ᠣᠶᠢᠷ᠎ᠠ ᠶᠢᠨ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠨ ᠲᠣᠭᠲᠠᠭᠠᠬᠤ ᠬᠤᠷᠠᠯ ᠬᠥᠬᠡᠬᠤᠲᠠ ᠳᠤ ᠶᠠᠪᠤᠭᠳᠠᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠤᠨ 97 ᠲᠠᠷᠢᠶᠠᠯᠠᠩ ᠤᠨ ᠨᠡᠶᠢᠭᠡᠮᠴᠢᠯᠡᠭᠰᠡᠨ ᠭᠤᠤᠯ ᠴᠣᠭᠴᠠ ︵ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ 37᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠤᠤᠯ ᠴᠣᠭᠴᠠ 60︶ ᠶᠢᠨ ᠦᠢᠯᠡᠴᠢᠯᠡᠭᠡᠨ ᠤ | ᠴᠢᠳᠠᠪᠤᠷᠢ ᠳᠤ ᠠᠳᠠᠯᠢᠳᠬᠠᠨ ᠰᠢᠯᠭᠠᠷᠠᠭᠤᠯᠤᠯᠲᠠ ᠬᠢᠪᠠ᠃ ᠡᠭᠦᠨ ᠳᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠠᠨᠢᠯᠴᠠᠭᠤᠯᠤᠭᠰᠠᠨ ᠪᠤᠭᠤᠲᠤ ᠬᠤᠲᠠ ᠶᠢᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠾᠧ ᠰᠢᠶᠠᠩ ᠤᠨ ᠰᠢ ᠾᠧ ᠲᠣᠰᠬᠤᠨ ᠤ ᠠᠷᠠᠳ ᠤᠨ | ᠵᠥᠪᠯᠡᠯ ᠤᠨ ᠬᠠᠮᠲᠤ ᠶᠢᠨ ᠠᠵᠤ ᠠᠬᠤᠶ ᠶᠢᠨ ᠬᠤᠷᠰᠢᠶ᠎ᠠ ᠨᠢ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠰᠢᠯᠢᠳᠡᠭ ᠱᠠᠩᠨᠠᠯ ᠢ ᠭᠥᠷᠳᠡᠵᠦ᠂ ᠪᠥᠬᠦ ᠰᠢᠶᠠᠩ ᠤᠨ ᠥᠨᠳᠥᠷ ᠪᠦᠲᠦᠮᠵᠢᠲᠡᠶ᠂ ᠳᠥᠭᠦᠮ | ᠳᠥᠲᠡ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ ᠭᠤᠭᠴᠤᠭ᠎ᠠ ᠪᠥᠬᠦ ᠬᠡᠯᠬᠢᠶ᠎ᠡ ᠶᠢᠨ | ᠦᠢᠯᠡᠴᠢᠯᠡᠭᠡᠨ ᠤ ᠰᠢᠰᠲ᠋ᠧᠮ ᠢ ᠠᠬᠢᠭᠤᠯᠬᠤ ᠳᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ | ᠰᠢ ᠾᠧ ᠲᠣᠰᠬᠤᠨ ᠤ ᠨᠠᠮ ᠤᠨ ᠡᠭᠦᠷ ᠰᠠᠨ ᠾᠧ ᠢ ᠬᠤᠷᠰᠢᠶ᠎ᠠ ᠶᠢ ᠳᠠᠭᠠᠭᠤᠯᠤᠨ ᠡᠷᠬᠢᠯᠡᠭᠰᠡᠨ ᠶᠠᠪᠤᠳᠠᠯ | ᠪᠣᠯ ᠰᠢ ᠾᠧ ᠲᠣᠰᠬᠤᠨ ᠤ ᠨᠠᠮ ᠤᠨ ᠬᠤᠷᠢᠶᠠᠨ ᠤ ᠬᠠᠮᠲᠤ ᠶᠢᠨ ᠠᠵᠤ ᠠᠬᠤᠢ ᠶᠢᠨ ᠬᠤᠷᠰᠢᠶ᠎ᠠ ᠶᠢᠨ ᠨᠢᠭᠡ | ᠪᠣᠯᠤᠨ᠎ᠠ᠂ ᠮᠥᠨᠴᠦ 2023 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 22 ᠲᠤᠷᠰᠢᠯᠲᠠ ᠶᠢᠨ | ᠴᠡᠭ ᠤᠨ ᠲᠦᠷᠦᠯ ᠵᠦᠢᠯ ᠤᠨ ᠨᠢᠭᠡ ᠪᠣᠯᠤᠨ᠎ᠠ᠃ ᠬᠤᠷᠰᠢᠶ᠎ᠠ ᠭᠤᠤᠯᠳᠠᠭᠤ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠬᠤᠷᠰᠢᠶ᠎ᠠ ᠶᠢᠨ ᠤᠤᠯ ᠤᠨ ᠲᠣᠮᠣ ᠬᠡᠯᠪᠡᠷᠢ ᠶᠢᠨ | ᠲᠠᠷᠢᠶᠠᠯᠠᠩ ᠤᠨ ᠮᠠᠰᠢᠨ ᠪᠠᠭᠠᠵᠢ ᠶᠢᠨ ᠰᠠᠭᠤᠷᠢᠨ ᠳᠡᠭᠡᠷ᠎ᠡ᠂ ᠰᠢ ᠾᠧ ᠰᠢᠶᠠᠩ ᠤᠨ ᠲᠠᠷᠢᠶᠠᠴᠢᠨ ᠡᠷᠦᠬᠡ ᠶᠢᠨ 30 | ᠭᠠᠷᠤᠶ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠣᠷᠣᠭᠤᠯᠤᠨ ᠲᠦᠷᠢᠶᠡᠰᠦᠯᠡᠨ ᠳᠠᠷᠢᠬᠤ | ᠬᠠᠮᠢᠶᠠᠷᠤᠯᠲᠠ ᠬᠢᠵᠦ᠂ ᠰᠢ ᠾᠧ᠂ ᠴᠠᠩ ᠬᠠᠨ ᠪᠠ ᠴᠢᠶᠠᠨ ᠾᠧ ᠵᠡᠷᠭᠡ 3 ᠲᠣᠰᠬᠤᠨ ᠤ 4 ᠲᠦᠮᠡ ᠰᠢᠬᠠᠮ ᠮᠥ | ᠲᠠᠷᠢᠶᠠᠨ ᠭᠠᠵᠠᠷ ᠢ ᠬᠠᠮᠤᠷᠴᠠᠶ᠃ ᠰᠢ ᠾᠧ ᠲᠣᠰᠬᠤᠨ ᠤ ᠠᠷᠠᠳ ᠤᠨ ᠵᠥᠪᠯᠡᠯ ᠬᠠᠮᠲᠤ ᠶᠢᠨ ᠠᠵᠤ ᠠᠬᠤᠶ ᠶᠢᠨ | ᠪᠡᠯᠡ ᠮᠥᠩᠭᠦ ᠪᠠᠷ 5 ᠲᠦᠮᠡᠨ ᠲᠥᠭᠦᠷᠢᠭ ᠬᠤᠪᠢ ᠣᠷᠣᠭᠤᠯᠵᠤ᠂ ᠮᠠᠰᠢᠨ ᠢᠶᠠᠷ ᠬᠤᠪᠢ ᠣᠷᠣᠭᠤᠯᠬᠤ ︵100 | ᠲᠦᠮᠡᠨ ᠲᠥᠭᠦᠷᠢᠭ ᠢᠶᠠᠷ ᠨᠤᠭᠤᠯᠤᠨ ᠪᠤᠳᠤᠨ᠎ᠠ︶ ᠶᠢ ᠡᠮᠬᠢᠯᠡᠨ ᠨᠡᠶᠢᠯᠡᠭᠦᠯᠵᠦ᠂ ᠬᠠᠮᠢᠶᠠᠷᠤᠯᠲᠠ ᠶᠢᠨ ᠠᠵᠢᠯᠲᠠᠨ 20 | ᠲᠦᠮᠡᠨ ᠲᠥᠭᠦᠷᠢᠭ ᠬᠤᠪᠢ ᠣᠷᠣᠭᠤᠯᠵᠤ᠂ ᠳᠡᠭᠡᠳᠦ ᠱᠠᠲᠤᠨ ᠤ ᠪᠡᠯᠡ ᠮᠥᠩᠭᠦ ᠶᠢᠨ ᠲᠡᠳᠬᠦᠮᠵᠢ ᠶᠢ 150 ᠲᠦᠮᠡᠨ | ᠲᠥᠭᠦᠷᠢᠭ ᠣᠯᠵᠤ᠂ ᠨᠡᠶᠢᠲᠡ 275 ᠲᠦᠮᠡᠨ ᠲᠥᠭᠦᠷᠢᠭ ᠪᠤᠯᠵᠠᠢ᠃ 2.1 ᠲᠦᠮᠡᠨ ᠮᠦ ᠲᠠᠷᠢᠶᠠᠨ ᠭᠠᠵᠠᠷ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠮᠦ ᠪᠦᠷᠢ ᠶᠢᠨ ᠥᠪᠡᠷ ᠤᠨ | ᠦᠷᠲᠡᠭ ᠢ 75 ᠲᠥᠭᠦᠷᠢᠭ ᠠᠷᠪᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 61.9 | ᠲᠦᠮᠡᠨ ᠲᠥᠭᠦᠷᠢᠭ ᠨᠡᠮᠡᠭᠳᠡᠭᠦᠯᠦᠨ᠂ ᠮᠠᠰᠢᠨ ᠮᠧᠬᠠᠨᠢᠭ ᠲᠤ ᠨᠡᠶᠢᠲᠡ 51.9 ᠲᠦᠮᠡᠨ ᠲᠥᠭᠦᠷᠢᠭ ᠬᠤᠪᠢᠶᠠᠷᠢᠯᠠᠪᠠ᠃ | | ᠰᠠᠨ ᠾᠧ ᠢ ᠲᠠᠷᠢᠶᠠᠯᠠᠩ ᠤᠨ ᠮᠠᠰᠢᠨ ᠤ ᠬᠤᠷᠰᠢᠶ᠎ᠠ ᠰᠢ ᠾᠧ ᠰᠢᠶᠠᠩ ᠤᠨ ᠨᠠᠮ ᠤᠨ ᠬᠤᠷᠢᠶᠠᠨ ᠤ | ᠤᠳᠤᠷᠢᠳᠤᠯᠭ᠎ᠠ ᠳᠣᠣᠷ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠄ ᠨᠢᠭᠡ ᠳᠤ᠂ ᠨᠠᠮ ᠤᠨ ᠡᠭᠦᠷ ᠤᠨ | ᠬᠦᠴᠦᠨ ᠳᠤ ᠲᠦᠰᠢᠭᠯᠡᠨ᠂ ᠬᠤᠷᠰᠢᠶ᠎ᠠ ᠠᠴᠠ ᠲᠠᠷᠢᠶᠠᠴᠢᠳ ᠤᠨ ᠲᠠᠷᠢᠮᠠᠯ ᠤᠨ ᠥᠪᠡᠷ ᠤᠨ ᠦᠷᠳᠡᠭ ᠢ ᠪᠦᠲᠦᠮᠵᠢᠲᠡᠢ | ᠪᠠᠭᠠᠰᠬᠠᠵᠤ᠂ ᠮᠦ ᠪᠦᠷᠢ ᠳᠤ ᠳᠤᠮᠳᠠᠴᠢ ᠪᠠᠷ 75 ᠠᠴᠠ 100 ᠲᠥᠭᠦᠷᠢᠭ ᠠᠷᠪᠢᠯᠠᠪᠠ᠃ ᠬᠤᠶᠠᠷ ᠲᠤ᠂ ᠲᠤᠰ | ᠰᠢᠶᠠᠩ ᠤᠨ ᠢᠶᠠᠨ ᠬᠦᠨᠳᠦ ᠨᠣᠴᠢᠲᠠᠢ ᠬᠥᠮᠦᠨ ᠠᠮᠠ ᠶᠢᠨ ᠨᠠᠰᠤᠵᠢᠯᠲᠠ ᠶᠢᠨ ᠠᠰᠠᠭᠤᠳᠠᠯ ᠳᠤ ᠴᠢᠭᠯᠡᠭᠦᠯᠦᠨ᠂ | ᠬᠤᠷᠰᠢᠶ᠎ᠠ ᠨᠢ ᠤᠯᠠᠮᠵᠢᠯᠠᠯᠲᠤ ᠲᠠᠷᠢᠶᠠᠯᠠᠩ ᠤᠨ ᠬᠦᠴᠢᠷᠳᠡᠯ ᠢ ᠰᠢᠪᠲᠤᠯᠵᠤ᠂ ︽ᠭᠠᠵᠠᠷ ᠰᠢᠷᠣᠢ ᠶᠢ ᠬᠡᠨ ᠲᠠᠷᠢᠬᠤ᠂ | ᠬᠡᠷᠬᠢᠨ ᠲᠠᠷᠢᠬᠤ︾ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠥᠨᠳᠥᠷ ᠪᠦᠲᠦᠮᠵᠢᠲᠡᠢ ᠲᠠᠷᠢᠶᠠᠯᠠᠩ ᠤᠨ | ᠬᠥᠭᠵᠢᠯᠲᠡ ᠶᠢ ᠠᠬᠢᠭᠤᠯᠪᠠ᠃ ᠭᠤᠷᠪᠠ ᠳᠤ ᠬᠤᠷᠰᠢᠶ᠎ᠠ ᠠᠴᠠ ᠭᠠᠵᠠᠷ ᠰᠢᠷᠣᠶ ᠶᠢᠨ ᠬᠠᠶᠠᠭᠳᠠᠮᠠᠯ ᠪᠠ ᠰᠤᠯᠠ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠢᠯᠵᠢᠭᠦᠯᠬᠦ ᠶᠢ | ᠠᠬᠢᠭᠤᠯᠬᠤ ᠶᠢᠨ ᠬᠠᠮᠲᠤ ᠬᠡᠪᠴᠢᠶᠡᠵᠢᠭᠰᠡᠨ ᠡᠵᠡᠩᠨᠡᠯᠲᠡ ᠲᠡᠰᠢ ᠤᠷᠤᠭᠰᠢᠯᠠᠭᠤᠯᠪᠠ᠃ ᠳᠥᠷᠪᠡ ᠳᠤ᠂ ᠬᠡᠰᠡᠭ | ᠲᠠᠷᠢᠶᠠᠴᠢᠨ ᠡᠷᠦᠬᠡ ᠶᠢ ᠲᠠᠷᠢᠶᠠᠯᠠᠩ ᠤᠨ ᠠᠵᠢᠯ ᠬᠥᠳᠡᠯᠮᠦᠷᠢ ᠶᠢᠨ ᠳᠤᠮᠳᠠ ᠠᠴᠠ ᠴᠢᠯᠥᠭᠡᠯᠡᠬᠦ ᠶᠢ ᠪᠡᠶᠡᠯᠡᠭᠦᠯᠵᠦ᠂ | ᠲᠤᠬᠠᠶ ᠶᠢᠨ ᠭᠠᠵᠠᠷ ᠲᠤ ᠠᠵᠢᠯ ᠤᠯᠭᠤᠬᠤ᠂ ᠲᠠᠷᠢᠶᠠᠯᠠᠩ ᠤᠨ ᠮᠠᠰᠢᠨ ᠢ ᠲᠦᠷᠢᠶᠡᠰᠦᠯᠡᠭᠦᠯᠬᠦ᠂ ᠭᠠᠳᠠᠭᠰᠢ ᠭᠠᠷᠴᠤ | ᠬᠦᠴᠦ ᠶᠠᠪᠤᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠯᠭ᠎ᠠ ᠶᠢᠨ ᠨᠡᠮᠡᠭᠳᠡᠯ ᠢ | ᠪᠡᠶᠡᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠬᠤᠷᠰᠢᠶ᠎ᠠ ᠶᠢᠨ ᠬᠡᠪᠴᠢᠶ᠎ᠡ ᠪᠠᠨ ᠦᠷᠭᠦᠯᠵᠢᠯᠡᠨ | ᠥᠷᠭᠡᠳᠬᠡᠵᠦ᠂ ᠨᠢᠭᠡ ᠴᠣᠭᠴᠠᠵᠢᠭᠰᠠᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ᠡᠨᠡ ᠵᠢᠯ ᠤᠨ | ᠲᠤᠷᠰᠢᠯᠲᠠ ᠶᠢᠨ ᠴᠡᠭ ᠤᠨ ᠠᠮᠵᠢᠯᠲᠠ ᠣᠯᠤᠭᠰᠠᠨ ᠰᠠᠭᠤᠷᠢᠨ ᠳᠡᠭᠡᠷ᠎ᠡ᠂ ᠨᠠᠩ ᠣᠯᠠᠨ ᠳᠡᠭᠡᠳᠦ ᠱᠠᠲᠤᠨ ᠤ ᠪᠠᠯᠠ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ | ᠭᠤᠤᠯ ᠴᠣᠭᠴᠠ᠂ ᠲᠠᠷᠢᠮᠠᠯ ᠤᠨ ᠲᠣᠮᠣ ᠡᠷᠦᠬᠡ ᠶᠢᠨ ᠦᠷᠭᠦᠯᠵᠢᠯᠡᠨ ᠬᠤᠪᠢ ᠣᠷᠣᠬᠤ ᠶᠢ ᠵᠣᠷᠢᠭᠵᠢᠭᠤᠯᠵᠤ᠂ | ᠨᠣᠭᠤᠭᠠᠨ ᠳᠠᠷᠤᠰᠢ ᠶᠢᠨ ᠮᠠᠰᠢᠨ ᠪᠠ ᠰᠦᠯᠢᠶᠣᠣ ᠪᠦᠷᠬᠦᠪᠴᠢ ᠶᠢ ᠴᠡᠪᠡᠷᠯᠡᠬᠦ ᠮᠠᠰᠢᠨ ᠢ ᠪᠠᠭᠲᠠᠭᠠᠭᠰᠠᠨ ᠲᠡᠷᠢᠭᠦᠨ ᠤ | ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠪᠥᠬᠦ ᠶᠠᠪᠤᠴᠠ ᠶᠢᠨ ᠮᠠᠰᠢᠨᠴᠢᠯᠠᠯᠲᠠ ᠶᠢ ᠪᠡᠶᠡᠯᠡᠭᠦᠯᠦᠨ᠎ᠡ︔ ᠬᠤᠷᠰᠢᠶ᠎ᠠ ᠲᠤᠬᠠᠶ ᠶᠢᠨ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠯᠠᠪᠳᠠᠭᠤᠨ ᠪᠥᠭᠡᠳ ᠥᠨᠳᠥᠷ ᠪᠦᠲᠦᠮᠵᠢᠲᠡᠶ ᠪᠠᠷ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠬᠠᠩᠭᠠᠨ᠎ᠠ᠃ ᠲᠠᠷᠢᠶᠠᠨ ᠦᠷ᠎ᠡ ᠬᠠᠩᠭᠠᠬᠤ᠂ ᠪᠣᠷᠳᠣᠭᠤᠷ ᠣᠷᠣᠭᠤᠯᠬᠤ᠂ ᠲᠠᠷᠢᠶᠠᠨ ᠭᠠᠵᠠᠷ ᠤᠨ | ᠬᠠᠮᠢᠶᠠᠷᠤᠯᠲᠠ ᠵᠢᠴᠢ ᠠᠮᠤ ᠪᠤᠳᠠᠭ᠎ᠠ ᠬᠠᠭᠤᠷᠠᠶᠢᠯᠠᠬᠤ᠂ ᠬᠥᠮᠥᠷᠭᠡᠯᠡᠨ ᠬᠠᠳᠠᠭᠠᠯᠠᠬᠤ ᠪᠠ ᠪᠣᠷᠣᠯᠠᠭᠤᠯᠬᠤ ᠶᠢ | ᠪᠠᠭᠲᠠᠭᠠᠭᠰᠠᠨ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠪᠦᠬᠦ ᠲᠠᠯ᠎ᠠ ᠶᠢᠨ ᠵᠠᠭᠪᠤᠷ ᠢ ᠳᠡᠯᠭᠡᠷᠡᠭᠦᠯᠵᠦ᠂ | ᠬᠤᠷᠰᠢᠶ᠎ᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠨ᠂ ᠬᠠᠮᠲᠤ ᠶᠢᠨ ᠠᠵᠤ ᠠᠬᠤᠶ ᠶᠢᠨ ᠦᠷ᠎ᠡ | ᠠᠰᠢᠭ ᠪᠣᠯᠤᠨ ᠰᠠᠭᠤᠭᠠᠯᠢ ᠠᠷᠠᠳ ᠤᠨ ᠴᠡᠪᠡᠷ ᠣᠷᠣᠯᠭ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ |