ᠨᠢᠭᠡ᠂ ᠠᠬᠤᠢ ᠪᠠᠶᠢᠳᠠᠯ ᠪᠠ ᠡᠭᠦᠰᠦᠭᠰᠡᠨ ᠰᠢᠯᠳᠠᠭᠠᠨ | ᠳᠠᠷᠬᠠᠨ ᠮᠤᠤᠮᠢᠩᠭᠠᠨ ᠬᠤᠰᠢᠭᠤ ᠡᠬᠡ ᠤᠯᠤᠰ ᠤᠨ ᠪᠠᠷᠠᠭᠤᠨ ᠬᠡᠰᠡᠭ ᠤᠨ ᠳᠣᠲᠣᠭᠠᠳᠤ ᠬᠠᠭᠤᠷᠠᠢ ᠳᠤ | ᠪᠠᠶᠢᠷᠢᠰᠢᠵᠤ᠂ ᠭᠠᠩ ᠬᠠᠭᠤᠷᠠᠢ ᠪᠣᠷᠣᠭᠠᠨ ᠪᠠᠭ᠎ᠠ᠂ ᠤᠰᠤᠨ ᠤ ᠡᠬᠢ ᠪᠠᠶᠠᠯᠢᠭ ᠠᠶᠠᠨᠳᠠᠭᠠᠨ ᠳᠤᠲᠠᠭᠳᠠᠵᠤ᠂ ᠠᠵᠤ | ᠦᠢᠯᠡᠳᠪᠦᠷᠢ ᠳᠤ ᠬᠡᠷᠡᠭᠯᠡᠬᠦ ᠤᠰᠤᠨ ᠤ ᠳᠤᠲᠠᠭᠤᠳᠠᠯ ᠨᠡᠯᠢᠶᠡᠳ ᠶᠡᠭᠡ ᠪᠠᠶᠢᠵᠤ᠂ ᠤᠰᠤᠨ ᠤ ᠡᠬᠢ ᠪᠠᠶᠠᠯᠢᠭ | ᠳᠤᠲᠠᠭᠳᠠᠬᠤ ᠨᠢ ᠨᠢᠭᠡᠨᠲᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠬᠤ ᠭᠤᠣᠯ ︽ᠪᠣᠭᠤᠮᠢ | ︾ ᠪᠣᠯᠤᠭᠰᠠᠨ ᠪᠠᠶᠢᠨ᠎ᠠ᠃ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ︽ᠰᠢᠢᠳᠪᠦᠷᠢᠯᠡᠭᠳᠡᠬᠦᠢ ᠰᠡᠳᠬᠢᠬᠦᠢ︾ | ᠶᠢ ᠪᠠᠲᠤ ᠪᠤᠶ ᠪᠣᠯᠭᠠᠵᠤ᠂ ᠪᠦᠬᠦ ᠬᠤᠰᠢᠭᠤᠨ ᠤ ᠣᠳᠣ ᠶᠢᠨ ᠤᠰᠤᠨ ᠤ ᠡᠬᠢ ᠪᠠᠶᠠᠯᠢᠭ ᠤᠨ ᠨᠥᠬᠦᠴᠡᠯ ᠳᠣᠣᠷ᠎ᠠ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠰᠢᠪᠲᠤᠯᠤᠯᠲᠠ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠵᠦ᠂ ᠤᠰᠤ | ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠢᠯ ᠪᠦᠷᠢ ᠰᠢᠨ᠎ᠡ ᠪᠠᠷ 546 ᠲᠦᠮᠡᠨ ᠪᠣᠰᠤᠭ᠎ᠠ ᠳᠥᠷᠪᠡᠯᠵᠢᠨ | ᠮᠧᠲᠷ ᠠᠴᠠ ᠳᠡᠭᠡᠭᠰᠢ ᠤᠰᠤ ᠬᠠᠩᠭᠠᠬᠤ ᠶᠢ ᠪᠡᠶᠡᠯᠡᠭᠦᠯᠵᠦ᠂ ᠠᠭᠤᠯᠠᠨ ᠬᠤᠶᠢᠲᠤ ᠣᠷᠣᠨ ᠤ ᠤᠰᠤᠨ ᠤ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠠᠵᠤ ᠦᠢᠯᠡᠳᠪᠦᠷᠢ ᠶᠢᠨ ᠬᠥᠭᠵᠢᠯᠲᠡ ᠳᠤ ᠤᠰᠤ | ᠳᠤᠲᠠᠭᠳᠠᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠭᠤᠣᠯᠳᠠᠯᠭ᠎ᠠ ᠲᠠᠢ ᠠᠵᠤ ᠦᠢᠯᠡᠰ ᠪᠠ | ᠴᠢᠨᠠᠷ ᠰᠠᠶᠢᠲᠠᠢ ᠲᠥᠷᠥᠯ ᠵᠦᠢᠯ ᠳᠤ ︽ᠬᠥᠭᠵᠢᠯᠲᠡ ᠶᠢᠨ ᠤᠰᠤ︾ ᠪᠠ ︽ᠠᠮᠢ ᠠᠪᠤᠷᠠᠬᠤ ᠤᠰᠤ︾ ᠣᠯᠭᠤᠵᠤ᠂ | ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠥᠨᠳᠥᠷ | ᠪᠠᠶᠢᠷᠢᠨ ᠳᠤ ᠠᠬᠢᠭᠤᠯᠵᠤ᠂ ᠪᠥᠬᠦ ᠬᠤᠰᠢᠭᠤᠨ ᠤ ︽ᠤᠰᠤᠨ ᠤ ᠡᠬᠢ ᠪᠠᠶᠠᠯᠢᠭ︾ ᠢ ᠠᠮᠢᠯᠠᠭᠤᠯᠪᠠ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠪᠣᠯ ᠪᠥᠬᠦ ᠨᠡᠶᠢᠭᠡᠮ᠂ ᠪᠥᠬᠦ ᠡᠵᠡᠩᠨᠡᠯᠲᠡ ᠶᠢᠨ ᠬᠡᠯᠪᠡᠷᠢ | ᠪᠠᠶᠢᠳᠠᠯ᠂ ᠪᠥᠬᠦ ᠶᠠᠪᠤᠴᠠ ᠶᠢ ᠬᠠᠮᠤᠷᠤᠭᠰᠠᠨ ᠨᠢᠭᠡ ᠵᠦᠢᠯ ᠤᠨ ᠥᠭᠡᠷᠡᠴᠢᠯᠡᠯᠲᠡ ᠪᠣᠯᠣᠨ᠎ᠠ᠃ ᠬᠤᠰᠢᠭᠤᠨ ᠤᠰᠤᠨ | ᠶᠠᠪᠤᠳᠠᠯ ᠤᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 11 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠶᠢᠨ ᠬᠠᠷᠠᠯᠲᠠ᠂ ᠬᠡᠷᠡᠭᠵᠢᠭᠦᠯᠬᠦ ᠠᠯᠬᠤᠮ ᠳᠠᠷᠠᠭ᠎ᠠ᠂ ᠠᠬᠢᠭᠤᠯᠬᠤ | ᠠᠷᠭ᠎ᠠ ᠬᠡᠮᠵᠢᠶ᠎ᠡ ᠵᠢᠴᠢ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠨᠢᠭᠡᠴᠢ ᠶᠢᠨ | ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ | ᠱᠠᠲᠤᠨ ᠤ ᠨᠢᠭᠲᠠ ᠬᠠᠮᠵᠢᠯᠴᠠᠭᠰᠠᠨ᠂ ᠨᠢᠭᠡ ᠴᠣᠭᠴᠠᠵᠢᠭᠤᠯᠤᠨ ᠠᠬᠢᠭᠤᠯᠤᠭᠰᠠᠨ ᠬᠦᠴᠦᠷᠬᠡᠭ ᠶᠡᠭᠡ | ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠪᠡ᠃ ︽ᠤᠰᠤ ᠪᠠᠷ ᠲᠣᠭᠲᠠᠭᠠᠵᠤ᠂ | ᠤᠰᠤᠨ ᠤ ᠬᠡᠮᠵᠢᠶ᠎ᠡ ᠪᠠᠷ ᠬᠢᠬᠦ︔ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠵᠦ᠂ ᠵᠠᠬ᠎ᠠ ᠳᠡᠯᠭᠡᠭᠦᠷ ᠢᠶᠠᠷ | ᠲᠣᠬᠢᠷᠠᠭᠤᠯᠬᠤ︔ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ | ᠲᠥᠷᠥ ᠶᠢᠨ ᠪᠣᠳᠣᠯᠭ᠎ᠠ ᠬᠡᠷᠡᠭᠵᠢᠭᠦᠯᠬᠦ︔ ᠳᠦᠷᠢᠮ ᠢ ᠨᠢᠭᠡᠳᠬᠡᠵᠦ᠂ ᠠᠷᠠᠯᠵᠢᠶ᠎ᠠ ᠶᠢ ᠳᠦᠷᠢᠮᠵᠢᠭᠦᠯᠬᠦ︾ ᠵᠠᠷᠴᠢᠮ᠂ | ᠤᠰᠤ ᠬᠡᠷᠡᠭᠯᠡᠬᠦ ᠡᠷᠬᠡ ᠶᠢ ᠨᠠᠷᠢᠯᠢᠭ ᠬᠢᠨᠠᠨ ᠲᠣᠭᠲᠠᠭᠠᠬᠤ᠂ ᠤᠰᠤ ᠬᠡᠷᠡᠭᠯᠡᠬᠦ ᠬᠡᠮᠵᠢᠶ᠎ᠡ ᠶᠢ ᠰᠢᠯᠢᠳᠡᠭᠵᠢᠭᠦᠯᠦᠨ | ᠬᠤᠪᠢᠶᠠᠷᠢᠯᠠᠬᠤ᠂ ᠤᠰᠤ ᠬᠡᠷᠡᠭᠯᠡᠬᠦ ᠦᠨ᠎ᠡ ᠶᠢ ᠵᠣᠬᠢᠰᠲᠠᠢ ᠲᠣᠭᠲᠠᠭᠠᠬᠤ᠂ ᠵᠠᠬ᠎ᠠ ᠳᠡᠯᠭᠡᠭᠦᠷᠴᠢᠯᠡᠬᠦ ᠲᠣᠭᠲᠠᠴᠠ ᠶᠢ | ᠪᠠᠶᠢᠭᠤᠯᠬᠤ᠂ ᠬᠡᠮᠵᠢᠯᠲᠡ ᠶᠢᠨ ᠪᠡᠯᠡᠳᠬᠡᠮᠵᠢ ᠶᠢᠨ ᠨᠥᠬᠦᠴᠡᠯ ᠢ ᠰᠢᠯᠢᠳᠡᠭᠵᠢᠭᠦᠯᠬᠦ᠂ ᠬᠢᠨᠠᠨ ᠬᠡᠮᠵᠢᠵᠦ ᠬᠢᠨᠠᠨ | ᠬᠠᠮᠢᠶᠠᠷᠬᠤ ᠲᠣᠭᠲᠠᠯᠴᠠᠭ᠎ᠠ ᠶᠢ ᠪᠠᠶᠢᠭᠤᠯᠬᠤ ᠵᠡᠷᠭᠡ ᠰᠢᠷᠢᠰ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ᠂ ᠵᠠᠰᠠᠭ ᠤᠨ ᠣᠷᠳᠣᠨ ᠠᠴᠠ ᠲᠣᠬᠢᠷᠠᠭᠤᠯᠤᠨ | ᠡᠵᠡᠮᠳᠡᠭᠰᠡᠨ ᠤᠰᠤ ᠠᠷᠪᠢᠯᠠᠬᠤ ᠤᠰᠤ ᠬᠡᠷᠡᠭᠯᠡᠬᠦ ᠪᠠᠶᠢᠭᠤᠯᠤᠯ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠡᠭᠦᠨ ᠤ ᠤᠯᠠᠮ ᠢᠶᠠᠷ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠂ ᠤᠰᠤ ᠬᠡᠷᠡᠭᠯᠡᠬᠦ ᠠᠷᠭ᠎ᠠ ᠮᠠᠶ᠋ᠢᠭ ᠢ | ᠬᠤᠪᠢᠷᠠᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠲᠠᠢ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠤᠭᠤᠲᠤ ᠬᠤᠲᠠ ᠳᠤ ︽ᠲᠠᠷᠢᠶᠠᠯᠠᠩ ᠠᠴᠠ ᠠᠵᠤ ᠦᠢᠯᠡᠳᠪᠦᠷᠢ ᠪᠣᠯᠭᠠᠨ | ᠬᠤᠪᠢᠷᠠᠭᠤᠯᠬᠤ︾ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠤᠷᠢᠳᠠᠪᠠᠷ ᠲᠤᠷᠰᠢᠨ | ᠠᠬᠢᠭᠤᠯᠵᠤ᠂ ᠲᠤᠷᠰᠢᠯᠭ᠎ᠠ ᠬᠤᠷᠠᠮᠳᠤᠭᠤᠯᠤᠭᠰᠠᠨ ᠤ ᠳᠠᠷᠠᠭ᠎ᠠ ᠠᠯᠬᠤᠮ ᠠᠯᠬᠤᠮ ᠢᠶᠠᠷ ᠳᠡᠯᠭᠡᠷᠡᠭᠦᠯᠪᠡ᠃ | ︵ᠬᠤᠶᠠᠷ︶ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ︽ᠤᠰᠤᠨ ᠤ ᠡᠬᠢ ᠰᠤᠷᠪᠤᠯᠵᠢ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ︾ | ᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠤᠰᠤ ᠳᠤᠲᠠᠭᠳᠠᠬᠤ ᠬᠦᠴᠢᠷ | ᠠᠰᠠᠭᠤᠳᠠᠯ ᠢ ᠰᠢᠢᠳᠪᠦᠷᠢᠯᠡᠪᠡ | ᠠᠯᠤᠰ ᠬᠡᠳᠦ ᠶᠢ ᠪᠣᠳᠣᠯᠬᠢᠯᠠᠬᠤ᠂ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠶᠢ ᠪᠠᠷᠢᠮᠲᠠᠯᠠᠵᠤ᠂ ᠪᠦᠬᠦ | ᠬᠤᠰᠢᠭᠤᠨ ᠤ ᠤᠰᠤᠨ ᠤ ᠡᠬᠢ ᠪᠠᠶᠠᠯᠢᠭ᠂ ᠲᠠᠷᠢᠶᠠᠯᠠᠩ ᠪᠠ ᠠᠵᠤ ᠦᠢᠯᠡᠳᠪᠦᠷᠢ ᠶᠢᠨ ᠤᠰᠤ ᠬᠠᠩᠭᠠᠬᠤ ᠤᠰᠤᠨ ᠤ | ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ | ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠳᠠᠬᠢᠯᠲᠠ ᠤᠰᠤ ᠵᠡᠷᠭᠡ ᠤᠰᠤᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠵᠤ᠂ ︽ᠤᠰᠤᠨ ᠤ ᠡᠬᠢ ᠰᠤᠷᠪᠤᠯᠵᠢ᠂ ᠤᠰᠤᠨ ᠤ ᠠᠮᠢ ᠠᠬᠤᠢ᠂ ᠤᠰᠤᠨ ᠤ | ᠣᠷᠴᠢᠨ ᠲᠣᠭᠤᠷᠢᠨ︾ ᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠤᠰᠤ | ᠳᠤᠲᠠᠭᠳᠠᠬᠤ ᠬᠦᠴᠢᠷ ᠠᠰᠠᠭᠤᠳᠠᠯ ᠢ ᠰᠢᠢᠳᠪᠦᠷᠢᠯᠡᠨ᠂ ᠵᠢᠯ ᠪᠦᠷᠢ ᠬᠤᠰᠢᠭᠤᠨ ᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ 546 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤᠨ ᠤ ᠬᠠᠩᠭᠠᠯᠭ᠎ᠠ ᠶᠢ | ᠰᠢᠨ᠎ᠡ ᠪᠠᠷ ᠨᠡᠮᠡᠭᠳᠡᠭᠦᠯᠵᠦ᠂ ᠵᠢᠯ ᠪᠦᠷᠢ ᠤᠰᠤᠨ ᠤ ᠡᠬᠢ ᠪᠠᠶᠠᠯᠢᠭ ᠤᠨ ᠪᠣᠷᠤᠯᠠᠭᠤᠯᠭ᠎ᠠ ᠶᠢᠨ ᠣᠷᠣᠯᠭ᠎ᠠ ᠪᠠ ᠭᠠᠶᠢᠯᠢ | ᠰᠦᠢᠳᠬᠡᠯ ᠤᠨ ᠣᠷᠣᠯᠭ᠎ᠠ ᠶᠢ 4000 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃ | ᠨᠢᠭᠡ ᠳᠤ᠂ ᠳᠠᠯᠳᠠ ᠬᠦᠴᠦᠨ ᠢ ᠠᠭᠤᠳᠠᠯᠤᠨ ᠤᠰᠤ ᠶᠢ ︽ᠥᠷᠭᠡᠳᠬᠡᠬᠦ︾ ᠶᠢ ᠪᠠᠷᠢᠮᠲᠠᠯᠠᠵᠤ᠂ ᠭᠠᠵᠠᠷ | ᠳᠣᠣᠷᠠᠬᠢ ᠤᠰᠤᠨ ᠤ ᠡᠬᠢ ᠪᠠᠶᠠᠯᠢᠭ ᠢ ᠠᠷᠪᠢᠯᠠᠵᠤ ︽ᠲᠠᠷᠢᠶᠠᠯᠠᠩ ᠤᠨ ᠦᠢᠯᠡᠰ ᠢ ᠠᠵᠤ ᠦᠢᠯᠡᠳᠪᠦᠷᠢ ᠶᠢᠨ | ᠦᠢᠯᠡᠰ ᠲᠤ ᠰᠢᠯᠵᠢᠭᠦᠯᠬᠦ︾ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠦᠯᠡᠳᠡᠪᠦᠷᠢ ᠤᠰᠤᠨ ᠤ | ᠬᠡᠮᠵᠢᠶ᠎ᠡ ᠶᠢ ᠪᠠᠭᠠᠰᠬᠠᠵᠤ᠂ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠭᠤᠯᠤᠨ ᠠᠵᠤ ᠦᠢᠯᠡᠳᠪᠦᠷᠢ ᠳᠤ ᠬᠡᠷᠡᠭᠯᠡᠬᠦ | ᠤᠰᠤ ᠶᠢ ᠰᠢᠯᠵᠢᠭᠦᠯᠦᠨ ᠥᠭᠴᠦ᠂ ᠦᠷ᠎ᠡ ᠠᠰᠢᠭ ᠤᠨ ᠲᠠᠯ᠎ᠠ ᠪᠠᠷ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ | ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ᠬᠢᠵᠠᠭᠠᠷ ᠲᠠᠢ ᠤᠰᠤᠨ ᠤ ᠡᠬᠢ ᠪᠠᠶᠠᠯᠢᠭ ᠤᠨ | ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ︽ᠤᠰᠤᠨ ᠤ ᠡᠬᠢ ᠪᠠᠶᠠᠯᠢᠭ︾ ᠢ ︽ᠤᠰᠤᠨ ᠤ ᠡᠳ᠋ | ᠬᠥᠷᠥᠩᠭᠡ︾ ᠪᠣᠯᠭᠠᠨ ᠬᠤᠪᠢᠷᠠᠭᠤᠯᠤᠨ᠎ᠠ᠃ ᠮᠠᠯᠵᠢᠬᠤ ᠣᠷᠣᠨ ᠤ 12 ᠲᠦᠮᠡᠨ ᠮᠦ ᠲᠠᠷᠢᠶᠠᠯᠠᠩ ᠳᠤ ᠬᠡᠷᠡᠭᠯᠡᠬᠦ | ᠭᠠᠵᠠᠷ ᠲᠤ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠲᠣᠭᠲᠠᠪᠤᠷᠢᠲᠠᠢ ᠦᠯᠡᠳᠡᠪᠦᠷᠢ ᠤᠰᠤᠨ ᠤ ᠡᠬᠢ | ᠪᠠᠶᠠᠯᠢᠭ ︵2025 ᠣᠨ ᠳᠤ 50 ᠲᠦᠮᠡᠨ ᠪᠣᠰᠤᠭ᠎ᠠ ᠳᠥᠷᠪᠡᠯᠵᠢᠨ ᠮᠧᠲᠷ᠂ 2026 ᠣᠨ ᠳᠤ 100 ᠲᠦᠮᠡᠨ | ᠪᠣᠰᠤᠭ᠎ᠠ ᠳᠥᠷᠪᠡᠯᠵᠢᠨ ᠮᠧᠲᠷ᠂ 2027 ᠣᠨ ᠳᠤ 150 ᠲᠦᠮᠡᠨ ᠪᠣᠰᠤᠭ᠎ᠠ ᠳᠥᠷᠪᠡᠯᠵᠢᠨ ᠮᠧᠲᠷ︶ ᠢ ᠪᠣᠶ | ᠪᠣᠯᠭᠠᠵᠤ᠂ ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠤᠰᠤ ᠬᠡᠷᠡᠭᠯᠡᠬᠦ ᠡᠷᠬᠡ ᠶᠢᠨ ︽ᠲᠠᠷᠢᠶᠠᠯᠠᠩ ᠠᠴᠠ ᠠᠵᠤ ᠦᠢᠯᠡᠳᠪᠦᠷᠢ ᠪᠣᠯᠭᠠᠨ ᠬᠤᠪᠢᠷᠠᠭᠤᠯᠬᠤ︾ | ᠵᠠᠬ᠎ᠠ ᠳᠡᠯᠭᠡᠭᠦᠷ ᠤᠨ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠵᠦ᠂ 2024 ᠣᠨ ᠠᠴᠠ 2026 ᠣᠨ ᠪᠣᠯᠲᠠᠯᠠᠬᠢ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠵᠥᠷᠢᠴᠡᠯ ᠢ | ᠨᠠᠮᠳᠠᠭᠤᠯᠤᠨ᠎ᠠ᠃ ᠡᠭᠦᠨ ᠤ ᠵᠡᠷᠭᠡᠴᠡᠭᠡ ᠪᠠᠷ᠂ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠠᠷᠪᠢᠯᠠᠵᠤ᠂ ᠠᠮᠢ | ᠠᠬᠤᠢ ᠳᠤ ᠬᠡᠷᠡᠭᠯᠡᠬᠦ ᠤᠰᠤ ᠶᠢ ᠰᠢᠯᠢᠳᠡᠭᠵᠢᠭᠦᠯᠦᠨ᠂ ᠲᠠᠷᠢᠶᠠᠯᠠᠩ ᠤᠨ ᠤᠰᠤᠨ ᠳᠤ ᠵᠣᠬᠢᠴᠠᠬᠤ ᠲᠠᠷᠢᠮᠠᠯ᠂ ᠠᠵᠤ | ᠦᠢᠯᠡᠳᠪᠦᠷᠢ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠤᠰᠤ ᠶᠡᠭᠡ | ᠬᠤᠷᠣᠭᠳᠠᠭᠤᠯᠬᠤ ᠠᠵᠤ ᠦᠢᠯᠡᠰ ᠤᠨ ᠳᠠᠯᠳᠠ ᠬᠦᠴᠦᠨ ᠢ ᠭᠦᠨ ᠠᠭᠤᠳᠠᠯᠵᠤ᠂ ᠤᠰᠤ ᠶᠡᠭᠡ ᠬᠤᠷᠣᠭᠳᠠᠭᠤᠯᠬᠤ | ᠠᠵᠤ ᠦᠢᠯᠡᠰ ᠤᠨ ᠬᠥᠭᠵᠢᠯᠲᠡ ᠶᠢ ᠴᠢᠩᠭ᠎ᠠ ᠬᠢᠵᠠᠭᠠᠷᠯᠠᠨ᠎ᠠ᠃ | ᠬᠤᠶᠠᠷ ᠲᠤ᠂ ᠤᠰᠤᠨ ᠤ ᠡᠬᠢ ᠰᠤᠷᠪᠤᠯᠵᠢ ᠶᠢ ᠨᠡᠭᠡᠭᠡᠨ ᠤᠰᠤ ︽ᠨᠡᠮᠡᠭᠳᠡᠭᠦᠯᠬᠦ︾ ᠶᠢ ᠪᠠᠷᠢᠮᠲᠠᠯᠠᠵᠤ᠂ | ᠭᠠᠵᠠᠷ ᠳᠡᠭᠡᠷᠡᠬᠢ ᠤᠰᠤ ᠶᠢ ᠠᠰᠢᠭᠯᠠᠬᠤ ᠪᠠᠷ ᠲᠥᠯᠥᠪᠯᠡᠨ᠎ᠡ᠃ ᠬᠤᠳᠠᠯᠳᠤᠭᠠᠴᠢᠨ ᠤᠷᠢᠵᠤ ᠬᠤᠩᠭᠤᠷᠲᠠᠯ᠎ᠠ | ᠴᠥᠭᠦᠷᠥᠮ ᠤᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠦᠨ᠂ ᠭᠠᠵᠠᠷ ᠳᠡᠭᠡᠷᠡᠬᠢ ᠤᠰᠤ ᠶᠢ ᠬᠠᠰᠢᠨ | ᠬᠡᠷᠡᠭᠯᠡᠵᠦ᠂ ᠵᠢᠯ ᠤᠨ ᠤᠰᠤ ᠬᠠᠩᠭᠠᠬᠤ ᠬᠡᠮᠵᠢᠶ᠎ᠡ ᠶᠢ 100 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠦᠨ | ᠂ ᠪᠠᠲᠤᠬᠠᠭᠠᠯᠭ᠎ᠠ ᠪᠠᠯᠭᠠᠰᠤ ᠶᠢᠨ 140 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠳᠣᠲᠣᠷᠠᠬᠢ ᠤᠰᠤᠨ ᠤ ᠡᠬᠢ | ᠪᠠᠶᠠᠯᠢᠭ ᠢ ᠢᠵᠢ ᠪᠦᠷᠢᠳᠦᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠤᠰᠤ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃ ᠮᠠᠨᠳᠤᠯ ᠪᠣᠭᠤᠮᠲᠠ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠤᠰᠤᠨ ᠤ ᠡᠬᠢ ᠪᠠᠶᠠᠯᠢᠭ ᠢ ᠨᠠᠷᠢᠨ ᠪᠠᠶᠢᠴᠠᠭᠠᠵᠤ᠂ ᠰᠢᠨ᠎ᠡ ᠤᠰᠤᠨ ᠤ ᠡᠬᠢ ᠰᠤᠷᠪᠤᠯᠵᠢ ᠶᠢ ᠨᠡᠭᠡᠭᠡᠨ | ᠠᠰᠢᠭᠯᠠᠬᠤ ᠪᠠᠷ ᠴᠢᠷᠮᠠᠶᠢᠨ᠎ᠠ᠃ ᠬᠠᠪᠴᠢᠯ ᠴᠥᠭᠦᠷᠥᠮ ︵ᠵᠢᠯ ᠤᠨ ᠬᠠᠩᠭᠠᠬᠤ ᠤᠰᠤᠨ ᠤ ᠬᠡᠮᠵᠢᠶ᠎ᠡ 190 ᠲᠦᠮᠡᠨ | ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ︶᠂ ᠳᠡᠪᠡᠯ ᠤᠨ ᠭᠤᠣᠯ ᠴᠥᠭᠦᠷᠥᠮ ︵ᠵᠢᠯ ᠤᠨ ᠬᠠᠩᠭᠠᠬᠤ | ᠤᠰᠤᠨ ᠤ ᠬᠡᠮᠵᠢᠶ᠎ᠡ 50 ᠲᠦᠮᠡᠨ ᠪᠣᠰᠤᠭ᠎ᠠ ᠳᠥᠷᠪᠡᠯᠵᠢᠨ ᠮᠧᠲᠷ︶ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠰᠦᠪᠡᠭᠴᠢᠯᠡᠨ ᠠᠬᠢᠭᠤᠯᠵᠤ᠂ ᠪᠠᠶᠠᠨᠬᠤᠸᠠ ᠶᠢᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ | ᠪᠣᠯᠪᠠᠰᠤᠷᠠᠭᠤᠯᠬᠤ ᠬᠦᠷᠢᠶᠡᠯᠡᠩ ᠪᠠ ᠮᠠᠨᠳᠤᠯ ᠪᠣᠭᠤᠮᠲᠠ ᠶᠢᠨ ᠤᠰᠤ ᠳᠤᠲᠠᠭᠳᠠᠬᠤ ᠬᠦᠴᠢᠷ ᠠᠰᠠᠭᠤᠳᠠᠯ ᠢ | ᠰᠢᠢᠳᠪᠦᠷᠢᠯᠡᠨ᠎ᠡ᠃ | ᠭᠤᠷᠪᠠ ᠳᠤ᠂ ︽ᠲᠦᠭᠦᠬᠡᠢ︾ ᠤᠰᠤ ᠶᠢ ᠳᠠᠬᠢᠨ ᠠᠰᠢᠭᠯᠠᠬᠤ ᠶᠢ ᠪᠠᠷᠢᠮᠲᠠᠯᠠᠵᠤ᠂ ᠳᠤᠮᠳᠠ ᠵᠡᠷᠭᠡ ᠶᠢᠨ | ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠨ᠎ᠡ᠃ ᠳᠠᠬᠢᠯᠲᠠ ᠤᠰᠤ ᠶᠢ ᠴᠤᠭᠯᠠᠭᠤᠯᠬᠤ | ᠪᠠ ᠠᠰᠢᠭᠯᠠᠬᠤ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠪᠣᠷᠣᠭᠠᠨ ᠤ ᠤᠰᠤ ᠶᠢ ᠬᠤᠷᠠᠮᠳᠤᠭᠤᠯᠤᠨ ᠠᠰᠢᠭᠯᠠᠬᠤ | ᠢᠨᠵᠧᠨᠧᠷᠢᠩ ᠢ ᠬᠡᠷᠡᠭᠵᠢᠭᠦᠯᠵᠦ᠂ ᠬᠠᠶᠢᠮᠢᠶᠠᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠪᠠᠲᠤᠬᠠᠭᠠᠯᠭ᠎ᠠ ᠪᠠᠯᠭᠠᠰᠤ ᠶᠢᠨ ᠳᠤᠮᠳᠠ ᠵᠡᠷᠭᠡ ᠶᠢᠨ ᠤᠰᠤ᠂ ᠰᠢᠪᠠᠷᠬᠦ᠋ᠷᠢᠶ᠎ᠡ ᠪᠠᠯᠭᠠᠰᠤ ᠶᠢᠨ | ᠳᠤᠮᠳᠠ ᠵᠡᠷᠭᠡ ᠶᠢᠨ ᠤᠰᠤ ᠶᠢ ᠪᠦᠬᠦᠨ ᠢ ᠠᠵᠤ ᠦᠢᠯᠡᠳᠪᠦᠷᠢ ᠶᠢᠨ ᠬᠦᠷᠢᠶᠡᠯᠡᠩ ᠳᠤ ᠣᠷᠣᠭᠤᠯᠵᠤ᠂ ᠵᠢᠯ | ᠪᠦᠷᠢ ᠶᠢᠨ ᠤᠰᠤ ᠬᠠᠩᠭᠠᠬᠤ ᠬᠡᠮᠵᠢᠶ᠎ᠡ ᠶᠢ 146 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠵᠦ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠳᠤᠮᠳᠠ | ᠵᠡᠷᠭᠡ ᠶᠢᠨ ᠤᠰᠤ ᠶᠢ ᠲᠥᠪᠯᠡᠷᠡᠭᠦᠯᠦᠨ ᠬᠠᠩᠭᠠᠨ᠎ᠠ᠃ ᠤᠰᠤ ᠶᠢ ᠡᠷᠴᠢᠮᠵᠢᠭᠦᠯᠦᠨ ᠠᠷᠪᠢᠯᠠᠵᠤ ᠬᠡᠷᠡᠭᠯᠡᠬᠦ ᠶᠢ | ᠭᠦᠨᠵᠡᠭᠡᠢ ᠠᠬᠢᠭᠤᠯᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ 2 ᠪᠠᠶᠢᠭᠤᠯᠵᠤ᠂ ᠳᠠᠬᠢᠯᠲᠠ ᠤᠰᠤ ᠶᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ | ᠪᠡᠶᠡᠯᠡᠭᠦᠯᠦᠨ᠎ᠡ᠃ | ᠭᠤᠷᠪᠠ᠂ ᠲᠤᠷᠰᠢᠯᠭ᠎ᠠ ᠶᠢᠨ ᠰᠡᠩᠬᠡᠷᠡᠭᠦᠯᠦᠯ | ︵ᠨᠢᠭᠡ︶ ᠰᠢᠢᠳᠪᠦᠷᠢᠯᠡᠭᠳᠡᠬᠦᠢ ᠰᠡᠳᠬᠢᠭᠦᠢ ᠪᠤᠯ ᠬᠦᠭᠵᠢᠯᠳᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ | ︽ᠪᠦᠳᠦᠮᠵᠢᠲᠠᠢ ᠡᠷᠳᠡᠨᠢ︾ ᠮᠦᠨ | ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠨᠢ ᠨᠠᠩ ᠥᠨᠳᠥᠷ ᠠᠵᠢᠯ ᠤᠨ ᠪᠠᠷᠢᠮᠵᠢᠶ᠎ᠠ᠂ ᠨᠠᠩ | ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠨᠠᠩ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠬᠠᠭᠤᠴᠢᠨ | ᠵᠤᠷᠰᠢᠯ ᠢᠶᠠᠨ ᠵᠢᠷᠤᠮᠯᠠᠬᠤ ᠶᠢ ᠠᠷᠢᠯᠭᠠᠵᠤ᠂ ᠠᠷᠭ᠎ᠠ ᠵᠠᠮ ᠢᠶᠠᠷ ᠰᠢᠨ᠎ᠡ ᠶᠢ ᠡᠭᠦᠳᠬᠦ ᠶᠢ ᠢᠳᠡᠪᠬᠢᠲᠡᠶ ᠬᠠᠶᠢᠨ | ᠰᠦᠪᠡᠭᠴᠢᠯᠡᠵᠦ᠂ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ | ᠲᠣᠳᠣᠷᠬᠠᠶ ᠣᠶᠢᠯᠠᠭᠠᠵᠤ᠂ ᠣᠯᠠᠨ ᠲᠠᠯ᠎ᠠ ᠠᠴᠠ ᠪᠢᠴᠢᠭ ᠵᠢᠭᠠᠵᠤ ᠰᠤᠷᠤᠯᠴᠠᠭᠰᠠᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠲᠥᠰᠦᠯ︾ ᠢ ᠰᠤᠳᠤᠯᠤᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ | ᠠᠬᠢᠭᠤᠯᠵᠤ᠂ 2024 ᠣᠨ ᠠᠴᠠ 2026 ᠤᠨ ᠪᠣᠯᠲᠠᠯᠠᠬᠢ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠵᠥᠷᠢᠴᠡᠯ ᠢ ᠪᠦᠲᠦᠮᠵᠢᠲᠡᠶ ᠨᠠᠮᠳᠠᠭᠤᠯᠵᠤ᠂ ᠪᠥᠬᠦ | ᠬᠤᠰᠢᠭᠤᠨ ᠤ ᠠᠵᠤ ᠦᠢᠯᠡᠳᠪᠦᠷᠢ ᠶᠢᠨ ᠤᠰᠤ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠰᠠᠭᠤᠷᠢ ᠲᠤᠭ᠎ᠠ ᠶᠢ ᠪᠠᠶᠢᠴᠠᠭᠠᠨ ᠲᠣᠳᠣᠯᠠᠬᠤ ᠪᠣᠯ ᠤᠰᠤᠨ ᠤ ᠡᠬᠢ ᠪᠠᠶᠠᠯᠢᠭ ᠢ ᠠᠷᠪᠢᠯᠠᠨ | ᠠᠰᠢᠭᠯᠠᠬᠤ ᠶᠢᠨ ︽ᠵᠠᠩᠭᠢᠯᠠᠭ᠎ᠠ ᠶᠢᠨ ᠲᠤᠯᠭᠠᠭᠤᠷᠢ︾ ᠮᠥᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠠᠩᠭᠠᠬᠤ ᠤᠰᠤ ᠬᠡᠷᠡᠭᠯᠡᠬᠦ᠂ ᠭᠤᠣᠯᠳᠠᠯᠭ᠎ᠠ ᠲᠠᠢ | ᠲᠥᠷᠥᠯ ᠵᠦᠢᠯ ᠤᠨ ᠤᠰᠤ ᠬᠡᠷᠡᠭᠯᠡᠬᠦ ᠳᠤᠲᠠᠭᠤᠳᠠᠯ᠂ ᠮᠠᠯᠵᠢᠬᠤ ᠲᠠᠷᠢᠶᠠᠯᠠᠬᠤ ᠣᠷᠣᠨ ᠤ ᠤᠰᠤᠯᠠᠯᠲᠠ ᠶᠢᠨ ᠤᠰᠤ | ᠠᠪᠬᠤ ᠵᠥᠪᠰᠢᠶᠡᠷᠡᠯ ᠤᠨ ᠬᠡᠮᠵᠢᠶ᠎ᠡ ᠵᠡᠷᠭᠡ ᠶᠢᠨ ᠪᠠᠶᠢᠳᠠᠯ ᠢ ᠣᠶᠢᠯᠠᠭᠠᠵᠤ ᠬᠢᠨᠠᠨ ᠪᠠᠶᠢᠴᠠᠭᠠᠬᠤ ᠪᠠᠷ ᠳᠡᠮᠵᠢᠨ᠂ | ᠪᠤᠭᠤᠲᠤ ᠬᠤᠲᠠ ᠶᠢᠨ ᠵᠠᠳᠠᠯᠤᠨ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠬᠡᠷᠡᠭᠯᠡᠬᠦ | ᠶᠡᠷᠦᠩᠬᠡᠢ ᠬᠡᠮᠵᠢᠶ᠎ᠡ ᠶᠢ ᠡᠵᠡᠮᠳᠡᠬᠦ ᠬᠠᠷᠠᠯᠲᠠ ᠶᠢ ᠦᠨᠳᠦᠰᠦᠯᠡᠨ᠂ ᠭᠠᠵᠠᠷ ᠤᠨ ᠭᠠᠳᠠᠷᠭᠤ ᠠᠴᠠ ᠭᠠᠵᠠᠷ ᠳᠣᠣᠷᠠᠬᠢ᠂ | ᠰᠠᠪᠠ ᠭᠠᠵᠠᠷ ᠪᠠ ᠣᠷᠣᠨ ᠪᠦᠰᠡ ᠶᠢ ᠬᠠᠷᠢᠯᠴᠠᠨ ᠤᠶᠠᠯᠳᠤᠭᠤᠯᠤᠭᠰᠠᠨ ᠤᠰᠤᠨ ᠤ ᠡᠬᠢ ᠪᠠᠶᠠᠯᠢᠭ ᠢ ᠬᠠᠮᠢᠶᠠᠷᠤᠨ | ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠬᠤᠰᠢᠭᠤᠨ ᠤ | ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠯ ᠬᠠᠩᠭᠠᠨ᠎ᠠ᠃ ᠡᠭᠦᠨ ᠤ ᠬᠠᠮᠲᠤ᠂ ᠤᠰᠤ | ᠲᠠᠲᠠᠬᠤ ᠢᠨᠵᠧᠨᠧᠷᠢᠩ ᠢ ᠬᠠᠷᠭᠤᠭᠤᠯᠤᠨ ᠪᠠᠶᠢᠴᠠᠭᠠᠵᠤ ᠳᠠᠩᠰᠠᠯᠠᠬᠤ᠂ ᠭᠠᠵᠠᠷ ᠳᠣᠣᠷᠠᠬᠢ ᠤᠰᠤᠨ ᠤ ᠤᠰᠤ | ᠲᠠᠲᠠᠬᠤ ᠢᠨᠵᠧᠨᠧᠷᠢᠩ ᠢ ᠳᠡᠩᠰᠡᠯᠡᠨ ᠳᠠᠩᠰᠠᠯᠠᠬᠤ ᠵᠡᠷᠭᠡ ᠪᠠᠷ ᠳᠠᠮᠵᠢᠭᠤᠯᠤᠨ᠂ ᠤᠰᠤ ᠲᠠᠲᠠᠵᠤ ᠬᠡᠷᠡᠭᠯᠡᠬᠦ | ᠡᠷᠦᠬᠡ ᠶᠢᠨ ᠤᠰᠤᠨ ᠤ ᠡᠷᠬᠡ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠤᠰᠤᠨ ᠤ ᠡᠬᠢ ᠪᠠᠶᠠᠯᠢᠭ ᠪᠠ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠬᠤᠪᠢᠶᠠᠷᠢᠯᠠᠨ᠂ ᠬᠠᠩᠭᠠᠯᠭ᠎ᠠ ᠬᠡᠷᠡᠭᠴᠡᠭᠡ ᠶᠢᠨ | ᠵᠥᠷᠢᠴᠡᠯ ᠢ ᠨᠠᠮᠳᠠᠭᠤᠯᠵᠤ᠂ ᠤᠰᠤ ᠬᠡᠷᠡᠭᠯᠡᠬᠦ ᠡᠷᠦᠬᠡ ᠪᠠ ᠤᠰᠤ ᠬᠡᠷᠡᠭᠯᠡᠬᠦ ᠠᠵᠤ ᠠᠬᠤᠶᠢᠯᠠᠯ ᠤᠨ ᠨᠠᠷᠢᠯᠢᠭ | ᠣᠨᠣᠴᠠᠲᠠᠢ ᠪᠠᠷ ᠤᠰᠤ ᠬᠠᠩᠭᠠᠬᠤ ᠳᠤ ᠪᠠᠲᠤᠯᠠᠭ᠎ᠠ ᠬᠠᠩᠭᠠᠵᠤ᠂ ᠡᠶ᠎ᠡ ᠵᠣᠬᠢᠴᠠᠯ ᠲᠠᠢ ᠪᠠᠷ ᠤᠰᠤ ᠬᠡᠷᠡᠭᠯᠡᠬᠦ ᠶᠢ | ᠪᠡᠶᠡᠯᠡᠭᠦᠯᠦᠨ᠎ᠡ᠃ | ︵ᠭᠤᠷᠪᠠ︶ ᠰᠢᠯᠢᠳᠡᠭᠵᠢᠭᠦᠯᠦᠨ ᠲᠣᠬᠢᠷᠠᠭᠤᠯᠬᠤ ᠪᠣᠯ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ︽ᠡᠴᠦᠰ ᠤᠨ ᠬᠠᠷᠠᠯᠲᠠ︾ ᠮᠥᠨ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠤᠰᠤ ᠬᠡᠷᠡᠭᠯᠡᠬᠦ | ᠡᠷᠬᠡ ᠶᠢᠨ ᠠᠷᠠᠯᠵᠢᠶ᠎ᠠ ᠶᠢᠨ ᠠᠰᠢᠭ ᠣᠯᠵᠠᠪᠤᠷᠢ ᠶᠢ ᠬᠤᠪᠢᠶᠠᠷᠢᠯᠠᠬᠤ ᠲᠣᠭᠲᠠᠴᠠ ᠶᠢ ᠪᠠᠶᠢᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠤᠨ ᠬᠥᠷᠥᠩᠭᠡ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠤᠰᠤ | ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠮᠠᠯᠴᠢᠨ ᠲᠠᠷᠢᠶᠠᠴᠢᠨ᠂ ᠭᠠᠴᠠᠭ᠎ᠠ ᠲᠣᠰᠬᠤᠨ ᠤ | ᠬᠠᠮᠲᠤ ᠨᠡᠶᠢᠲᠡ᠂ ᠤᠰᠤ ᠬᠡᠷᠡᠭᠯᠡᠬᠦ ᠠᠵᠤ ᠠᠬᠤᠶᠢᠯᠠᠯ᠂ ᠪᠡᠯᠡ ᠣᠷᠣᠭᠤᠯᠤᠯᠲᠠ ᠶᠢᠨ ᠥᠮᠴᠢᠲᠡᠨ᠂ ᠣᠷᠣᠨ | ᠨᠤᠲᠤᠭ ᠤᠨ ᠵᠠᠰᠠᠭ ᠤᠨ ᠣᠷᠳᠣᠨ ᠵᠡᠷᠭᠡ ᠣᠯᠠᠨ ᠲᠠᠯ᠎ᠠ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠡᠭᠦᠨ ᠤ | ᠬᠠᠮᠲᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠪᠠᠷ ᠳᠡᠮᠵᠢᠨ᠂ ᠤᠷᠢᠳᠠᠪᠠᠷ ᠬᠡᠷᠡᠭᠵᠢᠭᠦᠯᠵᠦ | ᠤᠷᠢᠳᠠᠪᠠᠷ ᠲᠤᠷᠰᠢᠵᠤ ᠪᠠᠶᠢᠭᠠᠳ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠥᠬᠦ | ᠬᠤᠰᠢᠭᠤᠨ ᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠥᠨᠳᠥᠷ ᠪᠦᠲᠦᠮᠵᠢᠲᠡᠶ | ᠠᠰᠢᠭᠯᠠᠬᠤ ᠶᠢ ᠪᠦᠲᠦᠮᠵᠢᠲᠡᠶ ᠠᠬᠢᠭᠤᠯᠵᠤ᠂ ᠤᠰᠤᠨ ᠤ ᠪᠣᠭᠤᠮᠢ ᠶᠢ ᠤᠰᠤᠨ ᠤ ᠲᠤᠯᠭᠠᠭᠤᠷᠢᠯᠠᠯ᠂ ᠤᠰᠤᠨ ᠤ | ᠪᠠᠲᠤᠯᠠᠭ᠎ᠠ ᠪᠣᠯᠭᠠᠨ ᠬᠤᠪᠢᠷᠠᠭᠤᠯᠵᠤ᠂ ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ | ᠪᠣᠯᠬᠤ ᠲᠤᠷᠰᠢᠯᠭ᠎ᠠ ᠠᠷᠭ᠎ᠠ ᠶᠢ ᠪᠣᠶ ᠪᠣᠯᠭᠠᠨ᠎ᠠ᠃ | |