | ᠨᠢ ᠲᠦᠭᠰᠢᠭᠦᠷᠢ ᠶᠢ ᠡᠵᠡᠮᠳᠡᠬᠦ ᠶᠢ ᠴᠢᠬᠤᠯᠠᠴᠢᠯᠠᠵᠤ᠂ ᠲᠤᠰᠬᠠᠢ ᠬᠦᠴᠦᠨ ᠢ ᠵᠣᠬᠢᠶᠠᠨ ᠪᠠᠶᠢᠭᠤᠯᠤᠨ ᠵᠥᠷᠢᠴᠡᠯ ᠭᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠢᠯᠭᠠᠨ ᠲᠣᠳᠣᠯᠠᠵᠤ ᠰᠤᠳᠤᠯᠤᠨ ᠮᠠᠭᠠᠳᠯᠠᠬᠤ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠵᠦ᠂ ᠲᠣᠪᠣᠶᠢᠮ᠎ᠠ ᠬᠠᠨᠳᠤᠰᠢ ᠶᠢ ᠴᠠᠭ ᠲᠤᠬᠠᠢ ᠳᠤ ᠨᠢ ᠢᠯᠡᠷᠡᠭᠦᠯᠦᠨ ᠰᠢᠢᠳᠪᠦᠷᠢᠯᠡᠵᠦ᠂ ᠠᠰᠠᠭᠤᠳᠠᠯ ᠢ | ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠠᠬᠢᠭᠤᠯᠵᠤ᠂ ᠵᠥᠷᠢᠴᠡᠯ ᠤᠨ ᠳᠡᠰ ᠳᠡᠪᠰᠢᠬᠦ ᠶᠢ ᠰᠡᠷᠭᠡᠶᠢᠯᠡᠵᠦ᠂ | ᠪᠠᠭ᠎ᠠ ᠶᠠᠪᠤᠳᠠᠯ ᠢ ᠲᠣᠰᠬᠤᠨ ᠳᠤ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠳᠤ ᠭᠠᠷᠭᠠᠬᠤ ᠦᠭᠡᠢ᠂ | ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠢ᠃ | ︵ᠬᠤᠶᠠᠷ︶ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠵᠥᠷᠢᠴᠡᠯ ᠢ ᠪᠦᠲᠦᠮᠵᠢᠲᠡᠶ | ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠠᠰᠢᠭ ᠲᠤᠰᠠ ᠪᠠᠷ ᠡᠭᠦᠰᠬᠡᠯ | ᠪᠣᠯᠭᠠᠬᠤ ᠶᠢ ᠢᠮᠠᠭᠲᠠ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠪᠠᠷ ᠭᠤᠣᠯ ᠡᠭᠦᠷᠭᠡ ᠪᠣᠯᠭᠠᠵᠤ᠂ | ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ | ᠂ ᠬᠠᠤᠯᠢ ᠶᠢᠨ ᠲᠤᠰᠢᠶᠠᠯᠲᠠᠨ ᠤ ᠠᠵᠢᠯ ᠤᠨ ᠥᠷᠲᠡᠭᠡ ᠵᠡᠷᠭᠡ ᠬᠦᠴᠦᠨ ᠯᠦᠭᠡ ᠶᠢᠨ ᠬᠠᠮᠵᠢᠯᠴᠠᠭ᠎ᠠ ᠪᠠᠨ ᠲᠠᠰᠤᠷᠠᠯᠲᠠ | ᠦᠭᠡᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ | ᠡᠶᠡᠳᠡᠭᠦᠯᠭᠡ ᠶᠢᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ᠂ ᠬᠠᠷᠢᠶ᠎ᠠ ᠣᠷᠣᠨ ᠤ ᠵᠥᠷᠢᠴᠡᠯ ᠵᠢᠭᠤᠷᠠᠯᠳᠤᠭᠠᠨ ᠢ | ᠬᠠᠮᠲᠤ ᠪᠠᠷ ᠰᠤᠳᠤᠯᠤᠨ ᠮᠠᠭᠠᠳᠯᠠᠵᠤ ᠵᠥᠪᠳᠡᠯᠴᠡᠬᠦ ᠲᠣᠭᠲᠠᠴᠠ ᠶᠢ ᠪᠤᠢ ᠪᠣᠯᠭᠠᠵᠤ᠂ ᠵᠥᠷᠢᠴᠡᠯ ᠵᠢᠭᠤᠷᠠᠯᠳᠤᠭᠠᠨ ᠢ | ᠠᠷᠢᠯᠭᠠᠬᠤ ᠳᠤ ︽ᠭᠠᠭᠴᠠᠭᠠᠷ ᠢᠶᠠᠨ ᠲᠡᠮᠡᠴᠡᠵᠦ︾ ᠪᠠᠶᠢᠭᠰᠠᠨ ᠠᠴᠠ ᠨᠢ ︽ᠬᠠᠮᠲᠤᠷᠠᠨ ᠪᠠᠶᠢᠯᠳᠤᠬᠤ︾ ᠲᠡᠶᠢᠰᠢ | ᠰᠢᠯᠵᠢᠭᠦᠯᠵᠦ᠂ ᠡᠶᠡᠳᠡᠭᠦᠯᠬᠦ ᠠᠵᠢᠯ ᠢ ᠦᠨᠳᠦᠰᠦᠨ ᠱᠠᠲᠤᠨ ᠤ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠪᠣᠯᠭᠠᠨ᠎ᠠ᠃ | ︵ᠭᠤᠷᠪᠠ︶ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ | ᠲᠤᠰᠤᠯᠲᠠ ᠪᠠᠨ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠤ ᠰᠠᠨᠠᠯ ᠢ | ᠰᠣᠨᠣᠰᠴᠤ᠂ ᠣᠯᠠᠨ ᠲᠦᠮᠡᠨ ᠤ ᠰᠠᠨᠠᠯ ᠢ ᠠᠰᠠᠭᠤᠵᠤ᠂ ᠣᠯᠠᠨ ᠲᠦᠮᠡᠨ ᠢ ᠬᠠᠪᠰᠤᠷᠤᠨ ᠠᠵᠢᠯ ᠶᠠᠪᠤᠳᠠᠯ ᠬᠢᠵᠦ᠂ | ᠥᠨᠳᠥᠷ ᠪᠦᠲᠦᠮᠵᠢᠲᠡᠢ᠂ ᠳᠣᠲᠣᠨᠣᠰᠤᠭ᠂ ᠨᠠᠷᠢᠯᠢᠭ ᠦᠢᠯᠡᠴᠢᠯᠡᠭᠡ ᠪᠠᠷ ᠤᠯᠠᠨ ᠲᠦᠮᠡᠨ ᠤ ᠵᠦᠢ ᠶᠣᠰᠣᠨ ᠤ | ᠬᠦᠰᠡᠯ ᠱᠠᠭᠠᠷᠳᠠᠯᠭ᠎ᠠ ᠳᠤ ᠣᠨᠣᠪᠴᠢᠲᠠᠢ ᠬᠠᠷᠢᠭᠤᠯᠲᠠ ᠥᠭᠴᠦ᠂ ᠤᠯᠠᠨ ᠲᠦᠮᠡᠨ ᠲᠠᠢ | ᠭᠦᠨᠵᠡᠭᠡᠢ ᠰᠣᠯᠢᠯᠴᠠᠭ᠎ᠠ ᠬᠢᠬᠦ | ᠶᠠᠪᠤᠴᠠ ᠳᠤ ᠬᠦᠴᠢᠷ ᠠᠰᠠᠭᠤᠳᠠᠯ ᠢ | ᠰᠢᠢᠳᠪᠦᠷᠢᠯᠡᠬᠦ ︽ᠰᠠᠶᠢᠨ ᠠᠷᠭ᠎ᠠ︾ ᠶᠢ ᠣᠯᠵᠤ᠂ ︽ᠪᠠᠭ᠎ᠠ ᠵᠠᠭᠤᠷᠠᠯᠳᠤᠭᠠᠨ᠂ ᠪᠠᠭ᠎ᠠ | ᠵᠥᠷᠢᠴᠡᠯ︾ ᠢ ︽ᠶᠡᠭᠡ ᠠᠰᠠᠭᠤᠳᠠᠯ᠂ ᠶᠡᠭᠡ ᠬᠡᠮ ᠰᠣᠭᠤᠭ︾ ᠪᠣᠯᠭᠠᠨ ᠬᠥᠭᠵᠢᠭᠦᠯᠬᠦ ᠠᠴᠠ ᠵᠠᠶᠢᠯᠠᠰᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢᠨ ︽ | ᠬᠤᠣᠰ ᠳᠡᠭᠡᠭᠰᠢᠯᠡᠯᠲᠡ︾ ᠶᠢ ᠠᠬᠢᠭᠤᠯᠬᠤ ᠬᠡᠷᠡᠭᠲᠡᠢ᠃ | |